ᠬᠤᠰᠢᠭᠤ ᠨᠢᠭᠡᠳᠦᠮᠡᠯ ᠹᠠᠷᠤᠨᠲ ᠤᠨ ︽ᠬᠦᠭ ᠨᠡᠶᠢᠯᠡᠭᠰᠡᠨ ᠬᠦᠭᠵᠢᠯ ᠤᠨ ᠬᠤᠷᠤᠢ ᠬᠦᠰᠡᠯ ᠳᠠᠯᠠᠯᠤᠭᠰᠠᠨ ᠨᠢᠭᠳᠠᠷᠠᠯ ᠤᠨ ᠤᠷᠠᠢ︾ ᠰᠢᠨ᠎ᠡ ᠤᠨ ᠤ ᠴᠡᠩᠭᠡᠬᠦᠨ ᠬᠦᠭᠵᠢᠶᠡᠨᠳᠡᠢ ᠶᠠᠪᠤᠭᠳᠠᠭᠰᠠᠨ
ᠨᠡᠶᠢᠲᠡᠯᠡᠭᠰᠡᠨ ᠴᠠᠭ᠄
2024/12/31
     ᠢᠷᠡᠵᠦ ᠪᠠᠶᠢᠭ᠎ᠠ ᠰᠢᠨ᠎ᠡ ᠤᠨ ᠤ ᠪᠤᠱᠤᠭᠠᠨ ᠳᠡᠭᠡᠷ᠎ᠡ ᠮᠠᠨ ᠤ ᠬᠤᠰᠢᠭᠤᠨ ᠤ ᠨᠢᠭᠡᠳᠦᠮᠡᠯ ᠹᠷᠣᠨᠲ ᠤᠨ ᠡᠯ᠎ᠡ ᠡᠲᠡᠭᠡᠳ ᠤᠨ ᠬᠢᠨ ︽ᠬᠦᠭ ᠨᠡᠶᠢᠯᠡᠭᠰᠡᠨ ᠬᠦᠭᠵᠢᠯ ᠤᠨ ᠬᠤᠷᠤᠢ ᠬᠦᠰᠡᠯ ᠳᠠᠯᠠᠯᠤᠭᠰᠠᠨ ᠨᠢᠭᠳᠠᠷᠠᠯ ᠤᠨ ᠤᠷᠠᠢ︾ ᠰᠢᠨ᠎ᠡ ᠤᠨ ᠤ ᠴᠡᠩᠭᠡᠬᠦᠨ ᠢᠶᠠᠨ ᠬᠠᠮᠳᠤᠪᠡᠷ ᠳᠡᠮᠳᠡᠭᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠳᠤᠳᠬᠠᠵᠤ ᠰᠢᠨ᠎ᠡ ᠠᠮᠵᠢᠯᠳᠠ ᠪᠠᠨ ᠬᠤᠷᠤᠶᠢᠯᠠᠯ᠎ᠠ᠃      ᠬᠤᠰᠢᠭᠤ ᠤᠳᠤᠷᠢᠳᠤᠯᠭ᠎ᠠ ᠴᠧᠨ ᠢᠦᠶ ᠴᠧᠩ᠂ ᠰᠠᠶᠢᠨᠴᠣᠭᠲᠤ᠂ ᠳᠠᠯᠠᠨᠪᠠᠶᠠᠷ᠂ ᠯᠢ ᠭᠦᠸᠧ ᠴᠢᠩ᠂ ᠪᠦᠷᠢᠨᠳᠡᠯᠭᠡᠷ᠂ ᠸᠧᠶ ᠱᠤ᠋ ᠹᠧᠶ ᠠᠵᠢᠯᠯᠠᠭ᠎ᠠ ᠳᠤ ᠣᠷᠣᠯᠴᠠᠵᠠᠶ᠃      ᠰᠠᠶᠢᠨᠴᠣᠭᠲᠤ ᠥᠷᠭᠡᠨ ᠣᠯᠠᠨ ᠨᠢᠭᠡᠳᠦᠮᠡᠯ ᠹᠷᠣᠨᠲ ᠤᠨ ᠭᠡᠰᠢᠭᠦᠨ ᠪᠣᠯᠤᠨ ᠨᠢᠭᠡᠳᠦᠮᠡᠯ ᠹᠷᠣᠨᠲ ᠤᠨ ᠺᠠᠳ᠋ᠷᠴᠤᠳ ᠲᠤ ᠰᠢᠨ᠎ᠡ ᠤᠨ ᠤ ᠮᠡᠨᠳᠦ ᠤᠷᠢᠳᠴᠢᠯᠠᠨ ᠬᠦᠷᠭᠡᠵᠦ᠂ ᠰᠠᠶᠢᠨ ᠰᠠᠶᠢᠬᠠᠨ ᠵᠦᠩᠨᠡᠯ ᠳᠡᠪᠰᠢᠬᠦᠯᠵᠠᠢ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠬᠢᠨ ᠶᠡᠷᠦᠩᠬᠡᠶ ᠱᠦᠵᠢ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠤᠤᠱᠯᠠᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠦᠴᠦᠲᠡᠶ ᠳᠡᠮᠵᠢᠯᠭᠡ ᠳᠤᠤᠷ᠎ᠠ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠣᠨ ᠤ ᠭᠤᠤᠯ ᠠᠵᠢᠯ ᠢ ᠲᠡᠭᠦᠰ ᠠᠮᠵᠢᠯᠲᠠ ᠲᠠᠢ ᠪᠡᠶᠡᠯᠡᠬᠦᠯᠦᠭᠰᠡᠨ ᠶᠤᠮ᠃2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠤᠱᠯᠠᠭᠤᠯᠬᠤ ᠵᠠᠩᠭᠢᠯᠠᠭ᠎ᠠ ᠶᠢᠨ ᠵᠢᠯ᠂《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠃ ᠨᠢᠭᠡᠳᠦᠮᠡᠯ ᠹᠷᠣᠨᠲ ᠲᠤ ᠠᠪᠴᠤ ᠬᠡᠯᠡᠪᠡᠯ᠂ ᠮᠥᠨ ᠴᠦ ᠴᠣ ᠰᠢᠨ᠎ᠡ ᠨᠢᠭᠡ ᠵᠢᠯ᠂ ᠬᠦᠰᠡᠯ ᠡᠷᠡᠮᠡᠯᠵᠡᠯ ᠢᠶᠠᠷ ᠪᠢᠯᠬᠠᠮ᠎ᠠ᠂ ᠰᠢᠨ᠎ᠡ ᠶᠢ ᠡᠭᠦᠳᠬᠦ‍ ᠨᠢᠭᠡ ᠵᠢᠯ ᠮᠥᠨ᠂ ᠮᠥᠨ ᠴᠦ ᠪᠦᠬᠦ ᠬᠤᠰᠢᠭᠤᠨ ᠤ ᠥᠷᠭᠡᠨ ᠤᠯᠠᠨ ᠨᠢᠭᠡᠳᠦᠮᠡᠯ ᠹᠷᠣᠨᠲ ᠤᠨ ᠭᠡᠰᠢᠭᠦᠳ ᠤᠨ ᠪᠦᠯᠬᠦᠮᠳᠡᠨ ᠲᠡᠮᠡᠴᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠮᠵᠢᠯᠳᠠ ᠪᠦᠲᠦᠮᠵᠢ ᠤᠯᠬᠤ ᠨᠢᠭᠡ ᠵᠢᠯ ᠪᠣᠯᠬᠤ ᠶᠤᠮ ᠭᠡᠵᠡᠢ᠃      ᠠᠵᠢᠯᠯᠠᠭ᠎ᠠ ᠨᠢ ᠪᠦᠬᠦ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠲᠥᠯᠥᠭᠡᠯᠡᠭᠴᠢ ᠬᠥᠮᠦᠰ᠂ ᠬᠤᠪᠢ ᠶᠢᠨ ᠠᠵᠤ ᠠᠬᠤᠢ ᠶᠢᠨ ᠲᠥᠯᠥᠭᠡᠯᠡᠭᠴᠢ ᠬᠥᠮᠦᠰ᠂ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢ ᠬᠥᠮᠦᠰ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ᠂ ᠱᠠᠰᠢᠨ ᠰᠤᠷᠲᠠᠬᠤᠨ ᠤ ᠡᠲᠡᠭᠡᠳ ᠤᠨ ᠬᠢᠨ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠪᠠᠶᠢᠭᠤᠯᠭ᠎ᠠ ᠵᠡᠷᠭᠡ ᠨᠢᠭᠡᠳᠦᠮᠡᠯ ᠹᠷᠣᠨᠲ ᠤᠨ ᠡᠯ᠎ᠡ ᠡᠳᠡᠭᠡᠳ ᠤᠨ ᠬᠢᠨ ᠤ ᠡᠷᠬᠦᠨ ᠪᠠᠷᠢᠭᠰᠠᠨ ᠭᠤᠶᠢᠳᠠ ᠰᠠᠶᠢᠬᠠᠨ ᠳᠤᠭᠯᠠᠯᠳᠠ ᠪᠠᠷ ᠬᠦᠭᠵᠢᠶᠡᠨᠳᠡᠢ ᠶᠠᠪᠤᠭᠳᠠᠵᠤ᠂ ᠮᠠᠨ  ᠤ ᠬᠤᠰᠢᠭᠤᠨ ᠤ ᠨᠢᠭᠡᠳᠦᠮᠡᠯ ᠹᠷᠣᠨᠲ ᠤᠨ ᠡᠯ᠎ᠡ ᠡᠳᠡᠭᠡᠳ ᠤᠨ ᠬᠢᠨ ᠤ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠤᠷᠤᠭᠰᠢᠯᠠᠬᠤ ᠤᠶᠤᠨ ᠰᠠᠨᠠᠭᠠᠨ ᠤ ᠦᠭᠡᠳᠡᠷᠡᠭ ᠪᠠᠳᠠᠷᠠᠩᠭᠤᠢ ᠳᠦᠷᠰᠦ ᠪᠠᠶᠢᠳᠠᠯ ᠢ ᠢᠯᠡᠷᠡᠭᠦᠯᠵᠦ᠂ ᠳᠡᠳᠡᠨ ᠤ ᠰᠣᠯᠢᠯᠴᠠᠭ᠎ᠠ ᠶᠠᠪᠤᠯᠴᠠᠭ᠎ᠠ ᠶᠢ ᠦᠷᠭᠡᠳᠭᠡᠨ᠂ ᠨᠦᠬᠦᠷᠯᠡᠯ ᠢ ᠵᠤᠵᠠᠭᠠᠳᠬᠠᠵᠤ᠂ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠬᠤ ᠢᠲᠡᠭᠡᠯ ᠵᠣᠷᠢᠭ ᠢ ᠨᠢ ᠪᠠᠲᠤᠳᠬᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号