ᠬᠠᠤᠯᠢ ᠲᠦᠬᠡᠮᠡᠯᠵᠢᠬᠦᠯᠬᠦ ᠦᠢᠯᠡᠴᠢᠯᠡᠭᠡ ᠶᠢ ᠬᠦᠳᠡᠭᠡ ᠬᠦᠷᠭᠡᠵᠦ    ᠮᠠᠯᠴᠢᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠ᠊
ᠨᠡᠶᠢᠲᠡᠯᠡᠭᠰᠡᠨ ᠴᠠᠭ᠄
2024/12/5
     12 ᠰᠠᠷ᠎ᠠ ᠶᠢᠨ 3  ᠤ ᠡᠳᠦᠷ᠂ ᠡᠷᠢᠶᠡᠨᠨᠠᠭᠤᠷ ᠰᠤᠮᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠳ ᠦᠷᠦᠰᠢᠶᠡᠯᠳᠦ ᠭᠠᠴᠠᠭᠠᠨ ᠳᠤ ᠬᠦᠷᠴᠦ᠂ ᠮᠠᠯᠴᠢᠳ ᠤᠨ ᠠᠮᠢᠳᠤᠷᠠᠯ ᠳᠤ ᠬᠤᠯᠪᠤᠭᠳᠠᠬᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠬᠦᠯᠵᠦ᠂ ᠮᠠᠯᠴᠢᠨ ᠲᠦᠮᠡᠨ ᠤ ᠡᠷᠭᠡ ᠠᠰᠢᠭ ᠢ ᠬᠠᠮᠠᠭᠠᠯᠠᠯ᠎ᠠ᠃      ᠮᠠᠯᠴᠢᠨ ᠲᠡᠷᠭᠡᠯ ᠤᠨ ᠮᠣᠩᠭᠤᠯ ᠬᠡᠷ ᠲᠤ ᠠᠵᠢᠯᠲᠠᠳ᠂ ᠮᠠᠯᠵᠢᠬᠤ ᠣᠷᠣᠨ ᠤ ᠣᠨᠴᠠᠯᠢᠭ ᠢ ᠦᠨᠳᠦᠰᠦᠯᠡᠨ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ᠂ ᠬᠥᠷᠰᠢ ᠵᠡᠷᠭᠡᠯᠡᠳᠡᠭᠡ ᠬᠤᠭᠤᠷᠤᠨᠳᠤ ᠶᠢᠨ ᠵᠢᠭᠤᠷᠠᠯᠳᠤᠭᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠵᠡᠷᠭᠡ ᠮᠠᠯᠴᠢᠳ ᠤᠨ ᠠᠰᠢᠭ ᠲᠤᠰᠠ ᠳᠤ ᠬᠤᠯᠪᠣᠭᠳᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠬᠢᠨᠠᠮᠠᠭᠠᠶ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠮᠠᠯᠴᠢᠳ ᠤᠨ ᠪᠣᠳᠠᠲᠤ ᠬᠡᠷᠡᠭᠴᠡᠭᠡ ᠳᠤ ᠴᠢᠭᠯᠡᠭᠦᠯᠦᠨ ᠨᠢᠭᠡᠳ ᠨᠢᠭᠡ ᠪᠠᠷ ᠬᠠᠤᠯᠢ ᠴᠠᠭᠠᠵᠠ ᠶᠢᠨ ᠵᠢᠯᠣᠭᠤᠳᠣᠯᠭ᠎ᠠ ᠬᠢᠵᠦ᠂ ᠮᠠᠯᠴᠢᠳ ᠲᠤ ᠬᠡᠷ ᠠᠴᠠ ᠪᠠᠨ ᠭᠠᠷᠬᠤ ᠥᠬᠡᠶ ᠪᠠᠷ ᠬᠠᠤᠯᠢ ᠴᠠᠭᠠᠵᠠ ᠶᠢᠨ ᠦᠢᠯᠡᠴᠢᠯᠡᠭᠡ ᠡᠳ᠋ᠯᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠬᠦᠳᠡᠭᠡ ᠨᠤᠳᠤᠭ ᠲᠤ ᠭᠦᠨᠵᠡᠭᠡᠶᠢᠷᠡᠭᠦᠯᠦᠨ᠂ ᠮᠠᠯᠴᠢᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠮᠣᠩᠭᠤᠯ ᠬᠡᠷ ᠲᠤ ᠣᠷᠣᠭᠤᠯᠵᠤ᠂ ᠮᠠᠯᠴᠢᠳ ᠤᠨ ᠰᠡᠳᠬᠢᠯ ᠳᠤ ᠬᠠᠳᠠᠩᠰᠢᠭᠤᠯᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号