︽ᠪᠢᠴᠢᠬᠠᠨ ᠤᠯᠠᠭᠠᠨ ᠪᠣᠭᠴᠣ ᠰᠤᠷᠤᠯᠭ᠎ᠠ ᠶᠢᠨ ᠳᠠᠩᠭᠢᠮ︾ ᠠᠮᠠᠷᠠᠯᠳᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠳᠡᠬᠦᠰᠬᠦ ᠶᠤᠰᠤᠯᠠᠯ ᠵᠢᠴᠢ ᠴᠠᠭᠠᠨ ᠰᠠᠷ᠎ᠠ ᠶᠢ ᠤᠭᠳᠤᠬᠤ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/2/1
     ᠴᠠᠭᠠᠨ ᠰᠠᠷ᠎ᠠ ᠣᠶᠢᠷᠠᠳᠬᠤ  ᠳᠠᠰᠢᠷᠠᠮ ᠳᠤ᠂ ᠰᠠᠶᠢᠬᠠᠨᠲᠠᠯ᠎ᠠ ᠪᠠᠯᠭᠠᠰᠤᠨ ᠤ ᠷᠠᠰᠢᠶᠠᠨ ᠨᠡᠶᠢᠭᠡᠮ ᠲᠣᠭᠤᠷᠢᠭ ᠤᠨ ᠬᠢᠨ ᠬᠤᠰᠢᠭᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂  ᠬᠠᠤᠯᠢ ᠴᠠᠭᠠᠵᠠ ᠶᠢᠨ ᠲᠣᠪᠴᠢᠶ᠎ᠠ᠂  ᠵᠠᠯᠠᠭᠤᠴᠤᠳ ᠤᠨ ᠰᠠᠶᠢᠨ ᠳᠤᠷ᠎ᠠ ᠶᠢᠨ ᠨᠡᠶᠢᠭᠡᠮᠯᠢᠭ᠂  ︽ᠢᠷᠡᠭᠡᠳᠦᠢ ᠶᠢᠨ ᠲᠠᠭᠤᠨ  ︾ ᠬᠡᠯᠡ ᠶᠠᠷᠢᠶᠠᠨ ᠤ ᠰᠤᠷᠭᠠᠯᠳᠠ ᠶᠢᠨ ᠠᠩᠭᠢ ᠲᠠᠢ ᠬᠠᠮᠲᠤᠷᠠᠨ  ︽ᠪᠢᠴᠢᠬᠠᠨ ᠤᠯᠠᠭᠠᠨ ᠪᠣᠭᠴᠣ ᠰᠤᠷᠤᠯᠭ᠎ᠠ ᠶᠢᠨ ᠳᠠᠩᠭᠢᠮ︾  ᠠᠮᠠᠷᠠᠯᠳᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠰᠤᠷᠤᠯᠭ᠎ᠠ ᠲᠡᠭᠦᠰᠬᠦ ᠶᠤᠰᠤᠯᠠᠯ ᠵᠢᠴᠢ ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠦᠷᠨᠢᠬᠦᠯᠵᠡᠢ᠃      ᠳᠠᠭᠤᠤ ᠬᠦᠭᠵᠢᠮ᠂ ᠰᠢᠯᠦᠭ ᠨᠠᠶᠢᠷᠠᠭᠯᠠᠯ ᠵᠡᠷᠭᠡ ᠳᠤᠭᠯᠠᠯᠳᠠ ᠨᠢ ᠵᠠᠯᠠᠭᠤᠴᠤᠳ ᠪᠠᠭᠠᠴᠤᠳ ᠤᠨ ᠤᠷ᠎ᠠ ᠠᠪᠢᠶᠠᠰ᠂ ᠦᠭᠡᠳᠡᠯᠡᠨ ᠳᠠᠪᠰᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢ ᠬᠠᠷᠠᠭᠤᠯᠤᠨ᠂ ᠠᠵᠢᠯᠯᠠᠭ᠎ᠠ ᠳᠤ ᠪᠠᠰᠠ ᠂ ᠬᠤᠶᠠᠳᠤᠭᠠᠷ ᠬᠤᠭᠤᠴᠠᠭᠠᠨ ᠤ ᠡᠪᠦᠯ ᠤᠨ ᠠᠮᠠᠷᠠᠯᠲᠠ ᠶᠢᠨ  ᠨᠠᠶᠢᠳᠠᠨ ᠬᠠᠮᠢᠶᠠᠷᠤᠭᠤᠯᠬᠤ ᠠᠩᠭᠢ ᠳᠤ ᠣᠷᠣᠯᠴᠠᠭᠰᠠᠨ ᠪᠥᠬᠦ ᠭᠡᠦᠭᠡᠳ ᠵᠢᠴᠢ ᠣᠶᠤᠲᠠᠨ ᠰᠠᠶᠢᠨ ᠳᠤᠷᠠᠴᠤᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠤᠯᠭᠤᠵᠤ᠂  ᠬᠤᠰᠢᠭᠤ ᠬᠠᠤᠯᠢ ᠴᠠᠭᠠᠵᠠ ᠶᠢᠨ ᠳᠤᠪᠴᠢᠶᠠᠨ ᠤ ᠠᠵᠢᠯᠲᠠᠳ ᠪᠠᠰᠠ ᠬᠡᠦᠬᠡᠳ ᠤᠳ ᠲᠤ ︽ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ ᠡᠷᠬᠢᠮᠯᠡᠨ᠂ ᠦᠨᠳᠦᠰᠦᠨ ᠬᠠᠤᠯᠢ ᠶᠢᠨ ᠪᠢᠴᠢᠬᠠᠨ ᠬᠠᠮᠠᠭᠠᠯᠠᠭᠴᠢ ᠪᠣᠯᠬᠤ ᠪᠠᠷ  ᠴᠢᠷᠮᠠᠶᠢᠶ᠎ᠠ︾  ᠬᠡᠬᠦ ᠬᠠᠤᠯᠢ  ᠲᠦᠭᠡᠮᠡᠯᠵᠢᠬᠦᠯᠬᠦ ᠬᠢᠴᠢᠶᠡᠯ ᠤᠷᠤᠵᠠᠢ᠃      ᠲᠣᠰ ᠤᠳᠠᠭᠠᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠨᠢ  ᠬᠤᠪᠢᠰᠬᠠᠯᠴᠢ ᠦᠵᠡᠯ ᠢᠶᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠯᠠᠮᠵᠢᠯᠠᠯᠲᠤ ᠰᠣᠶᠣᠯ᠂ ᠤᠷᠠᠨ ᠵᠢᠷᠤᠭ᠂ ᠭᠠᠷ ᠤᠷᠠᠯᠠᠯ᠂ ᠠᠮᠤᠷ ᠲᠦᠪᠰᠢᠨ ᠤ ᠬᠥᠮᠦᠵᠢᠯ ᠵᠡᠷᠭᠡ ᠣᠯᠠᠨ ᠬᠦᠷᠢᠶ᠎ᠡ ᠶᠢ ᠬᠠᠮᠤᠷᠴᠤ᠂ ᠬᠡᠦᠬᠡᠳ ᠤᠳ ᠬᠢᠴᠢᠶᠡᠯ ᠤᠨ ᠲᠠᠩᠬᠢᠮ ᠳᠤ ᠡᠯ᠎ᠡ ᠵᠦᠢᠯ ᠤᠨ ᠮᠡᠳᠡᠯᠭᠡ ᠰᠣᠷᠣᠭᠰᠠᠨ ᠢᠶᠠᠷ ᠪᠠᠷᠠᠬᠤ ᠦᠭᠡᠢ ᠪᠠᠰᠠ ᠭᠠᠷ ᠬᠥᠳᠡᠯᠬᠦ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠨᠠᠶᠢᠵᠠ ᠲᠠᠢ ᠲᠠᠨᠢᠯᠴᠠᠵᠤ᠂ ᠠᠮᠠᠷᠠᠯᠳᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠦᠩᠭᠡᠷᠡᠭᠦᠯᠦᠭᠰᠡᠨ ᠪᠠᠶᠢᠨ᠎ᠠ᠃ ᠬᠤᠶᠢᠰᠢᠳᠠ᠂ ᠷᠠᠰᠢᠶᠠᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠡᠬᠢ ᠪᠠᠶᠠᠯᠢᠭ ᠢᠶᠠᠨ ᠦᠷᠭᠦᠯᠵᠢᠯᠡᠨ ᠨᠢᠭᠡᠳᠬᠡᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂   ᠠᠭᠤᠯᠭ᠎ᠠ ᠬᠡᠯᠪᠡᠷᠢ  ᠤᠯᠠᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠥᠷᠨᠢᠭᠦᠯᠵᠦ᠂  ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠪᠠ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠤᠯᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号