ᠰᠥᠨᠢᠳ ᠪᠠᠷᠠᠭᠤᠨ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ
ᠨᠡᠶᠢᠲᠡᠯᠡᠭᠰᠡᠨ ᠴᠠᠭ᠄
2024/2/1
   2023 ᠣᠨ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠪᠠ᠃ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠳᠣᠤᠷᠠᠬᠢ ᠮᠡᠲᠦ ᠮᠡᠳᠡᠭᠦᠯᠦᠶ᠎ᠡ᠄    ᠨᠢᠭᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ    ︵ᠨᠢᠭᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ  ᠲᠡᠭᠦᠯᠳᠡᠷᠵᠢᠭᠦᠯᠪᠡ    1. ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ  ᠠᠬᠢᠭᠤᠯᠪᠠ᠃ ᠨᠢᠭᠡ ᠳᠤ᠂ ︽ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠡᠬᠡ ᠲᠠᠩᠰᠠ︾᠎ ᠶᠢ ᠲᠣᠭᠲᠠᠭᠠᠵᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠡᠶᠢᠲᠡ 38 ᠵᠦᠶ᠋ᠯ ᠡᠮᠬᠢᠯᠡᠵᠦ᠂ ᠵᠢᠯ ᠤᠨ ᠳᠣᠲᠣᠷ᠎ᠠ ᠪᠦᠬᠦᠨ ᠢ ᠪᠡᠶᠡᠯᠡᠭᠦᠯᠪᠡ᠃ ᠬᠤᠶᠠᠷ ᠲᠤ᠂ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 34 ᠰᠠᠯᠠᠭ᠎ᠠ ᠮᠥᠴᠢᠷ ᠳᠣᠲᠣᠭᠠᠳᠤ ᠭᠠᠳᠠᠭᠠᠳᠤ ᠶᠢᠨ ᠵᠦᠶ᠋ᠯᠡᠰ ᠢ ᠡᠮᠬᠢᠯᠡᠨ ᠪᠡᠶᠡᠯᠡᠭᠦᠯᠦᠭᠰᠡᠨ ᠪᠥᠭᠡᠳ ᠭᠠᠳᠠᠭᠰᠢ ︽ᠬᠤᠶᠠᠷ ᠰᠢᠯᠢᠳᠡᠭ︾᠎ ᠤᠨ ᠨᠠᠷᠢᠨ ᠬᠠᠭᠤᠳᠠᠰᠤ ᠵᠢᠴᠢ ᠦᠷ᠎ᠡ ᠪᠦᠲᠦᠭᠡᠯ ᠤᠨ ᠬᠦᠰᠦᠨᠦᠭᠲᠦ ᠶᠢ ᠵᠠᠷᠯᠠᠨ ᠨᠡᠶᠢᠲᠡᠯᠡᠪᠡ᠃    2. ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠢᠭᠡ ᠳᠤ ᠵᠥᠷᠢᠯᠳᠦᠭᠡᠨ ᠲᠠᠢ ᠳᠠᠩᠰᠠᠨ ᠤ ᠵᠣᠭᠤᠰ ᠢ ᠠᠷᠢᠯᠭᠠᠬᠤ ᠲᠥᠰᠦᠯ ᠢ ᠲᠣᠭᠲᠠᠭᠠᠵᠤ᠂ ᠡᠨᠡ ᠵᠢᠯ ᠮᠠᠨ ᠤ ᠬᠤᠰᠢᠭᠤᠨ ᠤ ᠦᠯᠡᠳᠡᠭᠰᠡᠨ 1900.15 ᠲᠦᠮᠡᠨ ᠲᠥᠭᠦᠷᠢᠭ ᠤᠨ ᠵᠥᠷᠢᠯᠳᠦᠭᠡᠨ ᠲᠠᠢ ᠳᠠᠩᠰᠠᠨ ᠤ ᠵᠣᠭᠤᠰ ᠢ ᠨᠢᠭᠡᠨᠲᠡ ᠪᠦᠬᠦᠨ ᠢ ᠲᠥᠯᠥᠵᠦ ᠳᠠᠭᠤᠰᠬᠠᠪᠠ᠃ ᠬᠤᠶᠠᠷ ᠲᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠰᠠᠭᠠᠳ ᠦᠭᠡᠢ ᠨᠡᠪᠲᠡᠷᠡᠬᠦ ᠵᠠᠮ︾᠎ ᠢ ᠨᠡᠭᠡᠭᠡᠵᠦ᠂ ︽ᠪᠠᠶᠢᠴᠠᠭᠠᠬᠤ ᠠᠵᠤ ᠠᠬᠤᠶᠢᠯᠠᠯ ᠤᠨ ᠬᠠᠷᠢᠯᠴᠠᠬᠤ ᠺᠠᠷᠲ︾᠎ ᠢ ᠲᠠᠷᠬᠠᠭᠠᠵᠤ᠂ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ  ᠬᠠᠩᠭᠠᠪᠠ᠃ ᠭᠤᠷᠪᠠ ᠳᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠭᠤᠷᠪᠠᠳᠠᠬᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠠᠮᠠᠯᠠᠯᠲᠠ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠦᠨᠡᠯᠡᠨ ᠵᠢᠱᠢᠯᠲᠡ  ᠬᠢᠪᠡ᠃ ᠲᠦᠷᠪᠡ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ 633 ᠬᠡᠷᠡᠭ ᠢ ᠰᠢᠭᠦᠨ ᠰᠢᠢᠳᠪᠦᠷᠢᠯᠡᠵᠦ ᠳᠠᠭᠤᠰᠬᠠᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠪᠠ᠃    ︵ᠬᠤᠶᠠᠷ︶ ᠬᠠᠤᠯᠢ ᠶᠣᠰᠤᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠪᠡ    1. ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠪᠠ᠃ ᠬᠤᠰᠢᠭᠤᠨ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠬᠦᠨ ᠰᠠᠯᠠᠭ᠎ᠠ ᠮᠥᠴᠢᠷ ᠤᠨ 19 ᠬᠤᠪᠢ ᠵᠢᠭᠠᠪᠤᠷᠢ ᠠᠪᠬᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠳᠤ ᠬᠠᠤᠯᠢ ᠶᠣᠰᠣᠨ ᠤ ᠴᠢᠨᠠᠷᠲᠠᠶ ᠲᠣᠳᠣᠷᠬᠠᠶᠢᠯᠠᠯᠲᠠ ᠪᠠ ᠬᠢᠨᠠᠨ ᠪᠠᠶᠢᠴᠠᠭᠠᠯᠲᠠ ᠬᠢᠵᠦ᠂ 17 ᠭᠠᠷᠤᠶ ᠵᠤᠷᠪᠤᠰ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠪᠠ᠃    2. ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ  ᠨᠠᠶᠢᠳᠠᠪᠦᠷᠢᠵᠢᠭᠤᠯᠪᠠ᠃ ᠪᠥᠬᠦ ᠬᠤᠰᠢᠭᠤᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠢ 5 ᠬᠤᠪᠢ ᠨᠡᠶᠢᠲᠡᠯᠡᠵᠦ᠂ ᠡᠨᠡ ᠵᠢᠯ ᠠᠴᠠ ᠨᠠᠰᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠢᠨᠠᠨ ᠪᠠᠶᠢᠴᠠᠭᠠᠯᠲᠠ ᠶᠢ 4 ᠬᠤᠪᠢ ᠥᠷᠨᠢᠭᠦᠯᠪᠡ᠃    3. ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠴᠢᠩᠭ᠎ᠠ  ᠨᠠᠶᠢᠳᠠᠪᠤᠷᠢᠵᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠲᠣᠰ ᠲᠣᠰ ᠥᠪᠥᠷ ᠮᠣᠩᠭᠤᠯ ᠤᠨ ᠬᠦᠰᠡᠯᠡᠩ᠂ ᠵᠢᠩᠬᠢᠨᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠲᠥᠯᠥᠪᠦᠷᠢᠲᠦ ᠦᠶ᠋ᠯᠡᠴᠢᠯᠡᠭᠡ ᠲᠣᠭᠲᠠᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠢ ᠬᠠᠮᠤᠷᠪᠠ᠃ ᠠᠯᠪᠠᠨ ᠬᠠᠤᠯᠢᠴᠢ ᠶᠢ ᠳᠠᠩᠰᠠᠯᠠᠬᠤ ᠠᠵᠢᠯ ᠢ ᠠᠬᠢᠭᠤᠯᠵᠤ᠂ ᠣᠳᠣᠬᠠᠨ ᠳᠤ ᠨᠡᠶᠢᠲᠡ 10 ᠠᠯᠪᠠᠨ ᠲᠤᠰᠢᠶᠠᠯᠲᠤ ᠬᠠᠤᠯᠢᠴᠢ ᠶᠢ ᠳᠠᠩᠰᠠᠯᠠᠭᠤᠯᠪᠠ᠃    ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮ ᠢ  ᠲᠡᠭᠦᠯᠳᠡᠷᠵᠢᠭᠦᠯᠪᠡ    1. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ  ᠴᠢᠩᠭᠠᠳᠬᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠰᠢᠯᠭᠠᠯᠲᠠ ᠶᠢ 2 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ 4 ᠤᠳᠠᠭ᠎ᠠ ᠪᠣᠯᠪᠠᠰᠤᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠ ᠬᠦᠨᠳᠦ ᠶᠡᠭᠡ ᠬᠡᠷᠡᠭ ᠤᠨ ᠳᠠᠭᠠᠵᠤ ᠪᠣᠯᠪᠠᠰᠤᠷᠠᠭᠤᠯᠬᠤ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠰᠤᠳᠤᠯᠤᠨ ᠶᠠᠷᠢᠯᠴᠠᠬᠤ ᠬᠤᠷᠠᠯ ᠢ 1 ᠤᠳᠠᠭ᠎ᠠ ᠥᠷᠨᠢᠭᠦᠯᠵᠦ᠂ ᠨᠡᠶᠢᠲᠡ 620 ᠭᠠᠷᠤᠶ ᠬᠥᠮᠦᠨ ᠤᠳᠠᠭ᠎ᠠ ᠣᠷᠣᠯᠴᠠᠭᠰᠠᠨ ᠪᠠᠶᠢᠨ᠎ᠠ᠃    2. ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠴᠢᠩᠭ᠎ᠠ  ᠵᠢᠷᠤᠮᠵᠢᠭᠤᠯᠪᠠ᠃ ᠪᠥᠬᠦ ᠬᠤᠰᠢᠭᠤᠨ ᠤ 2022 ᠣᠨ ᠤ ᠰᠢᠯᠵᠢᠭᠦᠯᠵᠦ ᠳᠠᠭᠤᠰᠬᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠰᠠᠨ ᠰᠠᠨᠠᠯ 13 ᠬᠤᠪᠢ ᠭᠠᠷᠭᠠᠪᠠ᠃ ᠡᠨᠡ ᠵᠢᠯ ᠠᠴᠠ ᠨᠠᠭᠠᠰᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠢ ᠨᠡᠶᠢᠲᠡ 5 ᠬᠤᠪᠢ ᠮᠡᠳᠡᠭᠦᠯᠦᠨ ᠳᠠᠩᠰᠠᠯᠠᠭᠤᠯᠪᠠ᠃    3. ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠴᠢᠩᠭᠠᠳᠬᠠᠪᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠨᠠᠷ ᠰᠠᠶᠢᠲᠠᠶ ᠠᠬᠢᠭᠤᠯᠵᠤ᠂ ᠡᠨᠡ ᠵᠢᠯ ᠠᠴᠠ ᠨᠠᠰᠢ 191 ᠵᠦᠢᠯ ᠤᠨ ᠪᠠᠶᠢᠴᠠᠭᠠᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠡᠶᠢᠲᠡᠯᠡᠵᠦ᠂ 201 ᠤᠳᠠᠭ᠎ᠠ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃        ︵ᠲᠦᠷᠪᠡ︶ ᠭᠡᠨᠡᠳᠲᠡ ᠡᠭᠦᠰᠬᠦ ᠬᠡᠷᠡᠭ ᠢ ᠠᠷᠭᠠᠴᠠᠬᠤ ᠰᠢᠰᠲ᠋ᠧᠮ ᠢ ᠲᠡᠭᠦᠯᠳᠡᠷᠵᠢᠭᠦᠯᠪᠡ᠃    1. ᠭᠡᠨᠡᠳᠲᠡ ᠶᠢᠨ ᠬᠡᠷᠡᠭ ᠢ ᠠᠷᠭᠠᠴᠠᠬᠤ ᠳᠦᠷᠢᠮ ᠢ ᠲᠡᠭᠦᠯᠳᠡᠷᠵᠢᠭᠦᠯᠪᠡ  ᠃ ︽ᠰᠥᠨᠢᠳ ᠪᠠᠷᠠᠭᠤᠨ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠶ᠋ᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠰᠥᠨᠢᠳ ᠪᠠᠷᠠᠭᠤᠨ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ ᠦᠶ᠋ᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠣᠯᠠᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠪᠥᠭᠡᠳ ᠴᠠᠭ ᠠᠭᠤᠷ ᠤᠨ ᠲᠣᠪᠴᠢᠶ᠎ᠠ ᠲᠠᠢ ᠤᠷᠢᠳᠴᠢᠯᠠᠨ ᠰᠡᠷᠡᠮᠵᠢᠯᠡᠭᠦᠯᠬᠦ ᠦᠶ᠋ᠯᠡᠴᠢᠯᠡᠭᠡᠨ ᠤ ᠬᠡᠯᠡᠯᠴᠡᠭᠡᠷ ᠲᠣᠭᠲᠠᠪᠠ᠃    2. ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠶ᠋ᠳᠪᠦᠷᠢᠯᠡᠬᠦ ᠴᠢᠳᠠᠪᠤᠷᠢ ᠶᠢ  ᠳᠡᠭᠡᠭᠰᠢᠯᠡᠭᠦᠯᠪᠡ᠃ ᠭᠠᠵᠠᠷ ᠬᠥᠳᠡᠯᠦᠯᠲᠡ ᠶᠢᠨ ᠰᠣᠷᠢᠯᠲᠠ᠂ ᠨᠡᠭᠦᠷᠡᠰᠦᠨ ᠤ ᠪᠤᠰᠤ ᠠᠭᠤᠷᠬᠠᠢ ᠶᠢᠨ ᠬᠤᠳᠳᠤᠭ ᠲᠤ ᠬᠤᠣᠷᠳᠠᠭᠳᠠᠭᠰᠠᠨ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠣᠯᠠᠨ ᠬᠦᠷᠢᠶᠡᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 6 ᠲᠠᠯᠠᠪᠠᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃    3. ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠢ ᠵᠢᠯᠣᠭᠤᠳᠤᠨ ᠵᠢᠷᠤᠮᠵᠢᠭᠤᠯᠵᠤ ᠭᠡᠨᠡᠳᠲᠡ ᠶᠢᠨ ᠬᠡᠷᠡᠭ ᠢ ᠠᠷᠭᠠᠴᠠᠬᠤ ᠳᠤ  ᠣᠷᠣᠯᠴᠠᠭᠤᠯᠪᠠ᠃ ᠭᠠᠮᠰᠢᠭ ᠤᠨ ᠮᠡᠳᠡᠭᠡ ᠵᠠᠩᠭᠢᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠳᠣᠬᠠᠨ ᠪᠣᠯᠲᠠᠯ᠎ᠠ᠂ ᠪᠦᠬᠦ ᠬᠤᠰᠢᠭᠤᠨ ᠳᠤ ᠨᠡᠶᠢᠲᠡ 94 ᠭᠠᠶ ᠭᠠᠮᠰᠢᠭ ᠤᠨ ᠮᠡᠳᠡᠭᠡ ᠵᠠᠩᠭᠢᠴᠢ ᠪᠠᠶᠢᠨ᠎ᠠ᠃ ᠡᠯ᠎ᠡ ᠰᠤᠮᠤ ᠪᠠᠯᠭᠠᠰᠤ ᠪᠣᠯᠤᠨ ᠪᠦᠷᠢᠯᠳᠦᠬᠦᠨ ᠨᠢᠭᠡᠴᠡ ᠲᠠᠢ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠠᠷᠢᠭᠤᠴᠠᠯᠭ᠎ᠠ ᠶᠢᠨ ᠪᠢᠴᠢᠭ ᠲᠣᠭᠲᠠᠬᠤ ᠶᠢᠨ ᠬᠠᠮᠲᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠪᠣᠯᠤᠨ ᠵᠡᠪᠰᠡᠭᠲᠦ ᠬᠦᠴᠦᠨ ᠤ ᠬᠡᠯᠲᠡᠰ ᠢ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮ ᠳᠤ  ᠣᠷᠣᠭᠤᠯᠪᠠ᠃    ︵ᠲᠠᠪᠤ︶ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠡᠶᠡᠳᠡᠬᠦᠯᠬᠦ ᠰᠶᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠪᠡ    1. ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠡᠶᠡᠳᠡᠭᠦᠯᠦᠨ ᠰᠢᠶ᠋ᠳᠪᠦᠷᠢᠯᠡᠬᠦ ᠲᠣᠭᠲᠠᠴᠠ ᠶᠢ  ᠲᠡᠭᠦᠯᠳᠡᠷᠵᠢᠭᠦᠯᠪᠡ᠃ ᠨᠢᠭᠡ ᠳᠤ ︽ᠰᠥᠨᠢᠳ ᠪᠠᠷᠠᠭᠤᠨ ᠬᠤᠰᠢᠭᠤᠨ ᠤ ︿ᠳᠥᠷᠪᠡᠨ ᠭᠠᠵᠠᠷ ᠨᠢᠭᠡ ᠲᠢᠩᠬᠢᠮ﹀᠎ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠨᠡᠪᠲᠡᠷᠡᠯᠴᠡᠨ ᠬᠠᠮᠵᠢᠯᠴᠠᠬᠤ ᠲᠣᠭᠲᠠᠴᠠ︾᠎ ᠶᠢ ᠲᠣᠭᠲᠠᠭᠠᠵᠤ᠂ ᠦᠨᠳᠦᠰᠦᠨ ᠱᠠᠲᠤᠨ ᠤ ︽ᠨᠢᠭᠡ ᠥᠷᠲᠡᠭᠡ ᠮᠠᠶ᠋ᠢᠭ︾᠎ ᠤᠨ ᠣᠯᠠᠨ ᠡᠰᠢᠲᠦ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠭᠦᠨᠵᠡᠭᠡᠶ ᠳᠥᠯᠭᠢᠨ ᠠᠬᠢᠭᠤᠯᠪᠠ︔ ᠬᠤᠶᠠᠷ ᠲᠤ ᠬᠤᠰᠢᠭᠤᠨ ᠤ ᠰᠢᠭᠦᠬᠦ ᠬᠤᠷᠢᠶ᠎ᠠ ︽ᠲᠡᠰᠪᠦᠷᠢᠲᠡᠢ ᠪᠠᠶᠢᠬᠤ︾ ᠵᠠᠷᠭᠤ ᠶᠢᠨ ᠦᠢᠯᠡᠴᠢᠯᠡᠭᠡᠨ ᠤ ᠠᠵᠢᠯ ᠤᠨ ᠲᠠᠰᠤᠭ ᠢ ᠫᠠᠶᠢᠰᠠ ᠡᠯᠭᠦᠨ ᠪᠠᠶᠢᠭᠤᠯᠵᠤ᠂ ᠡᠨᠡ ᠵᠢᠯ ᠠᠴᠠ ᠨᠠᠰᠢ ᠡᠶᠡᠳᠡᠭᠦᠯᠦᠭᠰᠡᠨ ᠨᠢ 363 ᠬᠤᠪᠢ ᠪᠠᠶᠢᠵᠤ᠂ ᠪᠦᠳᠦᠭᠰᠡᠨ ᠨᠣᠷᠮ᠎ᠠ ᠨᠢ 64.9%᠎ ᠳᠤ ᠬᠦᠷᠴᠡᠶ︔ ᠭᠤᠷᠪᠠ ᠳᠤ᠂ ᠬᠤᠰᠢᠭᠤᠨ ᠤ ᠪᠠᠶᠢᠴᠠᠭᠠᠬᠤ ᠬᠤᠷᠢᠶᠠᠨ ᠤ 12309 ᠪᠠᠶᠢᠴᠠᠭᠠᠬᠤ ᠦᠢᠯᠡᠴᠢᠯᠡᠭᠡᠨ ᠤ ᠲᠢᠩᠬᠢᠮ ᠳᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠡᠶᠢᠲᠡ 21 ᠬᠡᠷᠡᠭ 21 ᠬᠥᠮᠦᠨ᠂ ᠰᠢᠰᠲ᠋ᠧᠮ ᠲᠠᠢ ᠪᠠᠷ 9 ᠬᠤᠪᠢ 9 ᠬᠥᠮᠦᠨ ᠭᠥᠯᠢᠶᠡᠨ ᠠᠪᠴᠠᠶ︔ ᠲᠦᠷᠪᠡ ᠳᠤ᠂ ︽ᠭᠤᠷᠪᠠ ᠶᠢ ᠲᠣᠬᠢᠷᠠᠭᠤᠯᠵᠤ ᠬᠤᠯᠪᠣᠯᠳᠤᠭᠤᠯᠬᠤ︾ ᠲᠣᠭᠲᠠᠴᠠ ᠶᠢ ᠳᠡᠯᠭᠡᠷᠡᠭᠦᠯᠵᠦ᠂ ᠠᠷᠠᠳ ᠤᠨ ᠡᠶᠡᠳᠡᠭᠦᠯᠭᠡ ᠶᠢᠨ ︽ᠬᠡᠷᠡᠭ ᠢᠶᠠᠷ ᠨᠥᠬᠦᠪᠦᠷᠢᠯᠡᠬᠦ︾ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠪᠠ᠃ ᠡᠨᠡ ᠵᠢᠯ ᠠᠴᠠ ᠨᠠᠰᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠡᠶᠢᠲᠡ 339 ᠵᠥᠷᠢᠴᠡᠯ ᠢ ᠪᠠᠶᠢᠴᠠᠭᠠᠨ ᠨᠠᠮᠳᠠᠭᠤᠯᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 3296.93 ᠲᠦᠮᠡᠨ ᠲᠥᠭᠦᠷᠢᠭ ᠲᠤ ᠬᠦᠷᠴᠡᠶ᠃    2. ᠵᠠᠰᠠᠭ ᠵᠠᠬᠢᠷᠭᠠᠨ ᠤ ᠳᠡᠬᠢᠨ ᠵᠥᠪᠯᠡᠬᠦ ᠦᠢᠯᠡᠳᠦᠯ ᠢ ᠦᠨᠡᠨᠬᠦ  ᠪᠠᠳᠠᠷᠠᠭᠤᠯᠪᠠ᠃ ᠨᠢᠭᠡ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠷᠭ᠎ᠠ ᠮᠠᠶ᠋ᠢᠭ ᠢ ᠠᠰᠢᠭᠯᠠᠨ᠂ ︽ᠥᠪᠥᠷ ᠮᠣᠩᠭᠤᠯ ᠤᠨ ᠠᠯᠠᠭᠠᠨ ᠳᠡᠭᠡᠷ᠎ᠡ ᠳᠠᠬᠢᠨ ᠵᠥᠪᠯᠡᠬᠦ︾ ᠵᠢᠵᠢᠭ ᠲᠠᠰ ᠳᠠᠷᠠᠭᠠᠯᠠᠯ ᠢ ᠤᠬᠠᠭᠤᠯᠤᠨ ᠳᠡᠯᠭᠡᠷᠡᠭᠦᠯᠵᠦ᠂ ᠰᠦᠯᠵᠢᠶᠡᠨ ᠳᠡᠭᠡᠷᠡᠬᠢ ᠳᠠᠬᠢᠨ ᠵᠥᠪᠯᠡᠬᠦ ᠲᠠᠪᠴᠠᠩ ᠤᠨ ᠦᠢᠯᠡᠳᠦᠯ ᠢ  ᠪᠠᠳᠠᠷᠠᠭᠤᠯᠪᠠ᠃ ᠬᠤᠶᠠᠷ ᠲᠤ᠂ ᠪᠥᠬᠦ ᠬᠤᠰᠢᠭᠤᠨ ᠤ 7 ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠣᠷᠣᠯᠠᠨ  ᠭᠦᠢᠴᠡᠳᠬᠡᠬᠦ ᠴᠡᠭ ᠢ ᠪᠠᠶᠢᠭᠤᠯᠵᠤ᠂ ᠠᠷᠠᠳ ᠣᠯᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠭᠤᠶᠤᠴᠢᠯᠠᠬᠤ ︽ᠡᠴᠦᠰ ᠤᠨ ᠨᠢᠭᠡ ᠺᠢᠯᠣᠮᠧᠳ᠋ᠷ︾᠎ ᠢ ᠨᠡᠪᠲᠡᠷᠡᠭᠦᠯᠪᠡ᠃ ᠭᠤᠷᠪᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ ᠰᠢᠭᠦᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠡᠨᠡ ᠵᠢᠯ ᠠᠴᠠ ᠨᠠᠰᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠨᠡᠶᠢᠲᠡ 4 ᠬᠤᠪᠢ ᠬᠦᠯᠢᠶᠡᠨ ᠠᠪᠴᠤ᠂ ᠨᠢᠭᠡᠨᠲᠡ ᠪᠦᠬᠦᠨ ᠢ ᠳᠠᠭᠤᠰᠬᠠᠭᠰᠠᠨ ᠪᠠᠶᠢᠨ᠎ᠠ᠃        ︵ᠵᠢᠷᠭᠤᠭ᠎ᠠ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠪᠡ    1. ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ  ᠴᠢᠩᠭᠠᠳᠬᠠᠪᠠ᠃ ᠨᠢᠭᠡ ᠳᠤ᠂ 7 ᠬᠡᠷᠡᠭ ᠢ ᠲᠤᠷᠰᠢᠨ ᠪᠠᠶᠢᠴᠠᠭᠠᠬᠤ ᠳᠤ ᠤᠷᠢᠳᠴᠢᠯᠠᠨ ᠣᠷᠣᠯᠴᠠᠵᠤ᠂ ᠠᠰᠠᠭᠤᠨ ᠯᠠᠪᠯᠠᠬᠤ ᠵᠢᠯᠣᠭᠤᠳᠬᠤ ᠰᠠᠨᠠᠯ ᠢ 7 ᠤᠳᠠᠭ᠎ᠠ ᠬᠠᠩᠭᠠᠵᠤ᠂ ᠬᠦᠨᠳᠦ ᠶᠡᠭᠡ ᠬᠦᠴᠢᠷ ᠲᠦᠪᠡᠭᠲᠡᠶ ᠬᠡᠷᠡᠭ ᠢ 18 ᠤᠳᠠᠭ᠎ᠠ ᠵᠥᠪᠳᠡᠯᠴᠡᠵᠦ᠂ 25 ᠬᠡᠷᠡᠭ ᠢ ᠶᠠᠷᠢᠯᠴᠠᠵᠤ᠂ ᠲᠤᠷᠰᠢᠨ ᠪᠠᠶᠢᠴᠠᠭᠠᠬᠤ ᠠᠵᠢᠯᠯᠠᠭ᠎ᠠ ᠶᠢᠨ ᠬᠠᠤᠯᠢ ᠶᠢ ᠵᠥᠷᠢᠴᠡᠭᠰᠡᠨ 28 ᠬᠡᠷᠡᠭ ᠢ ᠪᠢᠴᠢᠭ ᠢᠶᠠᠷ ᠵᠠᠯᠠᠷᠠᠭᠤᠯᠵᠤ᠂ 5 ᠬᠡᠷᠡᠭ ᠢ ᠬᠢᠨᠠᠯᠲᠠ ᠲᠠᠯᠪᠢᠨ ᠬᠡᠷᠡᠭ ᠪᠣᠯᠭᠠᠨ ᠳᠡᠩᠰᠡᠯᠡᠵᠦ᠂ 1 ᠬᠡᠷᠡᠭ ᠢ ᠬᠦᠴᠦᠨ ᠥᠬᠡᠶ ᠪᠣᠯᠭᠠᠵᠤ᠂ ᠡᠷᠡᠭᠦᠦ ᠶᠢᠨ ᠬᠡᠷᠡᠭ ᠢ ᠰᠢᠭᠦᠨ ᠲᠠᠰᠤᠯᠬᠤ ᠠᠵᠢᠯᠯᠠᠭ᠎ᠠ ᠳᠤ ᠬᠠᠤᠯᠢ ᠶᠢ ᠵᠥᠷᠢᠴᠡᠭᠰᠡᠨ ᠢ ᠵᠠᠯᠠᠷᠠᠭᠤᠯᠬᠤ 2 ᠬᠤᠪᠢ ᠮᠡᠳᠡᠭᠳᠡᠯ ᠤᠨ ᠪᠢᠴᠢᠭ ᠶᠠᠪᠤᠭᠤᠯᠪᠠ᠃ ᠭᠢᠨᠳᠠᠨ ᠳᠤ ᠬᠤᠷᠢᠶᠠᠮᠵᠢᠯᠠᠨ ᠬᠤᠷᠢᠵᠤ ᠭᠦᠢᠴᠡᠳᠬᠡᠬᠦ ᠬᠡᠷᠡᠭ ᠢ 3 ᠬᠡᠷᠡᠭ 3 ᠬᠥᠮᠥᠨ ᠢ ᠰᠢᠳᠬᠡᠵᠦ᠂ ᠲᠦᠷ ᠴᠠᠭ ᠭᠢᠨᠳᠠᠨ ᠤ ᠭᠠᠳᠠᠨ᠎ᠠ 2 ᠬᠡᠷᠡᠭ ᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠢ ᠭᠦᠢᠴᠡᠳᠬᠡᠵᠦ᠂ ᠬᠠᠤᠯᠢ ᠵᠥᠷᠢᠴᠡᠭᠰᠡᠨ ᠢ 1 ᠬᠤᠪᠢ ᠵᠠᠯᠠᠷᠠᠭᠤᠯᠬᠤ ᠪᠠᠷ ᠳᠤᠷᠠᠳᠪᠠ᠃ ᠬᠢᠨᠠᠨ ᠬᠠᠮᠢᠶᠠᠷᠬᠤ ᠲᠠᠯᠠᠪᠤᠷ ᠤᠨ ᠠᠮᠤᠷ ᠲᠦᠪᠰᠢᠨ ᠤ ᠪᠠᠶᠢᠴᠠᠭᠠᠯᠲᠠ ᠶᠢ 6 ᠤᠳᠠᠭ᠎ᠠ ᠥᠷᠨᠢᠭᠦᠯᠵᠦ᠂ ᠡᠷᠡᠭᠦᠦ ᠰᠢᠢᠳᠬᠡᠯ ᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠳᠤ ᠪᠢᠴᠢᠭ ᠢᠶᠠᠷ ᠬᠢᠨᠠᠯᠲᠠ ᠲᠠᠯᠪᠢᠬᠤ ᠰᠠᠨᠠᠯ ᠢ 5 ᠬᠤᠪᠢ ᠳᠤᠷᠠᠳᠪᠠ᠃ ᠭᠤᠷᠪᠠ ᠳᠤ ᠡᠷᠡᠭᠦᠦ ᠰᠢᠢᠳᠬᠡᠯ ᠢ ᠬᠠᠰᠤᠬᠤ᠂ ᠲᠡᠩᠰᠡᠨ ᠰᠤᠯᠠᠯᠠᠬᠤ᠂ ᠲᠦᠷ ᠭᠢᠨᠳᠠᠨ ᠤ ᠭᠠᠳᠠᠨ᠎ᠠ ᠭᠦᠢᠴᠡᠳᠭᠡᠬᠦ ᠳᠤ ᠬᠢᠨᠠᠯᠲᠠ ᠲᠠᠯᠪᠢᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠦᠷ ᠭᠢᠨᠳᠠᠨ ᠤ ᠭᠠᠳᠠᠨ᠎ᠠ ᠭᠦᠢᠴᠡᠳᠭᠡᠬᠦ ᠬᠥᠮᠦᠰ ᠢ ᠡᠷᠦᠬᠡ ᠳᠤ ᠣᠷᠣᠭᠤᠯᠵᠤ ᠰᠤᠷᠪᠤᠯᠵᠢᠯᠠᠨ᠎ᠠ᠃ ᠳᠥᠷᠪᠡ ᠳᠤ ︽ᠳᠥᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠣᠷᠣᠨ ᠪᠦᠰᠡ ᠠᠯᠤᠰᠯᠠᠭᠰᠠᠨ ᠬᠠᠮᠵᠢᠯᠴᠠᠭᠠᠨ ᠤ ᠲᠣᠭᠲᠠᠴᠠ︾᠎ ᠳᠤ ᠭᠠᠷ ᠤᠨ ᠦᠰᠦᠭ ᠵᠢᠷᠤᠵᠤ᠂ ᠪᠥᠬᠦ ᠣᠷᠣᠨ ᠤ ᠠᠩᠬᠠᠳᠠᠭᠴᠢ ᠤᠯᠠᠭᠠᠨᠮᠥ᠋ᠴᠢᠷ ᠤᠨ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠤᠬᠠᠭᠤᠯᠬᠤ ᠠᠩᠭᠢ ᠶᠢ ᠪᠠᠶᠢᠭᠤᠯᠪᠠ᠃ ᠡᠨᠡ ᠵᠢᠯ ᠠᠴᠠ ᠨᠠᠰᠢ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ 46 ᠬᠤᠪᠢ ᠬᠦᠯᠢᠶᠡᠨ ᠠᠪᠴᠤ᠂ 43 ᠬᠤᠪᠢ ᠶᠢ ᠨᠢ ᠬᠡᠷᠡᠭ ᠪᠣᠯᠭᠠᠨ ᠳᠠᠩᠰᠠᠯᠠᠪᠠ᠃    ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠡᠨᠡ ᠵᠢᠯ ᠠᠴᠠ ᠨᠡᠱᠢ ᠲᠥᠷᠥ ᠶᠢᠨ ᠪᠣᠳᠣᠯᠭ᠎ᠠ ᠶᠢᠨ ᠲᠠᠢᠯᠤᠮᠵᠢ 162 ᠵᠤᠷᠪᠤᠰ ᠰᠦᠯᠵᠢᠶᠡᠨ ᠤ ᠥᠷᠲᠡᠭᠡ ᠶᠢᠨ ᠮᠡᠳᠡᠭᠡ ᠵᠠᠩᠭᠢ ᠶᠢ ᠳᠡᠭᠡᠭᠱᠢ ᠬᠦᠷᠭᠡᠬᠦ 882 ᠵᠤᠷᠪᠤᠰ᠃ ᠵᠢᠭᠰᠠᠭᠠᠨ ᠪᠠᠢᠴᠠᠭᠠᠯᠲᠠ ᠪᠠᠷ ᠢᠯᠡᠷᠡᠭᠦᠯᠦᠭᠰᠡᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠪᠤᠷᠤᠭᠤ ᠦᠰᠦᠭ 1179 ᠵᠤᠷᠪᠤᠰ ᠣᠳᠣ ᠪᠦᠷ ᠴᠡᠭᠴᠡᠯᠡᠨ ᠵᠠᠰᠠᠵᠤ ᠳᠠᠭᠤᠰᠤᠭᠰᠠᠨ᠃ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠦᠯᠦᠭᠰᠡᠨ ᠲᠠᠪᠴᠠᠩ ᠢ ᠬᠠᠮᠵᠢᠯᠴᠠᠨ ᠡᠬᠢᠯᠡᠨ ᠬᠡᠷᠡᠭᠯᠡᠵᠦ᠂ ᠭᠤᠤᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠤᠯᠭᠠᠪᠠ    3. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠲᠣᠭᠲᠠᠴᠠ ᠪᠠ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠨᠡᠶᠢᠲᠡᠯᠡᠨ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠰᠣᠩᠭᠤᠨ ᠪᠣᠶ ᠪᠣᠯᠭᠠᠬᠤ ᠠᠵᠢᠯ ᠢ ᠥᠷᠨᠢᠭᠦᠯᠵᠦ᠂ ᠣᠲᠣ ᠪᠣᠯᠲᠠᠯ᠎ᠠ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ 3᠂ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ 5 ᠪᠠᠶᠢᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢᠨ ︽ᠬᠤᠶᠠᠷ ᠢ ᠢᠯᠡ ᠨᠡᠶᠢᠲᠡᠯᠡᠬᠦ︾ ᠠᠵᠢᠯ ᠢ ᠴᠢᠩᠭᠠᠳᠬᠠᠵᠤ᠂ ︽ᠢᠲᠡᠭᠡᠮᠵᠢᠲᠦ ᠰᠢᠯᠢ ᠶᠢᠨ ᠭᠤᠣᠯ︾᠎ ᠢᠶᠠᠷ ᠳᠠᠮᠵᠢᠭᠤᠯᠤᠨ ᠢᠯᠡ ᠨᠡᠶᠢᠲᠡᠯᠡᠪᠡ᠃    ︵ᠳᠤᠯᠤᠭ᠎ᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠪᠡ᠃    1. ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ︽ᠮᠥᠩᠬᠡ ᠰᠤᠪᠠᠭ︾᠎ ᠢ ᠬᠡᠷᠡᠭᠯᠡᠭᠡᠨ ᠤ ᠲᠠᠰ ᠢ ᠬᠠᠮᠠᠭᠠᠯᠠᠬᠤ ᠰᠢᠯᠭᠠᠨ ᠦᠨᠡᠯᠡᠬᠦ ᠠᠵᠢᠯ ᠪᠠ ᠬᠡᠷᠡᠭᠯᠡᠯᠲᠡ ᠶᠢ ᠨᠡᠭᠦᠯᠭᠡᠨ ᠰᠢᠯᠵᠢᠭᠦᠯᠬᠦ ᠠᠵᠢᠯ ᠢ ᠥᠷᠨᠢᠭᠦᠯᠵᠦ᠂ 5 ᠵᠦᠢᠯ ᠤᠨ ᠲᠠᠰ ᠤᠨ ᠬᠠᠮᠠᠭᠠᠯᠠᠯᠲᠠ ᠶᠢᠨ ᠰᠢᠯᠭᠠᠨ ᠦᠨᠡᠯᠡᠬᠦ ᠠᠵᠢᠯ ᠪᠠ 7 ᠵᠦᠢᠯ ᠤᠨ ᠬᠡᠷᠡᠭᠯᠡᠯᠲᠡ ᠶᠢ ᠨᠡᠭᠦᠯᠭᠡᠨ ᠰᠢᠯᠵᠢᠭᠦᠯᠬᠦ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃    2. ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠪᠠᠷ ᠬᠠᠮᠲᠤ ᠳᠠᠭᠠᠨ ᠡᠳᠯᠡᠬᠦ ᠶᠢ ᠲᠦᠷᠭᠡᠳᠬᠡᠨ ᠠᠬᠢᠭᠤᠯᠪᠠ᠃ ᠪᠡᠶ᠎ᠡ ᠶᠢᠨ ᠭᠠᠷᠤᠯ ᠤᠨ ᠭᠡᠷᠡᠴᠢᠯᠡᠯ᠂ ᠡᠯᠧᠺᠳ᠋ᠷᠣᠨ ᠲᠠᠮᠠᠭ᠎ᠠ᠂ ᠡᠯᠧᠺᠳ᠋ᠷᠣᠨ ᠭᠡᠷᠡᠴᠢ ᠦᠨᠡᠮᠯᠡᠯ ᠵᠡᠷᠭᠡ ᠶᠢ ᠨᠢᠭᠡᠳᠦᠯᠲᠡᠶ ᠮᠠᠭᠠᠳᠯᠠᠨ ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠣᠲᠣ ᠪᠣᠯᠲᠠᠯ᠎ᠠ ᠡᠯᠧᠺᠳ᠋ᠷᠣᠨ ᠦᠨᠡᠮᠯᠡᠯ ᠤᠨ 80 ᠲᠥᠷᠥᠯ ᠤᠨ ᠦᠯᠡᠳᠡᠭᠡᠯ ᠦᠨᠡᠮᠯᠡᠯ ᠤᠨ 107901 ᠬᠠᠭᠤᠳᠠᠰᠤ ᠪᠠᠶᠢᠵᠤ᠂ ᠭᠠᠷ ᠤᠨ ᠥᠰᠥᠭ ᠵᠢᠷᠤᠭᠰᠠᠨ ᠨᠣᠷᠮ᠎ᠠ ᠨᠢ 100% ᠬᠦᠷᠪᠡ᠃    ︵ᠨᠠᠢᠮᠠ︶ ᠬᠠᠤᠯᠢ ᠪᠠᠷ ᠵᠠᠰᠠᠬᠤ ᠨᠡᠢᠭᠡᠮ ᠤᠨ ᠠᠵᠢᠯ ᠤᠨ ᠱᠢᠰᠲ᠋ᠧᠮ ᠢ ᠲᠡᠭᠦᠯᠳᠡᠷᠵᠢᠭᠦᠯᠪᠡ᠃    1. ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ  ᠦᠷᠨᠢᠭᠦᠯᠪᠡ᠃ ᠣᠯᠠᠨ ᠬᠡᠯᠪᠡᠷᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠠᠴᠠ ᠨᠠᠰᠢ ᠡᠯ᠎ᠡ ᠲᠥᠷᠥᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 84 ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠮᠠᠲ᠋ᠧᠷᠢᠶᠠᠯ ᠢ 45300 ᠭᠠᠷᠤᠶ ᠬᠤᠪᠢ ︵ᠳᠡᠪᠲᠡᠷ︶ ᠲᠠᠷᠬᠠᠭᠠᠵᠤ᠂ 85 ᠵᠤᠷᠪᠤᠰ ᠤᠬᠠᠭᠤᠯᠭ᠎ᠠ ᠶᠢᠨ ᠤᠷᠢᠶ᠎ᠠ ᠨᠠᠭᠠᠵᠤ᠂ 14 ᠬᠡᠰᠡᠭ ᠳᠡᠯᠭᠡᠨ ᠦᠵᠡᠭᠦᠯᠬᠦ ᠰᠠᠮᠪᠠᠷ᠎ᠠ ᠲᠠᠯᠪᠢᠪᠠ᠃    2. ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ  ᠳᠡᠭᠡᠭᠰᠢᠯᠡᠭᠦᠯᠪᠡ᠃ ᠨᠢᠭᠡ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠦᠨᠡᠨᠬᠦ  ᠪᠠᠳᠠᠷᠠᠭᠤᠯᠪᠠ᠃ ᠡᠨᠡ ᠵᠢᠯ ᠠᠴᠠ ᠨᠠᠰᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 187 ᠬᠤᠪᠢ ᠰᠢᠢᠳᠪᠦᠷᠢᠯᠡᠵᠦ᠂ ᠵᠣᠭᠤᠰ ᠤᠨ ᠲᠤᠭ᠎ᠠ ᠨᠢ 506.1 ᠲᠦᠮᠡᠨ ᠲᠥᠭᠦᠷᠢᠭ ᠲᠤ ᠬᠦᠷᠴᠡᠶ᠃ ᠬᠤᠶᠠᠷ ᠲᠤ᠂ ᠠᠯᠪᠠᠨ ᠭᠡᠷᠡᠴᠢᠯᠡᠭᠡ ᠪᠠᠷ ᠠᠷᠠᠳ ᠲᠤ ᠲᠥᠬᠦᠮ ᠦᠵᠡᠭᠦᠯᠬᠦ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠡᠨᠡ ᠵᠢᠯ ᠠᠴᠠ ᠨᠠᠰᠢ ᠡᠯ᠎ᠡ ᠲᠥᠷᠥᠯ ᠤᠨ ᠠᠯᠪᠠᠨ ᠭᠡᠷᠡᠴᠢᠯᠡᠭᠡ ᠶᠢ ᠨᠡᠶᠢᠲᠡ 168 ᠬᠤᠪᠢ ᠭᠦᠢᠴᠡᠳᠬᠡᠪᠡ᠃    3. ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠦᠨᠡᠨᠬᠦ ᠰᠠᠶᠢᠲᠤᠷ  ᠠᠳᠬᠤᠪᠠ᠃ ᠣᠲᠣ ᠪᠣᠯᠲᠠᠯ᠎ᠠ ᠪᠥᠬᠦ ᠬᠤᠰᠢᠭᠤᠨ ᠳᠤ ᠳᠠᠩᠰᠠᠯᠠᠭᠤᠯᠤᠭᠰᠠᠨ ᠵᠠᠯᠠᠷᠠᠭᠤᠯᠬᠤ ᠡᠲᠡᠭᠡᠳ 28 ᠪᠠᠶᠢᠵᠤ᠂ ᠡᠨᠡ ᠵᠢᠯ ᠨᠡᠶᠢᠲᠡ 28 ᠬᠥᠮᠦᠨ ᠢ ᠬᠠᠰᠤᠵᠤ᠂ 3 ᠬᠥᠮᠦᠨ ᠢ ᠭᠢᠨᠳᠠᠨ ᠳᠤ ᠣᠷᠣᠭᠤᠯᠤᠨ ᠭᠦᠢᠴᠡᠳᠭᠡᠪᠡ᠃ ᡁᠢ ᠰᠢᠨ ᠰᠡᠳᠬᠢᠴᠡ ᠶᠢᠨ ᠵᠥᠪᠯᠡᠯᠭᠡ ᠥᠭᠬᠦ ᠪᠦᠯᠬᠦᠮ ᠨᠡᠶᠢᠲᠡ ᠲᠠᠢ ᠢᠳᠡᠪᠬᠢᠲᠡᠶ ᠵᠣᠯᠭᠠᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ 8 ᠤᠳᠠᠭ᠎ᠠ ᠬᠠᠩᠭᠠᠪᠠ᠃     ︵ᠶᠢᠰᠦ︶ ᠨᠠᠮ ᠠᠴᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠳᠤᠷᠢᠳᠤᠨ ᠠᠬᠢᠭᠤᠯᠬᠤ ᠰᠢᠰᠲ᠋ᠧᠮ ᠢ ᠲᠡᠭᠦᠯᠳᠡᠷᠵᠢᠭᠦᠯᠪᠡ    1. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ  ᠴᠢᠩᠭᠠᠳᠬᠠᠪᠠ᠃ ᠨᠢᠭᠡ ᠳᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠡᠷᠭᠡ ᠬᠠᠤᠯᠢ ᠪᠠᠷ ᠵᠠᠰᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠬᠠᠮᠢᠶ᠎ᠠ ᠪᠥᠬᠦᠶ ᠭᠤᠤᠯ ᠰᠡᠳᠦᠪᠲᠦ ᠰᠤᠷᠤᠯᠴᠠᠯᠭ᠎ᠠ ᠶᠢ 10 ᠤᠳᠠᠭ᠎ᠠ ᠥᠷᠨᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠤᠰᠬᠠᠶ ᠰᠡᠳᠦᠪᠲᠦ ᠲᠠᠶᠢᠯᠤᠮᠵᠢ ᠶᠢ 2 ᠲᠠᠯᠠᠪᠤᠷ ᠥᠷᠨᠢᠭᠦᠯᠵᠦ᠂ ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠶᠢ 2 ᠲᠠᠯᠠᠪᠤᠷ ᠥᠷᠨᠢᠭᠦᠯᠪᠡ᠃ ᠬᠤᠶᠠᠷ ᠲᠤ᠂ ︽ᠰᠥᠨᠢᠳ ᠪᠠᠷᠠᠭᠤᠨ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠎ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠭᠤᠷᠪᠠ ᠳᠤ᠂ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠠᠢ ᠬᠠᠮᠵᠢᠯᠴᠠᠨ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠤᠳᠤ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠪᠠ᠃ ᠳᠥᠷᠪᠡ ᠳᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠠᠷᠪᠠᠨ ᠵᠢᠷᠭᠤᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ ᠠᠴᠠ ᠪᠥᠬᠦ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃    2. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠡᠭᠦᠯᠳᠡᠷᠵᠢᠭᠦᠯᠪᠡ᠃ ᠪᠥᠬᠦ ᠬᠤᠰᠢᠭᠤᠨ ᠤ ᠡᠯ᠎ᠡ ᠱᠠᠲᠤᠨ ᠤ ᠮᠡᠳᠡᠭᠦᠯᠦᠯᠲᠡ ᠶᠢ ᠵᠣᠬᠢᠶᠠᠨ ᠪᠠᠶᠢᠭᠤᠯᠬᠤ ᠶᠢᠨ ᠬᠠᠮᠲᠤ 2022 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠵᠠᠷᠯᠠᠨ ᠨᠡᠶᠢᠲᠡᠯᠡᠪᠡ︔ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠨᠥᠬᠦᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠮᠠᠨ ᠤ ᠬᠤᠰᠢᠭᠤᠨ ᠤ 2022 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠪᠡ᠃    ᠬᠤᠶᠠᠷ᠂ ᠣᠷᠣᠰᠢᠵᠤ ᠪᠠᠶᠢᠭ᠎ᠠ ᠠᠰᠠᠭᠤᠳᠠᠯ    ᠡᠨᠡ ᠵᠢᠯ ᠮᠠᠨ ᠤ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠬᠡᠳᠦ᠋ᠢᠪᠡᠷ ᠵᠣᠬᠢᠬᠤ ᠠᠮᠵᠢᠯᠲᠠ ᠣᠯᠤᠭᠰᠠᠨ ᠪᠣᠯᠪᠠᠴᠤ ᠪᠠᠰᠠ ᠡᠳᠦᠶ ᠲᠡᠳᠦᠶ ᠵᠥᠷᠢᠶ᠎ᠡ ᠣᠷᠣᠰᠢᠵᠤ ᠪᠠᠶᠢᠨ᠎ᠠ᠃ ᠨᠢᠭᠡ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠷᠭ᠎ᠠ ᠪᠠᠷᠢᠯ ᠪᠠ ᠠᠷᠭ᠎ᠠ ᠵᠠᠮ ᠨᠡᠯᠢᠶᠡᠳ ᠲᠠᠩ ᠴᠤᠯᠭᠤᠢ᠂ ᠬᠡᠰᠡᠭ ᠤᠳᠤᠷᠢᠳᠬᠤ ᠺᠠᠳ᠋ᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠭᠰᠠᠨ ᠦᠭᠡᠢ᠂ ᠨᠡᠪᠲᠡᠷᠬᠡᠢ ᠪᠢᠰᠢ᠂ ᠨᠠᠷᠢᠨ ᠪᠤᠰᠤ ᠪᠠᠶᠢᠳᠠᠯ ᠳᠤ ᠮᠥᠨ ᠣᠷᠣᠰᠢᠭᠰᠠᠭᠠᠷ ᠪᠠᠶᠢᠨ᠎ᠠ᠃ ᠬᠤᠶᠠᠷ ᠲᠤ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠨᠡᠯᠢᠶᠡᠳ ᠪᠠᠭᠤᠷᠠᠶ ᠪᠠᠶᠢᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠵᠣᠬᠢᠬᠤ ᠬᠡᠮᠵᠢᠶ᠎ᠡ ᠪᠠᠷ ᠨᠥᠯᠥᠭᠡᠯᠡᠨ᠎ᠡ᠃ ᠭᠤᠷᠪᠠ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳᠤᠮᠳᠠᠬᠢ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠵᠢᠱᠢᠶᠡᠴᠢ ᠶᠢ ᠠᠭᠤᠳᠠᠯᠬᠤ ᠪᠠ ᠤᠬᠠᠭᠤᠯᠬᠤ ᠪᠠᠷ ᠬᠦᠷᠦᠯᠴᠡᠬᠦ ᠦᠭᠡᠢ ᠪᠠᠶᠢᠨ᠎ᠠ᠃    ᠭᠤᠷᠪᠠ᠂ ᠳᠠᠷᠠᠭ᠎ᠠ ᠠᠯᠬᠤᠮ ᠤᠨ ᠲᠥᠯᠥᠪᠯᠡᠭᠡ    ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠤᠱᠯᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠭᠦᠨᠵᠡᠭᠡᠶ ᠳᠥᠯᠭᠢᠨ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠡᠯ᠎ᠡ ᠵᠦᠢᠯ ᠤᠨ ᠠᠵᠢᠯ ᠢ ᠳᠥᠯᠭᠢᠨ ᠠᠬᠢᠭᠤᠯᠬᠤ ᠤᠬᠠᠮᠰᠠᠷ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠬᠥᠮᠦᠵᠢᠭᠦᠯᠦᠨ ᠠᠬᠢᠭᠤᠯᠤᠨ᠎ᠠ︔ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠨ᠎ᠠ︔ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯ ᠤᠨ ᠵᠢᠷᠤᠮᠵᠢᠯ ᠲᠠᠢ ᠲᠥᠪ ᠭᠤᠤᠯᠴᠢ ᠪᠠᠶᠢᠬᠤ ᠶᠢ ᠲᠦᠯᠬᠢᠨ ᠠᠬᠢᠭᠤᠯᠤᠨ᠎ᠠ︔ ᠤᠬᠠᠭᠤᠯᠤᠨ ᠠᠭᠤᠳᠠᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃                     ᠰᠥᠨᠢᠳ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                          2023 ᠣᠨ ᠤ 12 ᠰᠠᠷ᠎ᠠ ᠶᠢᠨ 21᠎ ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号