2023 ᠣᠨ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠳᠣᠤᠷ᠎ᠠ᠂ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠪᠠ᠃ ᠱᠠᠭᠠᠷᠳᠠᠯᠭ᠎ᠠ ᠶᠣᠰᠣᠭᠠᠷ᠂ ᠡᠳᠦᠭᠡ | ᠮᠠᠨ ᠤ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠪᠠᠶᠢᠳᠠᠯ ᠢ ᠳᠣᠤᠷᠠᠬᠢ ᠮᠡᠲᠦ ᠮᠡᠳᠡᠭᠦᠯᠦᠶ᠎ᠡ᠄ | ᠨᠢᠭᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ | ︵ᠨᠢᠭᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ | ᠲᠡᠭᠦᠯᠳᠡᠷᠵᠢᠭᠦᠯᠪᠡ | 1. ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠪᠠ᠃ ᠨᠢᠭᠡ ᠳᠤ᠂ ︽ | ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ | ᠡᠬᠡ ᠲᠠᠩᠰᠠ︾ ᠶᠢ ᠲᠣᠭᠲᠠᠭᠠᠵᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠡᠶᠢᠲᠡ 38 ᠵᠦᠶ᠋ᠯ ᠡᠮᠬᠢᠯᠡᠵᠦ᠂ | ᠵᠢᠯ ᠤᠨ ᠳᠣᠲᠣᠷ᠎ᠠ ᠪᠦᠬᠦᠨ ᠢ ᠪᠡᠶᠡᠯᠡᠭᠦᠯᠪᠡ᠃ ᠬᠤᠶᠠᠷ ᠲᠤ᠂ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ 34 ᠰᠠᠯᠠᠭ᠎ᠠ ᠮᠥᠴᠢᠷ ᠳᠣᠲᠣᠭᠠᠳᠤ ᠭᠠᠳᠠᠭᠠᠳᠤ ᠶᠢᠨ ᠵᠦᠶ᠋ᠯᠡᠰ ᠢ ᠡᠮᠬᠢᠯᠡᠨ | ᠪᠡᠶᠡᠯᠡᠭᠦᠯᠦᠭᠰᠡᠨ ᠪᠥᠭᠡᠳ ᠭᠠᠳᠠᠭᠰᠢ ︽ᠬᠤᠶᠠᠷ ᠰᠢᠯᠢᠳᠡᠭ︾ ᠤᠨ ᠨᠠᠷᠢᠨ ᠬᠠᠭᠤᠳᠠᠰᠤ ᠵᠢᠴᠢ ᠦᠷ᠎ᠡ ᠪᠦᠲᠦᠭᠡᠯ ᠤᠨ | ᠬᠦᠰᠦᠨᠦᠭᠲᠦ ᠶᠢ ᠵᠠᠷᠯᠠᠨ ᠨᠡᠶᠢᠲᠡᠯᠡᠪᠡ᠃ | 2. ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠨᠢᠭᠡ ᠳᠤ ᠵᠥᠷᠢᠯᠳᠦᠭᠡᠨ ᠲᠠᠢ ᠳᠠᠩᠰᠠᠨ ᠤ ᠵᠣᠭᠤᠰ ᠢ ᠠᠷᠢᠯᠭᠠᠬᠤ ᠲᠥᠰᠦᠯ ᠢ ᠲᠣᠭᠲᠠᠭᠠᠵᠤ᠂ ᠡᠨᠡ ᠵᠢᠯ ᠮᠠᠨ ᠤ | ᠬᠤᠰᠢᠭᠤᠨ ᠤ ᠦᠯᠡᠳᠡᠭᠰᠡᠨ 1900.15 ᠲᠦᠮᠡᠨ ᠲᠥᠭᠦᠷᠢᠭ ᠤᠨ ᠵᠥᠷᠢᠯᠳᠦᠭᠡᠨ ᠲᠠᠢ ᠳᠠᠩᠰᠠᠨ ᠤ ᠵᠣᠭᠤᠰ ᠢ | ᠨᠢᠭᠡᠨᠲᠡ ᠪᠦᠬᠦᠨ ᠢ ᠲᠥᠯᠥᠵᠦ ᠳᠠᠭᠤᠰᠬᠠᠪᠠ᠃ ᠬᠤᠶᠠᠷ ᠲᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ | ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ︽ᠪᠠᠶᠢᠴᠠᠭᠠᠬᠤ ᠠᠵᠤ ᠠᠬᠤᠶᠢᠯᠠᠯ ᠤᠨ ᠬᠠᠷᠢᠯᠴᠠᠬᠤ ᠺᠠᠷᠲ︾ ᠢ | ᠲᠠᠷᠬᠠᠭᠠᠵᠤ᠂ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ᠃ | ᠭᠤᠷᠪᠠ ᠳᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠭᠤᠷᠪᠠᠳᠠᠬᠢ | ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ | ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠠᠮᠠᠯᠠᠯᠲᠠ ᠪᠠ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠦᠨᠡᠯᠡᠨ ᠵᠢᠱᠢᠯᠲᠡ ᠬᠢᠪᠡ᠃ ᠲᠦᠷᠪᠡ ᠳᠤ᠂ ᠠᠵᠤ | ᠠᠬᠤᠶᠢᠯᠠᠯ ᠳᠤ ᠬᠤᠯᠪᠣᠭᠳᠠᠭᠰᠠᠨ 633 ᠬᠡᠷᠡᠭ ᠢ ᠰᠢᠭᠦᠨ ᠰᠢᠢᠳᠪᠦᠷᠢᠯᠡᠵᠦ ᠳᠠᠭᠤᠰᠬᠠᠨ᠂ ᠬᠠᠤᠯᠢᠵᠢᠯ ᠤᠨ | ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠪᠠ᠃ | | ︵ᠬᠤᠶᠠᠷ︶ ᠬᠠᠤᠯᠢ ᠶᠣᠰᠤᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠪᠡ | 1. ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠪᠠ᠃ ᠬᠤᠰᠢᠭᠤᠨ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠬᠦᠨ ᠰᠠᠯᠠᠭ᠎ᠠ | ᠮᠥᠴᠢᠷ ᠤᠨ 19 ᠬᠤᠪᠢ ᠵᠢᠭᠠᠪᠤᠷᠢ ᠠᠪᠬᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠳᠤ ᠬᠠᠤᠯᠢ ᠶᠣᠰᠣᠨ ᠤ ᠴᠢᠨᠠᠷᠲᠠᠶ ᠲᠣᠳᠣᠷᠬᠠᠶᠢᠯᠠᠯᠲᠠ ᠪᠠ | ᠬᠢᠨᠠᠨ ᠪᠠᠶᠢᠴᠠᠭᠠᠯᠲᠠ ᠬᠢᠵᠦ᠂ 17 ᠭᠠᠷᠤᠶ ᠵᠤᠷᠪᠤᠰ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠪᠠ᠃ | 2. ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ | ᠨᠠᠶᠢᠳᠠᠪᠦᠷᠢᠵᠢᠭᠤᠯᠪᠠ᠃ ᠪᠥᠬᠦ ᠬᠤᠰᠢᠭᠤᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠭᠠᠷᠴᠠᠭ ᠢ 5 ᠬᠤᠪᠢ ᠨᠡᠶᠢᠲᠡᠯᠡᠵᠦ᠂ ᠡᠨᠡ ᠵᠢᠯ ᠠᠴᠠ ᠨᠠᠰᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠬᠢᠨᠠᠨ ᠪᠠᠶᠢᠴᠠᠭᠠᠯᠲᠠ ᠶᠢ 4 ᠬᠤᠪᠢ ᠥᠷᠨᠢᠭᠦᠯᠪᠡ᠃ | 3. ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠲᠣᠰ ᠲᠣᠰ ᠥᠪᠥᠷ | ᠮᠣᠩᠭᠤᠯ ᠤᠨ ᠬᠦᠰᠡᠯᠡᠩ᠂ ᠵᠢᠩᠬᠢᠨᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠲᠥᠯᠥᠪᠦᠷᠢᠲᠦ ᠦᠶ᠋ᠯᠡᠴᠢᠯᠡᠭᠡ | ᠲᠣᠭᠲᠠᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠢ | ᠬᠠᠮᠤᠷᠪᠠ᠃ ᠠᠯᠪᠠᠨ ᠬᠠᠤᠯᠢᠴᠢ ᠶᠢ ᠳᠠᠩᠰᠠᠯᠠᠬᠤ ᠠᠵᠢᠯ ᠢ ᠠᠬᠢᠭᠤᠯᠵᠤ᠂ ᠣᠳᠣᠬᠠᠨ ᠳᠤ ᠨᠡᠶᠢᠲᠡ 10 ᠠᠯᠪᠠᠨ | ᠲᠤᠰᠢᠶᠠᠯᠲᠤ ᠬᠠᠤᠯᠢᠴᠢ ᠶᠢ ᠳᠠᠩᠰᠠᠯᠠᠭᠤᠯᠪᠠ᠃ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠪᠡ | 1. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠰᠢᠯᠭᠠᠯᠲᠠ ᠶᠢ 2 ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ 4 | ᠤᠳᠠᠭ᠎ᠠ ᠪᠣᠯᠪᠠᠰᠤᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠪᠠ ᠬᠦᠨᠳᠦ ᠶᠡᠭᠡ ᠬᠡᠷᠡᠭ ᠤᠨ ᠳᠠᠭᠠᠵᠤ ᠪᠣᠯᠪᠠᠰᠤᠷᠠᠭᠤᠯᠬᠤ ᠵᠢᠴᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠰᠤᠳᠤᠯᠤᠨ ᠶᠠᠷᠢᠯᠴᠠᠬᠤ ᠬᠤᠷᠠᠯ ᠢ 1 ᠤᠳᠠᠭ᠎ᠠ ᠥᠷᠨᠢᠭᠦᠯᠵᠦ᠂ ᠨᠡᠶᠢᠲᠡ | 620 ᠭᠠᠷᠤᠶ ᠬᠥᠮᠦᠨ ᠤᠳᠠᠭ᠎ᠠ ᠣᠷᠣᠯᠴᠠᠭᠰᠠᠨ ᠪᠠᠶᠢᠨ᠎ᠠ᠃ | 2. ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠴᠢᠩᠭ᠎ᠠ ᠵᠢᠷᠤᠮᠵᠢᠭᠤᠯᠪᠠ᠃ ᠪᠥᠬᠦ | ᠬᠤᠰᠢᠭᠤᠨ ᠤ 2022 ᠣᠨ ᠤ ᠰᠢᠯᠵᠢᠭᠦᠯᠵᠦ ᠳᠠᠭᠤᠰᠬᠠᠭᠰᠠᠨ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠬᠡᠷᠡᠭ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠰᠠᠨ ᠰᠠᠨᠠᠯ 13 | ᠬᠤᠪᠢ ᠭᠠᠷᠭᠠᠪᠠ᠃ ᠡᠨᠡ ᠵᠢᠯ ᠠᠴᠠ ᠨᠠᠭᠠᠰᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠬᠡᠷᠡᠭ ᠢ ᠨᠡᠶᠢᠲᠡ 5 ᠬᠤᠪᠢ ᠮᠡᠳᠡᠭᠦᠯᠦᠨ ᠳᠠᠩᠰᠠᠯᠠᠭᠤᠯᠪᠠ᠃ | 3. ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠪᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠠᠵᠢᠯ ᠢ ᠴᠢᠨᠠᠷ ᠰᠠᠶᠢᠲᠠᠶ ᠠᠬᠢᠭᠤᠯᠵᠤ᠂ ᠡᠨᠡ ᠵᠢᠯ ᠠᠴᠠ ᠨᠠᠰᠢ 191 ᠵᠦᠢᠯ ᠤᠨ ᠪᠠᠶᠢᠴᠠᠭᠠᠨ ᠬᠡᠷᠡᠭᠵᠢᠭᠦᠯᠬᠦ ᠨᠠᠷᠢᠨ | ᠬᠠᠭᠤᠳᠠᠰᠤ ᠶᠢ ᠨᠡᠶᠢᠲᠡᠯᠡᠵᠦ᠂ 201 ᠤᠳᠠᠭ᠎ᠠ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ | ︵ᠲᠦᠷᠪᠡ︶ ᠭᠡᠨᠡᠳᠲᠡ ᠡᠭᠦᠰᠬᠦ ᠬᠡᠷᠡᠭ ᠢ ᠠᠷᠭᠠᠴᠠᠬᠤ ᠰᠢᠰᠲ᠋ᠧᠮ ᠢ ᠲᠡᠭᠦᠯᠳᠡᠷᠵᠢᠭᠦᠯᠪᠡ᠃ | 1. ᠭᠡᠨᠡᠳᠲᠡ ᠶᠢᠨ ᠬᠡᠷᠡᠭ ᠢ ᠠᠷᠭᠠᠴᠠᠬᠤ ᠳᠦᠷᠢᠮ ᠢ ᠲᠡᠭᠦᠯᠳᠡᠷᠵᠢᠭᠦᠯᠪᠡ ᠃ ︽ᠰᠥᠨᠢᠳ ᠪᠠᠷᠠᠭᠤᠨ | ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠶ᠋ᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ︾᠂ ︽ᠰᠥᠨᠢᠳ ᠪᠠᠷᠠᠭᠤᠨ ᠬᠤᠰᠢᠭᠤᠨ ᠤ ᠠᠶᠤᠯᠲᠠᠶ ᠬᠢᠮᠢ ᠶᠢᠨ ᠪᠣᠳᠠᠰ ᠤᠨ | ᠦᠶ᠋ᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠣᠯᠠᠨ ᠬᠦᠷᠢᠶᠡᠨ ᠤ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠪᠥᠭᠡᠳ ᠴᠠᠭ ᠠᠭᠤᠷ ᠤᠨ | ᠲᠣᠪᠴᠢᠶ᠎ᠠ ᠲᠠᠢ ᠤᠷᠢᠳᠴᠢᠯᠠᠨ ᠰᠡᠷᠡᠮᠵᠢᠯᠡᠭᠦᠯᠬᠦ ᠦᠶ᠋ᠯᠡᠴᠢᠯᠡᠭᠡᠨ ᠤ ᠬᠡᠯᠡᠯᠴᠡᠭᠡᠷ ᠲᠣᠭᠲᠠᠪᠠ᠃ | 2. ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠭᠠᠵᠠᠷ | ᠬᠥᠳᠡᠯᠦᠯᠲᠡ ᠶᠢᠨ ᠰᠣᠷᠢᠯᠲᠠ᠂ ᠨᠡᠭᠦᠷᠡᠰᠦᠨ ᠤ ᠪᠤᠰᠤ ᠠᠭᠤᠷᠬᠠᠢ ᠶᠢᠨ ᠬᠤᠳᠳᠤᠭ ᠲᠤ ᠬᠤᠣᠷᠳᠠᠭᠳᠠᠭᠰᠠᠨ ᠠᠶᠤᠯ | ᠦᠭᠡᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠣᠯᠠᠨ ᠬᠦᠷᠢᠶᠡᠨ ᠤ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 6 ᠲᠠᠯᠠᠪᠠᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ | 3. ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠢ ᠵᠢᠯᠣᠭᠤᠳᠤᠨ | ᠵᠢᠷᠤᠮᠵᠢᠭᠤᠯᠵᠤ ᠭᠡᠨᠡᠳᠲᠡ ᠶᠢᠨ ᠬᠡᠷᠡᠭ ᠢ ᠠᠷᠭᠠᠴᠠᠬᠤ ᠳᠤ ᠣᠷᠣᠯᠴᠠᠭᠤᠯᠪᠠ᠃ ᠭᠠᠮᠰᠢᠭ ᠤᠨ ᠮᠡᠳᠡᠭᠡ | ᠵᠠᠩᠭᠢᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠳᠣᠬᠠᠨ ᠪᠣᠯᠲᠠᠯ᠎ᠠ᠂ ᠪᠦᠬᠦ ᠬᠤᠰᠢᠭᠤᠨ ᠳᠤ | ᠨᠡᠶᠢᠲᠡ 94 ᠭᠠᠶ ᠭᠠᠮᠰᠢᠭ ᠤᠨ ᠮᠡᠳᠡᠭᠡ ᠵᠠᠩᠭᠢᠴᠢ ᠪᠠᠶᠢᠨ᠎ᠠ᠃ ᠡᠯ᠎ᠡ ᠰᠤᠮᠤ ᠪᠠᠯᠭᠠᠰᠤ ᠪᠣᠯᠤᠨ ᠪᠦᠷᠢᠯᠳᠦᠬᠦᠨ | ᠨᠢᠭᠡᠴᠡ ᠲᠠᠢ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠠᠷᠢᠭᠤᠴᠠᠯᠭ᠎ᠠ ᠶᠢᠨ ᠪᠢᠴᠢᠭ | ᠲᠣᠭᠲᠠᠬᠤ ᠶᠢᠨ ᠬᠠᠮᠲᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠪᠣᠯᠤᠨ ᠵᠡᠪᠰᠡᠭᠲᠦ ᠬᠦᠴᠦᠨ ᠤ ᠬᠡᠯᠲᠡᠰ ᠢ | ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮ ᠳᠤ ᠣᠷᠣᠭᠤᠯᠪᠠ᠃ | ︵ᠲᠠᠪᠤ︶ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ | ᠡᠶᠡᠳᠡᠬᠦᠯᠬᠦ ᠰᠶᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠪᠡ | 1. ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠡᠶᠡᠳᠡᠭᠦᠯᠦᠨ ᠰᠢᠶ᠋ᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠪᠡ᠃ ᠨᠢᠭᠡ ᠳᠤ ︽ᠰᠥᠨᠢᠳ ᠪᠠᠷᠠᠭᠤᠨ ᠬᠤᠰᠢᠭᠤᠨ ᠤ ︿ᠳᠥᠷᠪᠡᠨ ᠭᠠᠵᠠᠷ ᠨᠢᠭᠡ | ᠲᠢᠩᠬᠢᠮ﹀ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠨᠡᠪᠲᠡᠷᠡᠯᠴᠡᠨ ᠬᠠᠮᠵᠢᠯᠴᠠᠬᠤ | ᠲᠣᠭᠲᠠᠴᠠ︾ ᠶᠢ ᠲᠣᠭᠲᠠᠭᠠᠵᠤ᠂ ᠦᠨᠳᠦᠰᠦᠨ ᠱᠠᠲᠤᠨ ᠤ ︽ᠨᠢᠭᠡ ᠥᠷᠲᠡᠭᠡ ᠮᠠᠶ᠋ᠢᠭ︾ ᠤᠨ ᠣᠯᠠᠨ ᠡᠰᠢᠲᠦ | ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠭᠦᠨᠵᠡᠭᠡᠶ ᠳᠥᠯᠭᠢᠨ ᠠᠬᠢᠭᠤᠯᠪᠠ︔ ᠬᠤᠶᠠᠷ ᠲᠤ | ᠬᠤᠰᠢᠭᠤᠨ ᠤ ᠰᠢᠭᠦᠬᠦ ᠬᠤᠷᠢᠶ᠎ᠠ ︽ᠲᠡᠰᠪᠦᠷᠢᠲᠡᠢ ᠪᠠᠶᠢᠬᠤ︾ ᠵᠠᠷᠭᠤ ᠶᠢᠨ ᠦᠢᠯᠡᠴᠢᠯᠡᠭᠡᠨ ᠤ ᠠᠵᠢᠯ ᠤᠨ ᠲᠠᠰᠤᠭ ᠢ | ᠫᠠᠶᠢᠰᠠ ᠡᠯᠭᠦᠨ ᠪᠠᠶᠢᠭᠤᠯᠵᠤ᠂ ᠡᠨᠡ ᠵᠢᠯ ᠠᠴᠠ ᠨᠠᠰᠢ ᠡᠶᠡᠳᠡᠭᠦᠯᠦᠭᠰᠡᠨ ᠨᠢ 363 ᠬᠤᠪᠢ ᠪᠠᠶᠢᠵᠤ᠂ ᠪᠦᠳᠦᠭᠰᠡᠨ | ᠨᠣᠷᠮ᠎ᠠ ᠨᠢ 64.9% ᠳᠤ ᠬᠦᠷᠴᠡᠶ︔ ᠭᠤᠷᠪᠠ ᠳᠤ᠂ ᠬᠤᠰᠢᠭᠤᠨ ᠤ ᠪᠠᠶᠢᠴᠠᠭᠠᠬᠤ ᠬᠤᠷᠢᠶᠠᠨ ᠤ 12309 | ᠪᠠᠶᠢᠴᠠᠭᠠᠬᠤ ᠦᠢᠯᠡᠴᠢᠯᠡᠭᠡᠨ ᠤ ᠲᠢᠩᠬᠢᠮ ᠳᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠡᠶᠢᠲᠡ | 21 ᠬᠡᠷᠡᠭ 21 ᠬᠥᠮᠦᠨ᠂ ᠰᠢᠰᠲ᠋ᠧᠮ ᠲᠠᠢ ᠪᠠᠷ 9 ᠬᠤᠪᠢ 9 ᠬᠥᠮᠦᠨ ᠭᠥᠯᠢᠶᠡᠨ ᠠᠪᠴᠠᠶ︔ ᠲᠦᠷᠪᠡ ᠳᠤ᠂ ︽ | ᠭᠤᠷᠪᠠ ᠶᠢ ᠲᠣᠬᠢᠷᠠᠭᠤᠯᠵᠤ ᠬᠤᠯᠪᠣᠯᠳᠤᠭᠤᠯᠬᠤ︾ ᠲᠣᠭᠲᠠᠴᠠ ᠶᠢ ᠳᠡᠯᠭᠡᠷᠡᠭᠦᠯᠵᠦ᠂ ᠠᠷᠠᠳ ᠤᠨ ᠡᠶᠡᠳᠡᠭᠦᠯᠭᠡ ᠶᠢᠨ | ︽ᠬᠡᠷᠡᠭ ᠢᠶᠠᠷ ᠨᠥᠬᠦᠪᠦᠷᠢᠯᠡᠬᠦ︾ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠪᠠ᠃ ᠡᠨᠡ ᠵᠢᠯ ᠠᠴᠠ | ᠨᠠᠰᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠡᠶᠢᠲᠡ 339 ᠵᠥᠷᠢᠴᠡᠯ ᠢ ᠪᠠᠶᠢᠴᠠᠭᠠᠨ ᠨᠠᠮᠳᠠᠭᠤᠯᠵᠤ᠂ | ᠬᠤᠯᠪᠣᠭᠳᠠᠭᠰᠠᠨ ᠵᠣᠭᠤᠰ ᠤᠨ ᠲᠤᠭ᠎ᠠ ᠨᠢ 3296.93 ᠲᠦᠮᠡᠨ ᠲᠥᠭᠦᠷᠢᠭ ᠲᠤ ᠬᠦᠷᠴᠡᠶ᠃ | 2. ᠵᠠᠰᠠᠭ ᠵᠠᠬᠢᠷᠭᠠᠨ ᠤ ᠳᠡᠬᠢᠨ ᠵᠥᠪᠯᠡᠬᠦ ᠦᠢᠯᠡᠳᠦᠯ ᠢ ᠦᠨᠡᠨᠬᠦ ᠪᠠᠳᠠᠷᠠᠭᠤᠯᠪᠠ᠃ ᠨᠢᠭᠡ ᠳᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠷᠭ᠎ᠠ ᠮᠠᠶ᠋ᠢᠭ ᠢ ᠠᠰᠢᠭᠯᠠᠨ᠂ ︽ᠥᠪᠥᠷ ᠮᠣᠩᠭᠤᠯ ᠤᠨ | ᠠᠯᠠᠭᠠᠨ ᠳᠡᠭᠡᠷ᠎ᠡ ᠳᠠᠬᠢᠨ ᠵᠥᠪᠯᠡᠬᠦ︾ ᠵᠢᠵᠢᠭ ᠲᠠᠰ ᠳᠠᠷᠠᠭᠠᠯᠠᠯ ᠢ ᠤᠬᠠᠭᠤᠯᠤᠨ ᠳᠡᠯᠭᠡᠷᠡᠭᠦᠯᠵᠦ᠂ ᠰᠦᠯᠵᠢᠶᠡᠨ | ᠳᠡᠭᠡᠷᠡᠬᠢ ᠳᠠᠬᠢᠨ ᠵᠥᠪᠯᠡᠬᠦ ᠲᠠᠪᠴᠠᠩ ᠤᠨ ᠦᠢᠯᠡᠳᠦᠯ ᠢ ᠪᠠᠳᠠᠷᠠᠭᠤᠯᠪᠠ᠃ ᠬᠤᠶᠠᠷ ᠲᠤ᠂ ᠪᠥᠬᠦ ᠬᠤᠰᠢᠭᠤᠨ ᠤ 7 | ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠣᠷᠣᠯᠠᠨ ᠭᠦᠢᠴᠡᠳᠬᠡᠬᠦ ᠴᠡᠭ ᠢ | ᠪᠠᠶᠢᠭᠤᠯᠵᠤ᠂ ᠠᠷᠠᠳ ᠣᠯᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠭᠤᠶᠤᠴᠢᠯᠠᠬᠤ ︽ᠡᠴᠦᠰ ᠤᠨ ᠨᠢᠭᠡ | ᠺᠢᠯᠣᠮᠧᠳ᠋ᠷ︾ ᠢ ᠨᠡᠪᠲᠡᠷᠡᠭᠦᠯᠪᠡ᠃ ᠭᠤᠷᠪᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ ᠰᠢᠭᠦᠬᠦ ᠳᠡᠰ | ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠡᠨᠡ ᠵᠢᠯ ᠠᠴᠠ ᠨᠠᠰᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ | ᠭᠤᠶᠤᠴᠢᠯᠠᠯ ᠢ ᠨᠡᠶᠢᠲᠡ 4 ᠬᠤᠪᠢ ᠬᠦᠯᠢᠶᠡᠨ ᠠᠪᠴᠤ᠂ ᠨᠢᠭᠡᠨᠲᠡ ᠪᠦᠬᠦᠨ ᠢ ᠳᠠᠭᠤᠰᠬᠠᠭᠰᠠᠨ ᠪᠠᠶᠢᠨ᠎ᠠ᠃ | ︵ᠵᠢᠷᠭᠤᠭ᠎ᠠ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠪᠡ | 1. ᠪᠠᠶᠢᠴᠠᠭᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠪᠠ᠃ | ᠨᠢᠭᠡ ᠳᠤ᠂ 7 ᠬᠡᠷᠡᠭ ᠢ ᠲᠤᠷᠰᠢᠨ ᠪᠠᠶᠢᠴᠠᠭᠠᠬᠤ ᠳᠤ ᠤᠷᠢᠳᠴᠢᠯᠠᠨ ᠣᠷᠣᠯᠴᠠᠵᠤ᠂ ᠠᠰᠠᠭᠤᠨ ᠯᠠᠪᠯᠠᠬᠤ | ᠵᠢᠯᠣᠭᠤᠳᠬᠤ ᠰᠠᠨᠠᠯ ᠢ 7 ᠤᠳᠠᠭ᠎ᠠ ᠬᠠᠩᠭᠠᠵᠤ᠂ ᠬᠦᠨᠳᠦ ᠶᠡᠭᠡ ᠬᠦᠴᠢᠷ ᠲᠦᠪᠡᠭᠲᠡᠶ ᠬᠡᠷᠡᠭ ᠢ 18 ᠤᠳᠠᠭ᠎ᠠ | ᠵᠥᠪᠳᠡᠯᠴᠡᠵᠦ᠂ 25 ᠬᠡᠷᠡᠭ ᠢ ᠶᠠᠷᠢᠯᠴᠠᠵᠤ᠂ ᠲᠤᠷᠰᠢᠨ ᠪᠠᠶᠢᠴᠠᠭᠠᠬᠤ ᠠᠵᠢᠯᠯᠠᠭ᠎ᠠ ᠶᠢᠨ ᠬᠠᠤᠯᠢ ᠶᠢ ᠵᠥᠷᠢᠴᠡᠭᠰᠡᠨ | 28 ᠬᠡᠷᠡᠭ ᠢ ᠪᠢᠴᠢᠭ ᠢᠶᠠᠷ ᠵᠠᠯᠠᠷᠠᠭᠤᠯᠵᠤ᠂ 5 ᠬᠡᠷᠡᠭ ᠢ ᠬᠢᠨᠠᠯᠲᠠ ᠲᠠᠯᠪᠢᠨ ᠬᠡᠷᠡᠭ ᠪᠣᠯᠭᠠᠨ ᠳᠡᠩᠰᠡᠯᠡᠵᠦ᠂ 1 | ᠬᠡᠷᠡᠭ ᠢ ᠬᠦᠴᠦᠨ ᠥᠬᠡᠶ ᠪᠣᠯᠭᠠᠵᠤ᠂ ᠡᠷᠡᠭᠦᠦ ᠶᠢᠨ ᠬᠡᠷᠡᠭ ᠢ ᠰᠢᠭᠦᠨ ᠲᠠᠰᠤᠯᠬᠤ ᠠᠵᠢᠯᠯᠠᠭ᠎ᠠ ᠳᠤ ᠬᠠᠤᠯᠢ ᠶᠢ | ᠵᠥᠷᠢᠴᠡᠭᠰᠡᠨ ᠢ ᠵᠠᠯᠠᠷᠠᠭᠤᠯᠬᠤ 2 ᠬᠤᠪᠢ ᠮᠡᠳᠡᠭᠳᠡᠯ ᠤᠨ ᠪᠢᠴᠢᠭ ᠶᠠᠪᠤᠭᠤᠯᠪᠠ᠃ ᠭᠢᠨᠳᠠᠨ ᠳᠤ ᠬᠤᠷᠢᠶᠠᠮᠵᠢᠯᠠᠨ | ᠬᠤᠷᠢᠵᠤ ᠭᠦᠢᠴᠡᠳᠬᠡᠬᠦ ᠬᠡᠷᠡᠭ ᠢ 3 ᠬᠡᠷᠡᠭ 3 ᠬᠥᠮᠥᠨ ᠢ ᠰᠢᠳᠬᠡᠵᠦ᠂ ᠲᠦᠷ ᠴᠠᠭ ᠭᠢᠨᠳᠠᠨ ᠤ ᠭᠠᠳᠠᠨ᠎ᠠ 2 | ᠬᠡᠷᠡᠭ ᠢ ᠬᠢᠨᠠᠨ ᠪᠠᠶᠢᠴᠠᠭᠠᠬᠤ ᠭᠠᠷ ᠭᠦᠢᠴᠡᠳᠬᠡᠯ ᠢ ᠭᠦᠢᠴᠡᠳᠬᠡᠵᠦ᠂ ᠬᠠᠤᠯᠢ ᠵᠥᠷᠢᠴᠡᠭᠰᠡᠨ ᠢ 1 ᠬᠤᠪᠢ | ᠵᠠᠯᠠᠷᠠᠭᠤᠯᠬᠤ ᠪᠠᠷ ᠳᠤᠷᠠᠳᠪᠠ᠃ ᠬᠢᠨᠠᠨ ᠬᠠᠮᠢᠶᠠᠷᠬᠤ ᠲᠠᠯᠠᠪᠤᠷ ᠤᠨ ᠠᠮᠤᠷ ᠲᠦᠪᠰᠢᠨ ᠤ ᠪᠠᠶᠢᠴᠠᠭᠠᠯᠲᠠ ᠶᠢ 6 | ᠤᠳᠠᠭ᠎ᠠ ᠥᠷᠨᠢᠭᠦᠯᠵᠦ᠂ ᠡᠷᠡᠭᠦᠦ ᠰᠢᠢᠳᠬᠡᠯ ᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯᠯᠠᠭ᠎ᠠ ᠶᠢᠨ ᠬᠠᠤᠯᠢ ᠠᠴᠠ | ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠳᠤ ᠪᠢᠴᠢᠭ ᠢᠶᠠᠷ ᠬᠢᠨᠠᠯᠲᠠ ᠲᠠᠯᠪᠢᠬᠤ ᠰᠠᠨᠠᠯ ᠢ 5 ᠬᠤᠪᠢ | ᠳᠤᠷᠠᠳᠪᠠ᠃ ᠭᠤᠷᠪᠠ ᠳᠤ ᠡᠷᠡᠭᠦᠦ ᠰᠢᠢᠳᠬᠡᠯ ᠢ ᠬᠠᠰᠤᠬᠤ᠂ ᠲᠡᠩᠰᠡᠨ ᠰᠤᠯᠠᠯᠠᠬᠤ᠂ ᠲᠦᠷ ᠭᠢᠨᠳᠠᠨ ᠤ ᠭᠠᠳᠠᠨ᠎ᠠ | ᠭᠦᠢᠴᠡᠳᠭᠡᠬᠦ ᠳᠤ ᠬᠢᠨᠠᠯᠲᠠ ᠲᠠᠯᠪᠢᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠦᠷ ᠭᠢᠨᠳᠠᠨ ᠤ ᠭᠠᠳᠠᠨ᠎ᠠ | ᠭᠦᠢᠴᠡᠳᠭᠡᠬᠦ ᠬᠥᠮᠦᠰ ᠢ ᠡᠷᠦᠬᠡ ᠳᠤ ᠣᠷᠣᠭᠤᠯᠵᠤ ᠰᠤᠷᠪᠤᠯᠵᠢᠯᠠᠨ᠎ᠠ᠃ ᠳᠥᠷᠪᠡ ᠳᠤ ︽ᠳᠥᠷᠪᠡᠨ ᠭᠠᠵᠠᠷ ᠤᠨ | ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠣᠷᠣᠨ ᠪᠦᠰᠡ | ᠠᠯᠤᠰᠯᠠᠭᠰᠠᠨ ᠬᠠᠮᠵᠢᠯᠴᠠᠭᠠᠨ ᠤ ᠲᠣᠭᠲᠠᠴᠠ︾ ᠳᠤ ᠭᠠᠷ ᠤᠨ ᠦᠰᠦᠭ ᠵᠢᠷᠤᠵᠤ᠂ ᠪᠥᠬᠦ ᠣᠷᠣᠨ ᠤ ᠠᠩᠬᠠᠳᠠᠭᠴᠢ | ᠤᠯᠠᠭᠠᠨᠮᠥ᠋ᠴᠢᠷ ᠤᠨ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠤᠬᠠᠭᠤᠯᠬᠤ ᠠᠩᠭᠢ ᠶᠢ ᠪᠠᠶᠢᠭᠤᠯᠪᠠ᠃ | ᠡᠨᠡ ᠵᠢᠯ ᠠᠴᠠ ᠨᠠᠰᠢ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ 46 ᠬᠤᠪᠢ | ᠬᠦᠯᠢᠶᠡᠨ ᠠᠪᠴᠤ᠂ 43 ᠬᠤᠪᠢ ᠶᠢ ᠨᠢ ᠬᠡᠷᠡᠭ ᠪᠣᠯᠭᠠᠨ ᠳᠠᠩᠰᠠᠯᠠᠪᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ | ᠬᠡᠷᠡᠭᠲᠡᠶ᠃ ᠡᠨᠡ ᠵᠢᠯ ᠠᠴᠠ ᠨᠡᠱᠢ ᠲᠥᠷᠥ ᠶᠢᠨ ᠪᠣᠳᠣᠯᠭ᠎ᠠ ᠶᠢᠨ ᠲᠠᠢᠯᠤᠮᠵᠢ 162 ᠵᠤᠷᠪᠤᠰ ᠰᠦᠯᠵᠢᠶᠡᠨ ᠤ | ᠥᠷᠲᠡᠭᠡ ᠶᠢᠨ ᠮᠡᠳᠡᠭᠡ ᠵᠠᠩᠭᠢ ᠶᠢ ᠳᠡᠭᠡᠭᠱᠢ ᠬᠦᠷᠭᠡᠬᠦ 882 ᠵᠤᠷᠪᠤᠰ᠃ ᠵᠢᠭᠰᠠᠭᠠᠨ ᠪᠠᠢᠴᠠᠭᠠᠯᠲᠠ ᠪᠠᠷ | ᠢᠯᠡᠷᠡᠭᠦᠯᠦᠭᠰᠡᠨ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠪᠤᠷᠤᠭᠤ ᠦᠰᠦᠭ 1179 ᠵᠤᠷᠪᠤᠰ | ᠣᠳᠣ ᠪᠦᠷ ᠴᠡᠭᠴᠡᠯᠡᠨ ᠵᠠᠰᠠᠵᠤ ᠳᠠᠭᠤᠰᠤᠭᠰᠠᠨ᠃ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠦᠯᠦᠭᠰᠡᠨ | ᠲᠠᠪᠴᠠᠩ ᠢ ᠬᠠᠮᠵᠢᠯᠴᠠᠨ ᠡᠬᠢᠯᠡᠨ ᠬᠡᠷᠡᠭᠯᠡᠵᠦ᠂ ᠭᠤᠤᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠤᠯᠭᠠᠪᠠ | ᠃ | 3. ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠲᠣᠭᠲᠠᠴᠠ ᠪᠠ ᠢᠲᠡᠭᠡᠯ ᠠᠯᠳᠠᠭᠰᠠᠳ ᠢ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ | ᠨᠡᠷᠡᠰ ᠢ ᠨᠡᠶᠢᠲᠡᠯᠡᠨ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠰᠣᠩᠭᠤᠨ ᠪᠣᠶ ᠪᠣᠯᠭᠠᠬᠤ ᠠᠵᠢᠯ ᠢ | ᠥᠷᠨᠢᠭᠦᠯᠵᠦ᠂ ᠣᠲᠣ ᠪᠣᠯᠲᠠᠯ᠎ᠠ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠨᠴᠢ | ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ 3᠂ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠬᠦᠷᠦᠭᠰᠡᠨ | ᠠᠵᠤ ᠠᠬᠤᠶᠢᠯᠠᠯ 5 ᠪᠠᠶᠢᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠂ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢᠨ ︽ᠬᠤᠶᠠᠷ ᠢ ᠢᠯᠡ ᠨᠡᠶᠢᠲᠡᠯᠡᠬᠦ︾ ᠠᠵᠢᠯ ᠢ ᠴᠢᠩᠭᠠᠳᠬᠠᠵᠤ᠂ ︽ | ᠢᠲᠡᠭᠡᠮᠵᠢᠲᠦ ᠰᠢᠯᠢ ᠶᠢᠨ ᠭᠤᠣᠯ︾ ᠢᠶᠠᠷ ᠳᠠᠮᠵᠢᠭᠤᠯᠤᠨ ᠢᠯᠡ ᠨᠡᠶᠢᠲᠡᠯᠡᠪᠡ᠃ | ︵ᠳᠤᠯᠤᠭ᠎ᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠪᠡ᠃ | 1. ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ︽ᠮᠥᠩᠬᠡ | ᠰᠤᠪᠠᠭ︾ ᠢ ᠬᠡᠷᠡᠭᠯᠡᠭᠡᠨ ᠤ ᠲᠠᠰ ᠢ ᠬᠠᠮᠠᠭᠠᠯᠠᠬᠤ ᠰᠢᠯᠭᠠᠨ ᠦᠨᠡᠯᠡᠬᠦ ᠠᠵᠢᠯ ᠪᠠ ᠬᠡᠷᠡᠭᠯᠡᠯᠲᠡ ᠶᠢ ᠨᠡᠭᠦᠯᠭᠡᠨ | ᠰᠢᠯᠵᠢᠭᠦᠯᠬᠦ ᠠᠵᠢᠯ ᠢ ᠥᠷᠨᠢᠭᠦᠯᠵᠦ᠂ 5 ᠵᠦᠢᠯ ᠤᠨ ᠲᠠᠰ ᠤᠨ ᠬᠠᠮᠠᠭᠠᠯᠠᠯᠲᠠ ᠶᠢᠨ ᠰᠢᠯᠭᠠᠨ ᠦᠨᠡᠯᠡᠬᠦ ᠠᠵᠢᠯ ᠪᠠ 7 | ᠵᠦᠢᠯ ᠤᠨ ᠬᠡᠷᠡᠭᠯᠡᠯᠲᠡ ᠶᠢ ᠨᠡᠭᠦᠯᠭᠡᠨ ᠰᠢᠯᠵᠢᠭᠦᠯᠬᠦ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ | 2. ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠪᠠᠷ ᠬᠠᠮᠲᠤ ᠳᠠᠭᠠᠨ ᠡᠳᠯᠡᠬᠦ ᠶᠢ | ᠲᠦᠷᠭᠡᠳᠬᠡᠨ ᠠᠬᠢᠭᠤᠯᠪᠠ᠃ ᠪᠡᠶ᠎ᠡ ᠶᠢᠨ ᠭᠠᠷᠤᠯ ᠤᠨ ᠭᠡᠷᠡᠴᠢᠯᠡᠯ᠂ ᠡᠯᠧᠺᠳ᠋ᠷᠣᠨ ᠲᠠᠮᠠᠭ᠎ᠠ᠂ ᠡᠯᠧᠺᠳ᠋ᠷᠣᠨ ᠭᠡᠷᠡᠴᠢ | ᠦᠨᠡᠮᠯᠡᠯ ᠵᠡᠷᠭᠡ ᠶᠢ ᠨᠢᠭᠡᠳᠦᠯᠲᠡᠶ ᠮᠠᠭᠠᠳᠯᠠᠨ ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠣᠲᠣ | ᠪᠣᠯᠲᠠᠯ᠎ᠠ ᠡᠯᠧᠺᠳ᠋ᠷᠣᠨ ᠦᠨᠡᠮᠯᠡᠯ ᠤᠨ 80 ᠲᠥᠷᠥᠯ ᠤᠨ ᠦᠯᠡᠳᠡᠭᠡᠯ ᠦᠨᠡᠮᠯᠡᠯ ᠤᠨ 107901 ᠬᠠᠭᠤᠳᠠᠰᠤ | ᠪᠠᠶᠢᠵᠤ᠂ ᠭᠠᠷ ᠤᠨ ᠥᠰᠥᠭ ᠵᠢᠷᠤᠭᠰᠠᠨ ᠨᠣᠷᠮ᠎ᠠ ᠨᠢ 100% ᠬᠦᠷᠪᠡ᠃ | ︵ᠨᠠᠢᠮᠠ︶ ᠬᠠᠤᠯᠢ ᠪᠠᠷ ᠵᠠᠰᠠᠬᠤ ᠨᠡᠢᠭᠡᠮ ᠤᠨ ᠠᠵᠢᠯ ᠤᠨ ᠱᠢᠰᠲ᠋ᠧᠮ ᠢ ᠲᠡᠭᠦᠯᠳᠡᠷᠵᠢᠭᠦᠯᠪᠡ᠃ | 1. ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠦᠷᠨᠢᠭᠦᠯᠪᠡ᠃ | ᠣᠯᠠᠨ ᠬᠡᠯᠪᠡᠷᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠨᠡ ᠵᠢᠯ ᠠᠴᠠ ᠨᠠᠰᠢ ᠡᠯ᠎ᠡ ᠲᠥᠷᠥᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 84 ᠤᠳᠠᠭ᠎ᠠ | ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠮᠠᠲ᠋ᠧᠷᠢᠶᠠᠯ ᠢ 45300 ᠭᠠᠷᠤᠶ ᠬᠤᠪᠢ ︵ | ᠳᠡᠪᠲᠡᠷ︶ ᠲᠠᠷᠬᠠᠭᠠᠵᠤ᠂ 85 ᠵᠤᠷᠪᠤᠰ ᠤᠬᠠᠭᠤᠯᠭ᠎ᠠ ᠶᠢᠨ ᠤᠷᠢᠶ᠎ᠠ ᠨᠠᠭᠠᠵᠤ᠂ 14 ᠬᠡᠰᠡᠭ ᠳᠡᠯᠭᠡᠨ ᠦᠵᠡᠭᠦᠯᠬᠦ | ᠰᠠᠮᠪᠠᠷ᠎ᠠ ᠲᠠᠯᠪᠢᠪᠠ᠃ | 2. ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ | ᠨᠢᠭᠡ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠦᠨᠡᠨᠬᠦ ᠪᠠᠳᠠᠷᠠᠭᠤᠯᠪᠠ᠃ | ᠡᠨᠡ ᠵᠢᠯ ᠠᠴᠠ ᠨᠠᠰᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 187 ᠬᠤᠪᠢ ᠰᠢᠢᠳᠪᠦᠷᠢᠯᠡᠵᠦ᠂ | ᠵᠣᠭᠤᠰ ᠤᠨ ᠲᠤᠭ᠎ᠠ ᠨᠢ 506.1 ᠲᠦᠮᠡᠨ ᠲᠥᠭᠦᠷᠢᠭ ᠲᠤ ᠬᠦᠷᠴᠡᠶ᠃ ᠬᠤᠶᠠᠷ ᠲᠤ᠂ ᠠᠯᠪᠠᠨ ᠭᠡᠷᠡᠴᠢᠯᠡᠭᠡ ᠪᠠᠷ | ᠠᠷᠠᠳ ᠲᠤ ᠲᠥᠬᠦᠮ ᠦᠵᠡᠭᠦᠯᠬᠦ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠡᠨᠡ ᠵᠢᠯ ᠠᠴᠠ ᠨᠠᠰᠢ ᠡᠯ᠎ᠡ | ᠲᠥᠷᠥᠯ ᠤᠨ ᠠᠯᠪᠠᠨ ᠭᠡᠷᠡᠴᠢᠯᠡᠭᠡ ᠶᠢ ᠨᠡᠶᠢᠲᠡ 168 ᠬᠤᠪᠢ ᠭᠦᠢᠴᠡᠳᠬᠡᠪᠡ᠃ | 3. ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠪᠠ᠃ ᠣᠲᠣ ᠪᠣᠯᠲᠠᠯ᠎ᠠ | ᠪᠥᠬᠦ ᠬᠤᠰᠢᠭᠤᠨ ᠳᠤ ᠳᠠᠩᠰᠠᠯᠠᠭᠤᠯᠤᠭᠰᠠᠨ ᠵᠠᠯᠠᠷᠠᠭᠤᠯᠬᠤ ᠡᠲᠡᠭᠡᠳ 28 ᠪᠠᠶᠢᠵᠤ᠂ ᠡᠨᠡ ᠵᠢᠯ ᠨᠡᠶᠢᠲᠡ 28 | ᠬᠥᠮᠦᠨ ᠢ ᠬᠠᠰᠤᠵᠤ᠂ 3 ᠬᠥᠮᠦᠨ ᠢ ᠭᠢᠨᠳᠠᠨ ᠳᠤ ᠣᠷᠣᠭᠤᠯᠤᠨ ᠭᠦᠢᠴᠡᠳᠭᠡᠪᠡ᠃ ᡁᠢ ᠰᠢᠨ ᠰᠡᠳᠬᠢᠴᠡ ᠶᠢᠨ | ᠵᠥᠪᠯᠡᠯᠭᠡ ᠥᠭᠬᠦ ᠪᠦᠯᠬᠦᠮ ᠨᠡᠶᠢᠲᠡ ᠲᠠᠢ ᠢᠳᠡᠪᠬᠢᠲᠡᠶ ᠵᠣᠯᠭᠠᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ | ᠡᠲᠡᠭᠡᠳ ᠲᠤ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ 8 ᠤᠳᠠᠭ᠎ᠠ ᠬᠠᠩᠭᠠᠪᠠ᠃ | ︵ᠶᠢᠰᠦ︶ ᠨᠠᠮ ᠠᠴᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠳᠤᠷᠢᠳᠤᠨ ᠠᠬᠢᠭᠤᠯᠬᠤ ᠰᠢᠰᠲ᠋ᠧᠮ ᠢ | ᠲᠡᠭᠦᠯᠳᠡᠷᠵᠢᠭᠦᠯᠪᠡ | 1. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠪᠠ᠃ ᠨᠢᠭᠡ ᠳᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠡᠷᠭᠡ ᠬᠠᠤᠯᠢ ᠪᠠᠷ | ᠵᠠᠰᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠭᠤᠤᠯ | ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠬᠠᠮᠢᠶ᠎ᠠ ᠪᠥᠬᠦᠶ ᠭᠤᠤᠯ ᠰᠡᠳᠦᠪᠲᠦ | ᠰᠤᠷᠤᠯᠴᠠᠯᠭ᠎ᠠ ᠶᠢ 10 ᠤᠳᠠᠭ᠎ᠠ ᠥᠷᠨᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ | ᠲᠤᠰᠬᠠᠶ ᠰᠡᠳᠦᠪᠲᠦ ᠲᠠᠶᠢᠯᠤᠮᠵᠢ ᠶᠢ 2 ᠲᠠᠯᠠᠪᠤᠷ ᠥᠷᠨᠢᠭᠦᠯᠵᠦ᠂ ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ | ᠮᠡᠳᠡᠯᠭᠡ ᠶᠢᠨ ᠰᠢᠯᠭᠠᠯᠲᠠ ᠶᠢ 2 ᠲᠠᠯᠠᠪᠤᠷ ᠥᠷᠨᠢᠭᠦᠯᠪᠡ᠃ ᠬᠤᠶᠠᠷ ᠲᠤ᠂ ︽ᠰᠥᠨᠢᠳ ᠪᠠᠷᠠᠭᠤᠨ ᠬᠤᠰᠢᠭᠤᠨ ᠤ | 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ | ᠲᠣᠭᠲᠠᠭᠠᠨ ᠳᠠᠷᠤᠮᠠᠯᠯᠠᠨ ᠲᠠᠷᠬᠠᠭᠠᠪᠠ᠃ ᠭᠤᠷᠪᠠ ᠳᠤ᠂ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠲᠠᠢ ᠬᠠᠮᠵᠢᠯᠴᠠᠨ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠵᠤ᠂ ᠤᠳᠤ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠪᠠ᠃ ᠳᠥᠷᠪᠡ ᠳᠤ ᠬᠤᠰᠢᠭᠤᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠠᠷᠪᠠᠨ ᠵᠢᠷᠭᠤᠳᠤᠭᠠᠷ | ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠨᠢᠭᠡᠳᠦᠭᠡᠷ ᠤᠳᠠᠭᠠᠨ ᠤ | ᠬᠤᠷᠠᠯ ᠠᠴᠠ ᠪᠥᠬᠦ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠰᠤᠳᠤᠯᠤᠨ | ᠪᠠᠶᠢᠷᠢᠯᠠᠭᠤᠯᠪᠠ᠃ | 2. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠲᠡᠭᠦᠯᠳᠡᠷᠵᠢᠭᠦᠯᠪᠡ᠃ ᠪᠥᠬᠦ ᠬᠤᠰᠢᠭᠤᠨ ᠤ ᠡᠯ᠎ᠡ ᠱᠠᠲᠤᠨ ᠤ ᠮᠡᠳᠡᠭᠦᠯᠦᠯᠲᠡ ᠶᠢ | ᠵᠣᠬᠢᠶᠠᠨ ᠪᠠᠶᠢᠭᠤᠯᠬᠤ ᠶᠢᠨ ᠬᠠᠮᠲᠤ 2022 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠵᠠᠷᠯᠠᠨ ᠨᠡᠶᠢᠲᠡᠯᠡᠪᠡ︔ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠨᠥᠬᠦᠳ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ | ᠮᠠᠨ ᠤ ᠬᠤᠰᠢᠭᠤᠨ ᠤ 2022 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠬᠠᠷᠢᠭᠤ | ᠮᠡᠳᠡᠭᠦᠯᠦᠯᠲᠡ ᠬᠢᠪᠡ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ᠡᠨᠡ ᠵᠢᠯ ᠮᠠᠨ ᠤ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ | ᠬᠡᠳᠦ᠋ᠢᠪᠡᠷ ᠵᠣᠬᠢᠬᠤ ᠠᠮᠵᠢᠯᠲᠠ ᠣᠯᠤᠭᠰᠠᠨ ᠪᠣᠯᠪᠠᠴᠤ ᠪᠠᠰᠠ ᠡᠳᠦᠶ ᠲᠡᠳᠦᠶ ᠵᠥᠷᠢᠶ᠎ᠡ ᠣᠷᠣᠰᠢᠵᠤ ᠪᠠᠶᠢᠨ᠎ᠠ᠃ | ᠨᠢᠭᠡ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ | ᠠᠷᠭ᠎ᠠ ᠪᠠᠷᠢᠯ ᠪᠠ ᠠᠷᠭ᠎ᠠ ᠵᠠᠮ ᠨᠡᠯᠢᠶᠡᠳ ᠲᠠᠩ ᠴᠤᠯᠭᠤᠢ᠂ ᠬᠡᠰᠡᠭ ᠤᠳᠤᠷᠢᠳᠬᠤ ᠺᠠᠳ᠋ᠷ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠭᠰᠠᠨ ᠦᠭᠡᠢ᠂ ᠨᠡᠪᠲᠡᠷᠬᠡᠢ ᠪᠢᠰᠢ᠂ ᠨᠠᠷᠢᠨ ᠪᠤᠰᠤ | ᠪᠠᠶᠢᠳᠠᠯ ᠳᠤ ᠮᠥᠨ ᠣᠷᠣᠰᠢᠭᠰᠠᠭᠠᠷ ᠪᠠᠶᠢᠨ᠎ᠠ᠃ ᠬᠤᠶᠠᠷ ᠲᠤ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ | ᠬᠦᠴᠦᠨ ᠨᠡᠯᠢᠶᠡᠳ ᠪᠠᠭᠤᠷᠠᠶ ᠪᠠᠶᠢᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠵᠣᠬᠢᠬᠤ | ᠬᠡᠮᠵᠢᠶ᠎ᠡ ᠪᠠᠷ ᠨᠥᠯᠥᠭᠡᠯᠡᠨ᠎ᠡ᠃ ᠭᠤᠷᠪᠠ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠳᠤᠮᠳᠠᠬᠢ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠵᠢᠱᠢᠶᠡᠴᠢ ᠶᠢ ᠠᠭᠤᠳᠠᠯᠬᠤ ᠪᠠ ᠤᠬᠠᠭᠤᠯᠬᠤ ᠪᠠᠷ | ᠬᠦᠷᠦᠯᠴᠡᠬᠦ ᠦᠭᠡᠢ ᠪᠠᠶᠢᠨ᠎ᠠ᠃ | ᠭᠤᠷᠪᠠ᠂ ᠳᠠᠷᠠᠭ᠎ᠠ ᠠᠯᠬᠤᠮ ᠤᠨ ᠲᠥᠯᠥᠪᠯᠡᠭᠡ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ | ᠲᠤᠤᠱᠯᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ | ᠭᠦᠨᠵᠡᠭᠡᠶ ᠳᠥᠯᠭᠢᠨ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ | ᠡᠯ᠎ᠡ ᠵᠦᠢᠯ ᠤᠨ ᠠᠵᠢᠯ ᠢ ᠳᠥᠯᠭᠢᠨ ᠠᠬᠢᠭᠤᠯᠬᠤ ᠤᠬᠠᠮᠰᠠᠷ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ | ᠬᠥᠮᠦᠵᠢᠭᠦᠯᠦᠨ ᠠᠬᠢᠭᠤᠯᠤᠨ᠎ᠠ︔ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠭᠤᠤᠯ ᠬᠠᠷᠢᠭᠤᠴᠠᠯᠭᠠᠲᠠᠨ ᠤ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠵᠦ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠴᠢᠩᠭᠠᠯᠠᠨ᠎ᠠ︔ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠠᠤᠯᠢ | ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠬᠠᠤᠯᠢ | ᠬᠡᠷᠡᠭᠵᠢᠭᠦᠯᠬᠦ ᠠᠵᠢᠯ ᠤᠨ ᠵᠢᠷᠤᠮᠵᠢᠯ ᠲᠠᠢ ᠲᠥᠪ ᠭᠤᠤᠯᠴᠢ ᠪᠠᠶᠢᠬᠤ ᠶᠢ ᠲᠦᠯᠬᠢᠨ ᠠᠬᠢᠭᠤᠯᠤᠨ᠎ᠠ︔ ᠤᠬᠠᠭᠤᠯᠤᠨ | ᠠᠭᠤᠳᠠᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠦᠨ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠬᠠᠤᠯᠢ ᠪᠠᠷ ᠵᠠᠰᠠᠬᠤ ᠠᠭᠤᠷ ᠠᠮᠢᠰᠬᠤᠯ ᠢ | ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠰᠥᠨᠢᠳ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | 2023 ᠣᠨ ᠤ 12 ᠰᠠᠷ᠎ᠠ ᠶᠢᠨ 21 ᠤ ᠡᠳᠦᠷ |