ᠤᠶᠤᠨᠯᠢᠭ ᠰᠢᠨ᠎ᠡ ᠲᠦᠭᠦᠭᠡᠷᠦᠮᠵᠢ ᠰᠠᠭᠤᠭᠠᠯᠢ ᠠᠷᠠᠳ ᠲᠤ ᠲᠦᠬᠦᠮ ᠦᠵᠡᠬᠦᠯᠵᠦ ᠪᠡᠶᠢᠨ᠎ᠡ
ᠨᠡᠶᠢᠲᠡᠯᠡᠭᠰᠡᠨ ᠴᠠᠭ᠄
2024/2/10
      ᠬᠤᠰᠢᠭᠤ ᠤᠰᠤ ᠬᠠᠩᠭᠠᠵᠤ ᠤᠰᠤ ᠵᠠᠯᠠᠬᠤ ᠬᠢᠵᠠᠭᠠᠷᠲᠤ ᠺᠣᠮᠫᠠᠨᠢ ᠶᠢᠨ ᠬᠢᠨ ᠤᠰᠤ ᠬᠠᠩᠭᠠᠬᠤ ᠦᠢᠯᠡᠴᠢᠯᠡᠭᠡᠨ ᠤ ᠣᠶᠤᠨᠴᠢᠯᠠᠭᠰᠠᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠶᠤᠨᠯᠢᠭ ᠤᠰᠤᠨ ᠤ ᠬᠡᠮᠵᠢᠭᠦᠷ ᠢ ᠰᠦᠢᠳᠬᠡᠯ ᠬᠤᠷᠢᠶᠠᠬᠤ ᠦᠭᠡᠢ ᠪᠠᠷ ᠤᠭᠰᠠᠷᠠᠬᠤ ᠠᠵᠢᠯ ᠢ ᠢᠳᠡᠪᠬᠢᠲᠡᠢ ᠥᠷᠨᠢᠭᠦᠯᠵᠦ᠂ ᠤᠶᠤᠨᠴᠢᠯᠠᠭᠰᠠᠨ ᠰᠢᠨ᠎ᠡ ᠲᠦᠭᠦᠭᠡᠷᠦᠮᠵᠢ ᠪᠠᠷ ᠠᠷᠠᠳ ᠤᠯᠠᠨ ᠳᠤ ᠲᠦᠭᠦᠮ ᠦᠵᠡᠬᠦᠯᠵᠦ ᠪᠡᠶᠢᠨ᠎ᠡ᠃       ᠰᠠᠶᠢᠬᠠᠨᠲᠠᠯ᠎ᠠ ᠪᠠᠯᠭᠠᠰᠤᠨ ᠤ ᠰᠢᠤᠳᠠᠨ ᠤ ᠰᠠᠭᠤᠭᠠᠯᠢ ᠲᠣᠭᠤᠷᠢᠭ ᠤᠨ ᠯᠢᠦ ᠠᠪᠠᠭ᠋ᠠᠢ ᠶᠢᠨ ᠳᠤ ᠬᠦᠷᠬᠦ ᠳᠤ᠂ ᠠᠵᠢᠯᠲᠠᠳ ᠤᠰᠤᠨ ᠤ ᠬᠡᠮᠵᠢᠭᠦᠷ ᠤᠨ ᠪᠠᠶᠢᠷᠢ ᠶᠢ ᠪᠠᠶᠢᠴᠠᠭᠠᠨ ᠦᠵᠡᠭᠰᠡᠨ ᠤ ᠳᠠᠷᠠᠭ᠎ᠠ᠂ ᠳᠡᠳᠡᠨ ᠤ ᠳᠤ ᠤᠶᠤᠨᠯᠢᠭ ᠤᠰᠤᠨ ᠤ ᠬᠡᠮᠵᠢᠭᠦᠷ ᠰᠣᠯᠢᠵᠤ ᠥᠭᠴᠡᠢ᠃ ᠤᠤᠯ ᠤᠨ ᠤᠰᠤᠨ ᠤ ᠬᠡᠮᠵᠢᠭᠦᠷ ᠲᠠᠢ ᠬᠠᠷᠢᠴᠠᠭᠤᠯᠪᠠᠯ᠂ ᠰᠢᠨ᠎ᠡ ᠪᠠᠷ ᠰᠣᠯᠢᠭᠰᠠᠨ ᠤᠰᠤᠨ ᠤ ᠬᠡᠮᠵᠢᠭᠦᠷ ᠨᠢ ᠠᠦ᠋ᠲ᠋ᠣ᠋ ᠬᠦᠰᠦᠨᠦᠭ ᠬᠠᠭᠤᠯᠬᠤ᠂ ᠲᠤᠭ᠎ᠠ ᠪᠠᠷᠢᠮᠲᠠ ᠶᠢᠨ ᠷᠠᠳᠢᠣ᠋ ᠳᠠᠮᠵᠢᠭᠤᠯᠭ᠎ᠠ᠂ ᠠᠷᠤ ᠲᠠᠪᠴᠠᠩ ᠤᠨ ᠣᠶᠤᠨᠲᠤ ᠬᠠᠮᠢᠶᠠᠷᠤᠯᠲᠠ ᠵᠡᠷᠭᠡ ᠴᠢᠳᠠᠮᠵᠢ ᠲᠠᠢ ᠪᠠᠶᠢᠳᠠᠭ᠃ ᠰᠠᠭᠤᠭᠠᠯᠢ ᠠᠷᠠᠳ ᠲᠤ ᠤᠶᠤᠨᠯᠢᠭ ᠤᠰᠤᠨ ᠤ ᠬᠡᠮᠵᠢᠭᠦᠷ ᠤᠨ ᠳᠥᠭᠦᠮ ᠳᠥᠲᠡ ᠴᠢᠳᠠᠮᠵᠢ ᠪᠠ ᠬᠡᠷᠡᠭᠯᠡᠬᠦ ᠠᠷᠭ᠎ᠠ ᠶᠢ ᠭᠦᠢᠴᠡᠳ ᠣᠶᠢᠯᠠᠭᠠᠭᠤᠯᠬᠤ ᠶᠢᠨ ᠲᠥᠯᠥᠭᠡ᠂ ᠠᠵᠢᠯᠲᠠᠳ ᠰᠠᠭᠤᠭᠠᠯᠢ ᠠᠷᠠᠳ ᠲᠤ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠠᠪᠤᠴᠠ ᠶᠢ ᠵᠢᠭᠠᠵᠦ᠂ ᠬᠡᠷᠡᠭᠯᠡᠭᠴᠢᠳ ᠤᠨ ᠸᠢᠴᠠᠲ᠂ ᠳᠤᠭᠠᠴᠠᠭ᠎ᠠ ᠬᠢᠬᠦ ᠳᠠᠪᠴᠠᠩ ᠵᠡᠷᠭᠡ ᠭᠠᠷ ᠤᠲᠠᠰᠤᠨ ᠤ ᠵᠥᠭᠡᠯᠡᠨ ᠲᠣᠨᠤᠭ ᠢᠶᠠᠷ ᠳᠠᠮᠵᠢᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠂ ᠦᠯᠡᠳᠡᠪᠦᠷᠢ ᠮᠦᠩᠭᠦᠨ ᠤ ᠲᠤᠭ᠎ᠠ ᠶᠢ ᠪᠠᠶᠢᠴᠠᠭᠠᠨ ᠯᠠᠪᠯᠠᠬᠤ ᠵᠡᠷᠭᠡ ᠲᠤᠬᠠᠶᠢᠯᠠᠭᠰᠠᠨ ᠠᠵᠢᠯ  ᠬᠦᠢᠴᠡᠳᠬᠡᠬᠦ ᠳᠤ ᠨᠢ ᠲᠦᠭᠦᠮ ᠦᠵᠡᠬᠦᠯᠦᠭᠰᠡᠨ ᠢᠶᠠᠷ ᠪᠠᠷᠠᠬᠤ ᠦᠬᠡᠢ᠂ ︽ᠬᠦᠰᠦᠨᠦᠭᠲᠦ ᠶᠢ ᠳᠡᠮᠳᠡᠭᠯᠡᠬᠦ ᠳᠤ ᠡᠷᠦᠬᠡ ᠳᠤ ᠣᠷᠣᠬᠤ ᠦᠭᠡᠢ᠂ ᠰᠦᠢᠳᠬᠡᠯ ᠳᠤᠰᠢᠶᠠᠬᠤ ᠳᠤ ᠭᠡᠷ ᠠᠴᠠ ᠪᠠᠨ ᠭᠠᠷᠬᠤ ᠦᠬᠡᠢ︾  ᠪᠠᠶᠢᠬᠤ ᠶᠢ ᠪᠦᠲᠦᠮᠵᠢᠳᠡᠢ ᠪᠡᠶᠡᠯᠡᠬᠦᠯᠵᠡᠢ᠃       ᠰᠤᠷᠪᠤᠯᠵᠢᠯᠠᠭ᠎ᠠ᠄  ᠰᠠᠭᠤᠭᠠᠯᠢ ᠠᠷᠠᠳ ᠯᠢᠦ ᠰᠢᠸ ᠴᠢᠨ  ︵ᠠᠵᠢᠯᠲᠠᠨ  ᠮᠠᠨ ᠤ ᠳᠤ ᠡᠨᠡᠬᠦ ᠤᠰᠤᠨ ᠤ ᠬᠡᠮᠵᠢᠭᠦᠷ ᠢ ᠤᠭᠰᠠᠷᠠᠵᠤ᠂ ᠭᠠᠷ ᠤᠲᠠᠰᠤᠨ ᠳᠡᠭᠡᠷ᠎ᠡ ᠶᠠᠭᠠᠬᠢᠵᠤ ᠰᠦᠢᠳᠬᠡᠯ ᠲᠤᠰᠢᠶᠠᠬᠤ ᠶᠢ ᠵᠢᠭᠠᠵᠤ ᠥᠭᠭᠦᠭᠰᠡᠨ ᠶᠤᠮ᠂ ᠣᠲᠣ ᠭᠡᠷ ᠠᠴᠠ ᠪᠠᠨ ᠭᠠᠷᠬᠤ ᠦᠭᠡᠢ ᠪᠠᠷ ᠰᠦᠢᠳᠬᠡᠯ ᠲᠤᠰᠢᠶᠠᠴᠢᠬᠠᠨ᠎ᠠ᠃︶ᠰᠠᠶ᠋ᠢᠬᠠᠨ ᠰᠢᠨ᠎ᠡ ᠭᠡᠷ ᠲᠤ ᠨᠡᠭᠦᠵᠦ ᠣᠷᠣᠭᠰᠠᠨ ᠯᠢ ᠠᠪᠤᠭᠠᠢ ᠶᠢᠨ ᠳᠤ ᠤᠶᠤᠨᠯᠢᠭ ᠤᠰᠤᠨ ᠤ ᠬᠡᠮᠵᠢᠭᠦᠷ‌ᠤᠭᠰᠠᠷᠠᠵᠤ ᠦᠭᠭᠦᠭᠰᠡᠨ ᠨᠢ ᠲᠡᠭᠦᠨ ᠤ ᠰᠠᠨᠠᠭᠠᠨ ᠳᠤ ᠶᠠᠪ ᠴᠠᠪ ᠨᠡᠶᠢᠴᠡᠵᠦ᠂ ᠤᠶᠤᠨᠴᠢ ᠰᠢᠨ᠎ᠡ ᠮᠡᠷᠭᠡᠵᠢᠯ ᠤᠨ  ᠲᠦᠭᠦᠮ ᠲᠦᠳᠡ ᠪᠤᠯᠤᠭᠰᠠᠨ ᠳᠤ ᠪᠠᠶᠠᠷᠯᠠᠵᠤ ᠪᠠᠶᠢᠯ᠎ᠠ᠃       ᠰᠤᠷᠪᠤᠯᠵᠢᠯᠠᠭ᠎ᠠ᠄ ᠰᠠᠭᠤᠭᠠᠯᠢ ᠠᠷᠠᠳ ᠯᠢ ᠶᠠᠨ  ︵ᠥᠩᠭᠡᠷᠡᠭᠰᠡᠨ ᠤ ᠤᠰᠤᠨ ᠤ ᠬᠡᠮᠵᠢᠭᠦᠷ ᠨᠢ ᠶᠡᠭᠡ ᠲᠢᠩᠬᠢᠮ ᠳᠤ ᠣᠴᠢᠵᠤ ᠰᠦᠢᠳᠬᠡᠯ ᠲᠤᠰᠢᠶᠠᠬᠤ ᠴᠢᠬᠤᠯᠠᠲᠠᠢ ᠪᠠᠶᠢᠭᠰᠠᠨ᠂ ᠣᠲᠣ ᠡᠨᠡ ᠬᠦ ᠤᠶᠤᠨᠯᠢᠭ ᠬᠡᠮᠵᠢᠭᠦᠷ ᠢ ᠰᠣᠯᠢᠪᠠᠯ᠂ ᠶᠡᠭᠡ ᠲᠢᠩᠬᠢᠮ ᠳᠤ ᠣᠴᠢᠵᠤ ᠰᠦᠢᠳᠬᠡᠯ ᠲᠤᠰᠢᠶᠠᠬᠤ ᠬᠡᠷᠡᠭ ᠦᠭᠡᠢ᠂ ᠭᠠᠷ ᠤᠲᠠᠰᠤᠨ ᠳᠡᠭᠡᠷ᠎ᠡ ᠲᠤᠰᠢᠶᠠᠴᠢᠬᠠᠨ᠎ᠠ᠂ ᠤᠰᠤᠨ ᠤ ᠬᠡᠮᠵᠢᠭᠦᠷ ᠢ ᠴᠥᠮ ᠰᠦᠢᠳᠬᠡᠯ ᠬᠤᠷᠢᠶᠠᠬᠤ ᠦᠭᠡᠢ ᠪᠠᠷ ᠤᠭᠰᠠᠷᠠᠵᠤ ᠦᠭᠴᠦ ᠪᠠᠶᠢᠨ᠎ᠠ᠂ ᠠᠷᠠᠳ ᠣᠯᠠᠨ ᠳᠤ ᠲᠥᠬᠦᠮ ᠦᠵᠡᠭᠦᠯᠵᠦ᠂ ᠬᠠᠯᠠᠭᠤᠨ ᠳᠤᠯᠠᠭᠠᠨ  ᠰᠠᠨᠠᠭᠳᠠᠵᠤ ᠪᠠᠶᠢᠨ᠎ᠠ᠃  ︶       ᠤᠶᠤᠨᠯᠢᠭ ᠤᠰᠤᠨ ᠤ ᠬᠡᠮᠵᠢᠭᠦᠷ ᠢ ᠰᠣᠯᠢᠬᠤ ᠨᠢ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠨᠡᠩ ᠴᠤ ᠤᠶᠤᠨᠴᠢᠯᠠᠭᠰᠠᠨ ᠤᠰᠤᠨ ᠤ ᠶᠠᠪᠤᠳᠠᠯ᠂ ᠤᠶᠤᠨᠴᠢᠯᠠᠭᠰᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠤᠰᠤ ᠬᠠᠩᠭᠠᠵᠤ ᠤᠰᠤ ᠵᠠᠯᠠᠬᠤ ᠺᠣᠮᠫᠠᠨᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠤᠶᠤᠨᠯᠢᠭ ᠠᠯᠤᠰ ᠳᠠᠮᠵᠢᠭᠤᠯᠭ᠎ᠠ ᠶᠢᠨ ᠤᠰᠤᠨ ᠤ ᠬᠡᠮᠵᠢᠭᠦᠷ ᠢ ᠰᠤᠯᠢᠭᠰᠠᠨ ᠨᠢ ᠴᠠᠭ ᠲᠤᠬᠠᠢ ᠳᠤᠨᠢ ᠲᠤᠭ᠎ᠠ ᠪᠠᠷᠢᠮᠲᠠ ᠶᠢ ᠳᠠᠮᠵᠢᠭᠤᠯᠬᠤ᠂ ᠨᠠᠷᠢᠯᠢᠭ ᠣᠨᠣᠴᠠᠲᠠᠢ ᠪᠠᠷ ᠬᠡᠮᠵᠢᠬᠦ᠂ ᠰᠢᠭᠤᠳ ᠦᠵᠡᠭᠦᠯᠦᠨ ᠤᠩᠰᠢᠬᠤ ᠳᠤ ᠬᠢᠯᠪᠠᠷ᠂ ᠡᠨᠧᠷᠭᠢ ᠶᠢᠨ ᠬᠤᠷᠣᠭᠳᠠᠯ ᠢᠶᠠᠷ ᠪᠠᠭ᠎ᠠ ᠵᠡᠷᠭᠡ ᠳᠠᠪᠠᠭᠤᠯᠢᠭ ᠲᠠᠢ ᠪᠠᠶᠢᠵᠤ᠂ ᠤᠰᠤ ᠬᠡᠷᠡᠭᠯᠡᠬᠦ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠠᠯᠤᠰ ᠠᠴᠠ ᠳᠠᠮᠵᠢᠭᠤᠯᠬᠤ ᠶᠢ ᠪᠡᠶᠡᠯᠡᠭᠦᠯᠵᠦ ᠴᠢᠳᠠᠨ᠎ᠠ᠃ ᠡᠭᠦᠨ ᠤ ᠬᠠᠮᠲᠤ ᠪᠠᠰᠠ ᠠᠷᠤ ᠲᠠᠪᠴᠠᠩ ᠤᠨ ᠲᠤᠭ᠎ᠠ ᠪᠠᠷᠢᠮᠲᠠ ᠶᠢ ᠵᠠᠳᠠᠯᠬᠤ ᠪᠠᠷ ᠳᠡᠮᠵᠢᠨ᠂ ᠬᠡᠷᠡᠭᠯᠡᠭᠴᠢ ᠶᠢᠨ ᠭᠡᠷ ᠲᠤ ᠤᠰᠤ ᠭᠤᠭᠤᠵᠢᠵᠤ ᠪᠠᠶᠢᠬᠤ ᠡᠰᠡᠬᠦ ᠶᠢ ᠮᠠᠭᠠᠳᠯᠠᠵᠤ᠂ ᠬᠡᠷᠡᠭᠯᠡᠭᠴᠢ ᠶᠢᠨ ᠬᠡᠲᠦ  ᠶᠡᠭᠡ ᠤᠰᠤ ᠬᠡᠷᠡᠭᠯᠡᠬᠦ ᠶᠢ ᠰᠠᠨᠠᠭᠤᠯᠵᠤ᠂ ᠡᠯ᠎ᠡ ᠵᠦᠢᠯ ᠤᠨ ᠤᠰᠤ ᠬᠡᠷᠡᠭᠯᠡᠬᠦ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠪᠣᠯᠣᠨ᠎ᠠ᠃ ᠬᠤᠰᠢᠭᠤ ᠤᠰᠤ ᠬᠠᠩᠭᠠᠵᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠰᠠ 24 ᠴᠠᠭ ᠤᠨ ᠦᠢᠯᠡᠴᠢᠯᠡᠭᠡᠨ ᠤ ᠤᠲᠠᠰᠤ ᠲᠤᠬᠢᠷᠠᠭᠤᠯᠤᠨ ᠵᠠᠰᠠᠨ ᠰᠡᠯᠪᠢᠬᠦ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠤᠯᠠᠨ ᠲᠦᠮᠡᠨ ᠳᠤ ᠠᠮᠤᠷ ᠲᠦᠪᠰᠢᠨ᠂ ᠳᠥᠭᠦᠮ ᠳᠥᠲᠡ ᠤᠰᠤ ᠬᠠᠩᠭᠠᠬᠤ ᠦᠢᠯᠡᠴᠢᠯᠡᠭᠡ ᠬᠠᠩᠭᠠᠵᠤ᠂ ᠠᠷᠠᠳ ᠤᠨ ᠰᠡᠳᠬᠢᠯ ᠤᠨ ᠢᠨᠵᠧᠨᠧᠷᠢᠩ ᠢ ᠦᠨᠡᠨᠬᠦ ᠠᠷᠠᠳ ᠤᠨ ᠰᠡᠳᠬᠢᠯ ᠳᠤ ᠬᠦᠷᠭᠡᠵᠡᠢ᠃       ᠰᠤᠷᠪᠤᠯᠵᠢᠯᠠᠭ᠎ᠠ᠄ ᠬᠤᠰᠢᠭᠤ ᠤᠰᠤ ᠬᠠᠩᠭᠠᠵᠤ ᠤᠰᠤ ᠵᠠᠯᠠᠬᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ  ᠲᠠᠢ ᠯᠢ ᠵᠢᠶᠧ ︵ᠠᠯᠤᠰ ᠠᠴᠠ ᠳᠠᠮᠵᠢᠭᠤᠯᠬᠤ ᠤᠰᠤᠨ ᠬᠡᠮᠵᠢᠭᠦᠷ ᠤᠨ ᠰᠢᠰᠲ᠋ᠧᠮ ᠳᠤ ᠤᠲᠠᠰᠤ ᠲᠠᠢ ᠪᠤᠶᠤ ᠤᠲᠠᠰᠤ ᠦᠭᠡᠢ ᠠᠯᠤᠰ ᠳᠠᠮᠵᠢᠭᠤᠯᠭ᠎ᠠ ᠶᠢᠨ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠲᠣᠬᠢᠷᠠᠭᠤᠯᠵᠤ᠂ ᠤᠰᠤ ᠬᠠᠩᠭᠠᠬᠤ ᠠᠵᠤ ᠠᠬᠤᠶᠢᠯᠠᠯ ᠤᠨ ᠬᠢᠨ ᠬᠡᠮᠵᠢᠭᠦᠷ ᠢ ᠬᠠᠭᠤᠯᠬᠤ ᠳᠤ ᠡᠷᠦᠬᠡ ᠳᠤ ᠤᠷᠤᠬᠤ ᠦᠭᠡᠢ ᠪᠠᠶᠢᠬᠤ ᠶᠢ ᠪᠡᠶᠡᠯᠡᠭᠦᠯᠵᠦ᠂ ᠥᠷᠭᠡᠨ ᠤᠯᠠᠨ ᠲᠦᠮᠡᠨ ᠳᠤ ᠴᠠᠭ ᠲᠤᠬᠠᠢ ᠳᠤᠨᠢ ᠬᠢᠨᠠᠨ ᠡᠵᠡᠮᠳᠡᠬᠦ᠂ ᠠᠯᠤᠰ ᠳᠠᠮᠵᠢᠭᠤᠯᠭ᠎ᠠ ᠶᠢᠨ ᠬᠡᠮᠵᠢᠭᠦᠷ ᠢ ᠬᠠᠭᠤᠯᠬᠤ ᠣᠳᠣᠬᠢᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ᠂ ᠤᠰᠤ ᠬᠠᠩᠭᠠᠬᠤ ᠦᠢᠯᠡᠴᠢᠯᠡᠭᠡ ᠶᠢ ᠨᠡᠩ ᠥᠨᠳᠥᠷ ᠪᠦᠲᠦᠮᠵᠢᠲᠡᠢ᠂ ᠤᠶᠤᠨᠴᠢᠯᠠᠭᠰᠠᠨ᠂ ᠳᠥᠭᠦᠮ ᠳᠥᠲᠡ ᠪᠣᠯᠭᠠᠵᠤ᠂ ᠥᠷᠭᠡᠨ ᠤᠯᠠᠨ ᠲᠦᠮᠡᠨ ᠳᠤ ᠣᠶᠤᠨᠴᠢ ᠤᠳᠤᠬᠢᠴᠢᠯᠠᠭᠰᠠᠨ ᠠᠮᠢᠳᠤᠷᠠᠯ ᠢ ᠡᠳ᠋ᠯᠡᠭᠦᠯᠵᠡᠢ᠃  ︶       ᠣᠶᠢᠯᠠᠭᠠᠭᠰᠠᠨ ᠢᠶᠠᠷ᠂ ᠤᠳᠤᠬᠠᠨ ᠪᠣᠯᠲᠠᠯ᠎ᠠ ᠨᠢᠭᠡᠨᠲᠡ 1800 ᠭᠠᠷᠤᠢ ᠤᠶᠤᠨᠯᠢᠭ ᠠᠯᠤᠰ ᠠᠴᠠ ᠳᠠᠮᠵᠢᠭᠤᠯᠬᠤ ᠤᠰᠤᠨ ᠤ ᠬᠡᠮᠵᠢᠭᠦᠷ ᠰᠣᠯᠢᠵᠤ᠂ ᠡᠨᠡ ᠵᠢᠯ ᠳᠠᠬᠢᠨ 1000 ᠰᠢᠷᠭᠡᠭ ᠤᠰᠤᠨ ᠤ ᠬᠡᠮᠵᠢᠬᠦᠷ ᠰᠤᠯᠢᠬᠤ ᠪᠠᠷ ᠲᠦᠯᠦᠪᠯᠡᠵᠦ᠂ ᠪᠥᠬᠦ ᠬᠤᠰᠢᠭᠤᠨ ᠤ ᠬᠡᠪᠴᠢᠶᠡᠨ ᠳᠤ ᠪᠦᠬᠦᠨ ᠢ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠤᠶᠤᠨᠴᠢᠯᠠᠭᠰᠠᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠠᠷ ᠪᠣᠶ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号