ᠡᠯᠪᠡᠭ ᠬᠤᠷᠢᠶᠠᠯᠳᠠ ᠪᠠᠷ ᠢᠶᠠᠨ ᠰᠢᠨ᠎ᠡ ᠵᠢᠯ ᠢᠶᠠᠨ ᠤᠭᠳᠤᠨ᠎ᠠ
ᠨᠡᠶᠢᠲᠡᠯᠡᠭᠰᠡᠨ ᠴᠠᠭ᠄
2024/2/11
     ᠰᠢᠨ᠎ᠡ ᠵᠢᠯ ᠬᠠᠶᠠᠭᠠᠨ ᠳᠤ ᠰᠠᠭᠠᠳᠠᠵᠤ᠂ ᠶᠠᠭᠤᠮ᠎ᠠ ᠪᠦᠬᠦᠨ ᠰᠢᠨᠡᠬᠡᠨ ᠦᠩᠭᠡ ᠪᠠᠷ ᠪᠢᠯᠬᠠᠵᠤ ᠪᠠᠶᠢᠬᠤ ᠳᠤ᠂ ᠰᠠᠶᠢᠬᠠᠨᠳᠠᠯ᠎ᠠ ᠪᠠᠯᠭᠠᠰᠤᠨ ᠤ ᠳ᠋ᠦᠩ ᠰᠢᠩ ᠢᠳᠡᠰᠢᠨ ᠨᠣᠭᠤᠭᠠᠨ ᠤ ᠠᠵᠤ ᠦᠢᠯᠡᠰ ᠤᠨ ᠰᠠᠭᠤᠷᠢᠨ ᠭᠠᠵᠠᠷ ᠴᠦ ᠰᠢᠨ᠎ᠡ ᠵᠢᠯ ᠢᠶᠠᠨ ᠡᠯᠪᠡᠭ ᠬᠤᠷᠢᠶᠠᠯᠳᠠ ᠲᠠᠢ ᠤᠭᠳᠤᠵᠤ᠂ ᠤᠷᠢᠨ ᠬᠠᠪᠤᠷ ᠤᠨ ᠠᠮᠢᠵᠢᠷᠠᠯ ᠤᠨ ᠦᠩᠭᠡ ᠪᠠᠷ ᠪᠢᠯᠬᠠᠨ᠎ᠠ᠃      ᠢᠳᠡᠰᠢᠨ ᠨᠣᠭᠤᠭᠠᠨ ᠤ ᠰᠠᠭᠤᠷᠢᠨ ᠠᠴᠠ ᠰᠢᠨ᠎ᠡ ᠰᠤᠷᠭᠤᠭ ᠵᠢᠮᠢᠰ ᠨᠤᠭᠤᠭᠠᠨ ᠤ ᠦᠨᠦᠷ ᠰᠡᠩᠭᠢ ᠳᠠᠳᠠᠨ ᠬᠠᠩᠬᠤᠯᠵᠤ᠂ ᠤᠯᠠᠭᠠᠨ ᠨᠤᠭᠤᠭᠠᠨ ᠨᠢ ᠢᠯᠭᠠᠷᠠᠨ ᠦᠩᠭᠡ ᠪᠦᠷᠢᠳᠦᠭᠰᠡᠨ ᠲᠠᠷᠢᠶᠠᠨ ᠳᠤᠮᠳᠠ ᠢᠳᠡ ᠪᠤᠯᠪᠠᠰᠤᠷᠠᠭᠰᠠᠨ ᠬᠦᠵᠡᠯᠵᠡᠭᠡᠨ᠎ᠡ ᠵᠢᠮᠢᠰ ᠬᠦᠷᠦᠭᠰᠡᠨ ᠪᠦᠬᠦᠨ ᠤ ᠳᠤᠷ᠎ᠠ ᠶᠢ ᠳᠠᠳᠠᠨ᠂ ᠳᠠᠷᠢᠶᠠᠨ ᠵᠡᠯ᠎ᠠ ᠵᠢᠭᠳᠡᠷᠡᠨ ᠤᠷᠴᠢᠨ ᠳᠤᠭᠤᠷᠢᠨ ᠨᠢ ᠴᠡᠪ ᠴᠡᠪᠡᠷᠭᠡᠨ ᠪᠠᠶᠢᠭ᠎ᠠ ᠠᠴᠠ ᠠᠳᠡᠬᠢ  ᠠᠵᠢᠯᠴᠢᠳ ᠤᠨ ᠨᠢᠮᠪᠠᠢ ᠠᠷᠠᠴᠢᠯᠠᠨ ᠤᠷᠭᠤᠭᠤᠯᠤᠭᠰᠠᠨ ᠨᠢ ᠢᠯᠡᠭᠡᠨ ᠬᠠᠷᠠᠭᠳᠠᠨ᠎ᠠ᠃      ᠢᠳᠡᠰᠢᠨ ᠨᠣᠭᠤᠭᠠᠨ ᠤ ᠬᠦᠯᠡᠮᠵᠢ ᠳᠤ ᠣᠷᠣᠬᠤ ᠳᠤ᠂ ᠥᠷᠭᠡᠰᠦᠲᠦ ᠬᠡᠮᠬᠡ᠂ ᠲᠥᠪᠡᠳ ᠬᠠᠰᠢ᠂ ᠵᠢᠵᠢᠭ ᠴᠠᠭᠠᠨ ᠨᠣᠭᠤᠭ᠎ᠠ᠂ ᠴᠤᠭᠤᠷ ᠨᠣᠭᠤᠭ᠎ᠠ ᠵᠡᠷᠭᠡ ᠪᠤᠬᠢᠷᠳᠤᠯ ᠦᠬᠡᠢ ᠴᠡᠪᠡᠷ ᠢᠳᠡᠰᠢᠨ ᠨᠤᠭᠤᠭ᠎ᠠ ᠤᠷᠭᠤᠴᠠ ᠰᠠᠶᠢᠳᠠᠢ ᠬᠠᠷᠠᠭᠳᠠᠨ᠂ ᠠᠵᠢᠯᠴᠢᠳ ᠨᠤᠭᠤᠭ᠎ᠠ ᠳᠡᠬᠦᠬᠦ᠂ ᠰᠠᠪᠠᠯᠠᠬᠤ᠂ ᠵᠢᠩᠯᠡᠬᠦ ᠠᠵᠢᠯ ᠳᠤ ᠪᠠᠨ ᠶᠠᠭᠠᠷᠠᠵᠠᠭᠠᠨ᠎ᠠ᠃      ᠣᠶᠢᠷ᠎ᠠ ᠶᠢᠨ ᠵᠢᠯ ᠳᠤ᠂ ᠰᠠᠶᠢᠬᠠᠨᠲᠠᠯ᠎ᠠ ᠪᠠᠯᠭᠠᠰᠤᠨ ᠤ ᠬᠢᠨ ᠪᠣᠬᠢᠷᠲᠤᠯ ᠦᠭᠡᠢ ᠣᠷᠭᠠᠨᠢᠭ ᠢᠳᠡᠰᠢᠨ ᠨᠤᠭᠤᠭᠠᠨ ᠤ ᠰᠠᠭᠤᠷᠢᠨ ᠢ ᠪᠠᠶᠢᠭᠤᠯᠬᠤ ᠪᠠᠷ ᠮᠠᠯᠴᠢᠨ ᠳᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠡᠷᠡᠭᠦᠯ ᠰᠠᠷᠠᠭᠤᠯ ᠲᠠᠷᠢᠮᠠᠯ ᠤᠨ ᠣᠶᠢᠯᠠᠭᠠᠭᠳᠠᠬᠤᠨ ᠢ ᠪᠠᠷᠢᠮᠲᠠᠯᠠᠬᠤ ᠪᠠᠷ ᠭᠠᠷᠳᠠᠴᠠ ᠪᠣᠯᠭᠠᠵᠤ᠂ ᠬᠥᠳᠡᠭᠡ ᠠᠵᠤ ᠠᠬᠤᠢ ᠶᠢᠨ ᠴᠢᠨᠠᠷᠯᠢᠭ ᠥᠨᠳᠥᠷ ᠦᠷ᠎ᠡ ᠠᠰᠢᠭ ᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠠᠢ᠃ ᠡᠭᠦᠨ ᠤ ᠵᠡᠷᠭᠡᠪᠡᠷ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠵᠦ ᠴᠢᠩᠭᠠᠳᠬᠠᠬᠤ ᠲᠠᠯ᠎ᠠ ᠪᠠᠷ ᠲᠠᠰᠤᠷᠠᠯᠲᠠ ᠦᠭᠡᠢ ᠠᠷᠭ᠎ᠠ ᠤᠬᠠᠭᠠᠨ ᠭᠠᠷᠭᠠᠵᠤ᠂ ᠬᠡᠪᠴᠢᠶ᠎ᠡ ᠶᠢ ᠦᠷᠭᠡᠳᠬᠡᠨ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢᠨ ᠬᠠᠮᠲᠤ ᠪᠠᠰᠠ ᠣᠶᠢᠷ᠎ᠠ ᠬᠠᠪᠢ ᠶᠢᠨ ᠮᠠᠯᠴᠢᠨ ᠲᠠᠷᠢᠶᠠᠴᠢᠨ ᠳᠤ ᠠᠵᠢᠯ ᠤᠨ ᠪᠠᠶᠢᠷᠢ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠢ ᠳᠠᠭᠠᠭᠤᠯᠤᠨ ᠬᠠᠮᠲᠤᠪᠠᠷ ᠴᠢᠨᠡᠭᠡᠯᠢᠭᠵᠢᠬᠦ ᠵᠠᠮ ᠢᠶᠠᠷ ᠵᠠᠮᠨᠠᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号