︽ᠳᠤᠮᠳᠠᠳᠤ ᠤᠯᠤᠰ ᠤᠨ ᠤᠤᠭᠠᠨ ᠤᠯᠠᠭᠠᠨᠮᠥ᠋ᠴᠢᠷ︾ ᠬᠡᠬᠦ ᠨᠤᠮ ᠲᠥᠪ ᠬᠤᠷᠢᠶᠠᠨ ᠤ ᠤᠬᠠᠭᠤᠯᠬᠤ ᠬᠡᠯᠲᠡᠰ ᠤᠨ 2023 ᠣᠨ ᠤ ᠭᠤᠣᠯ ᠰᠡᠳᠦᠪᠲᠦ ᠬᠡᠪᠯᠡᠯ ᠤᠨ ᠭᠤᠣᠯᠳᠠᠯᠭ᠎ᠠ ᠲᠠᠢ ᠬᠡᠪᠯᠡᠭᠳᠡᠬᠦᠨ ᠳᠤ ᠰᠤᠩᠭᠤᠭᠳᠠᠯ᠎ᠠ
ᠨᠡᠶᠢᠲᠡᠯᠡᠭᠰᠡᠨ ᠴᠠᠭ᠄
2024/2/12
     ᠣᠶᠢᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪᠯᠡᠯ ᠤᠨ ᠬᠤᠷᠢᠶᠠᠨ ᠤ ᠤᠳᠠᠯ ᠦᠭᠡᠢ ᠬᠡᠪᠯᠡᠭᠦᠯᠬᠦ ᠭᠡᠵᠦ ᠪᠠᠶᠢᠭ᠎ᠠ ︽ᠳᠤᠮᠳᠠᠳᠤ ᠤᠯᠤᠰ ᠤᠨ ᠤᠤᠭᠠᠨ ᠤᠯᠠᠭᠠᠨᠮᠥ᠋ᠴᠢᠷ︾ ᠬᠡᠬᠦ ᠨᠤᠮ ᠲᠥᠪ ᠬᠤᠷᠢᠶᠠᠨ ᠤ ᠤᠬᠠᠭᠤᠯᠬᠤ ᠬᠡᠯᠲᠡᠰ ᠤᠨ 2023 ᠣᠨ ᠤ ᠭᠤᠣᠯ ᠰᠡᠳᠦᠪᠲᠦ ᠬᠡᠪᠯᠡᠯ ᠤᠨ ᠭᠤᠣᠯᠳᠠᠯᠭ᠎ᠠ ᠲᠠᠢ ᠬᠡᠪᠯᠡᠭᠳᠡᠬᠦᠨ ᠳᠤ ᠰᠣᠩᠭᠤᠭᠳᠠᠨ᠂ ᠪᠥᠬᠦ ᠣᠷᠣᠨ ᠤ ᠴᠣᠷ ᠤᠨ ᠭᠠᠭᠴᠠ ᠰᠤᠩᠭᠤᠭᠳᠠᠭᠰᠠᠨ ᠲᠥᠷᠥᠯ ᠵᠦᠢᠯ ᠪᠤᠯᠤᠨ᠎ᠠ᠃      ︽ᠳᠤᠮᠳᠠᠳᠤ ᠤᠯᠤᠰ ᠤᠨ ᠤᠤᠭᠠᠨ ᠤᠯᠠᠭᠠᠨᠮᠥ᠋ᠴᠢᠷ︾ ᠭᠡᠬᠦ ᠨᠣᠮ ᠳᠤ᠂ ᠬᠤᠰᠢᠭᠤ ᠤᠯᠠᠭᠠᠨᠮᠥ᠋ᠴᠢᠷ ᠤᠨ ᠪᠠᠶᠢᠭᠤᠯᠤᠭᠳᠠᠭᠰᠠᠨ ᠠᠴᠠ ᠨᠠᠰᠢᠬᠢ ᠬᠥᠭᠵᠢᠯᠲᠡ ᠶᠢᠨ ᠶᠠᠪᠤᠴᠠ ᠶᠢ ᠰᠢᠰᠲ᠋ᠧᠮ ᠲᠠᠢ ᠡᠮᠬᠢᠯᠡᠵᠦ᠂ ᠤᠯᠠᠭᠠᠨᠮᠥ᠋ᠴᠢᠷ ᠤᠨ ᠰᠡᠳᠬᠢᠯ ᠬᠥᠳᠡᠯᠭᠡᠮ᠎ᠡ ᠦᠯᠢᠭᠡᠷ ᠢᠶᠠᠷ ᠳᠠᠮᠵᠢᠭᠤᠯᠤᠨ᠂ ᠰᠢᠨ᠎ᠡ ᠴᠠᠭ ᠦᠶ᠎ᠡ ᠳᠤ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠨᠠᠮ ᠲᠦᠷᠦ ᠠᠴᠠ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠦᠢᠯᠡ ᠶᠠᠪᠤᠳᠠᠯ ᠦᠯᠢᠭᠡᠷ ᠤᠴᠠᠷᠠᠯ ᠢ ᠪᠦᠬᠦ ᠳᠠᠯ᠎ᠠ ᠪᠠᠷ ᠳᠤᠰᠬᠠᠵᠠᠢ᠃      ᠲᠣᠰ ᠨᠣᠮ ᠳᠤ ᠤᠯᠠᠭᠠᠨᠮᠥ᠋ᠴᠢᠷ ᠤᠨ ᠭᠡᠰᠢᠭᠦᠳ ᠤᠨ ᠨᠠᠮ ᠪᠠ ᠤᠯᠤᠰ᠂ ᠤᠯᠠᠭᠠᠨᠮᠥ᠋ᠴᠢᠷ ᠤᠨ ᠦᠢᠯᠡᠰ᠂ ᠠᠷᠠᠳ ᠣᠯᠠᠨ ᠳᠤ ᠬᠠᠨᠳᠤᠭᠤᠯᠤᠭᠰᠠᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠶᠢ ᠢᠯᠡᠷᠡᠭᠦᠯᠦᠨ᠂ ᠤᠤᠭᠠᠨ ᠤᠯᠠᠭᠠᠨᠮᠥ᠋ᠴᠢᠷ ᠤᠨ ᠠᠳᠠᠯᠢ ᠪᠤᠰᠤ ᠬᠥᠭᠵᠢᠯᠲᠡ ᠶᠢᠨ ᠱᠠᠲᠤ ᠦᠶ᠎ᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠴᠠᠭ ᠦᠶ᠎ᠡ ᠶᠢᠨ ᠰᠢᠨ᠎ᠡ ᠬᠤᠪᠢᠷᠠᠯᠲᠠ ᠶᠢ ᠳᠡᠯᠭᠡᠨ ᠦᠵᠡᠭᠦᠯᠵᠦ᠂ ᠠᠳᠠᠯᠢ ᠪᠤᠰᠤ ᠲᠡᠦᠬᠡᠨ ᠴᠠᠭ ᠦᠶ᠎ᠡ ᠶᠢᠨ ᠨᠡᠶᠢᠭᠡᠮ ᠤᠨ ᠠᠬᠤᠢ ᠪᠠᠶᠢᠳᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠤᠯᠠᠭᠠᠨᠮᠥ᠋ᠴᠢᠷ ᠤᠨ ᠥᠨᠢ ᠤᠳᠠᠭᠠᠨ ᠤᠯᠠᠮᠵᠢᠯᠠᠵᠤ ᠢᠷᠡᠭᠰᠡᠨ ᠰᠢᠯᠢᠳᠡᠭ ᠤᠯᠠᠮᠵᠢᠯᠠᠯ ᠢ ᠦᠨᠡᠨ ᠪᠣᠳᠠᠲᠠᠢ ᠪᠠᠷ ᠲᠤᠰᠬᠠᠪᠠ᠃      ᠲᠣᠰ ᠨᠣᠮ ᠪᠤᠯ ᠪᠦᠷ ᠬᠤᠰᠢᠭᠤ ᠤᠯᠠᠭᠠᠨᠮᠥ᠋ᠴᠢᠷ ᠤᠨ ᠬᠥᠭᠵᠢᠯᠲᠡ ᠶᠢᠨ ᠶᠠᠪᠤᠴᠠ ᠳᠤ ᠪᠡᠶ᠎ᠡ ᠪᠠᠷ ᠢᠶᠠᠨ ᠤᠷᠤᠯᠴᠠᠭᠰᠠᠨ ᠬᠦᠮᠦᠰ ᠤᠨ ᠬᠤᠶᠠᠷ ᠵᠢᠯ ᠬᠠᠭᠠᠰ ᠤᠨ ᠬᠤᠭᠤᠴᠠᠭ᠎ᠠ ᠭᠡᠷᠡᠭᠰᠡᠨ ᠨᠠᠶᠢᠷᠠᠭᠤᠯᠤᠨ ᠡᠮᠬᠢᠳᠭᠡᠭᠰᠡᠨ ᠲᠤᠯᠭᠤᠷ ᠪᠢᠴᠢᠭ ᠤᠨ ᠦᠨ᠎ᠡ ᠥᠷᠲᠡᠭ ᠲᠠᠢ ᠨᠤᠮ ᠪᠠᠶᠢᠵᠤ᠂ ᠬᠠᠮᠢᠶ᠎ᠠ ᠪᠦᠬᠦᠢ ᠰᠤᠳᠤᠯᠤᠭᠴᠢᠳ ᠲᠤ ᠡᠷᠳᠡᠮ ᠰᠤᠳᠤᠯᠭᠠᠨ ᠤ ᠠᠩᠬᠠᠨ ᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠤᠩᠰᠢᠭᠴᠢᠳ ᠤᠨ ᠤᠯᠠᠭᠠᠨᠮᠥ᠋ᠴᠢᠷ ᠢ ᠣᠶᠢᠯᠠᠭᠠᠬᠤ ᠳᠤ ᠬᠤᠪᠣᠷ ᠨᠠᠨᠳᠢᠨ ᠥᠯᠢᠭᠡᠷ ᠦᠢᠯᠡ ᠶᠠᠪᠤᠳᠠᠯ ᠢ ᠤᠴᠢᠷᠯᠠᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠭᠤᠣᠯ ᠰᠡᠳᠦᠪᠲᠦ ᠬᠡᠪᠯᠡᠯ ᠤᠨ ᠭᠤᠣᠯᠳᠠᠯᠭ᠎ᠠ ᠲᠠᠢ ᠬᠡᠪᠯᠡᠭᠳᠡᠬᠦᠨ ᠢ ᠲᠥᠪ ᠤᠨ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ᠂ ᠵᠢᠯ ᠪᠦᠷᠢ ᠨᠢᠭᠡ ᠤᠳᠠᠭ᠎ᠠ ᠬᠢᠨᠠᠨ ᠳᠤᠭᠳᠠᠭᠠᠳᠠᠭ᠃ 2023 ᠣᠨ ᠳᠤ ᠪᠦᠬᠦ ᠤᠯᠤᠰ ᠤᠨ ᠡᠯ᠎ᠡ ᠬᠡᠪᠯᠡᠯ ᠤᠨ ᠨᠢᠭᠡᠴᠡ ᠶᠢᠨ ᠮᠡᠳᠡᠭᠦᠯᠦᠨ ᠬᠦᠷᠭᠡᠭᠰᠡᠨ 2378 ᠵᠦᠢᠯ ᠤᠨ ᠬᠡᠪᠯᠡᠭᠳᠡᠬᠦᠨ ᠤ ᠳᠣᠲᠣᠷ᠎ᠠ ᠠᠴᠠ 170 ᠵᠦᠢᠯ ᠢ ᠰᠣᠩᠭᠤᠨ ᠭᠠᠷᠭᠠᠭᠰᠠᠨ ᠤ ᠳᠤᠳᠤᠷ᠎ᠠ ︽ᠳᠤᠮᠳᠠᠳᠤ ᠤᠯᠤᠰ ᠤᠨ ᠤᠤᠭᠠᠨ ᠤᠯᠠᠭᠠᠨᠮᠥ᠋ᠴᠢᠷ︾ ᠭᠡᠬᠦ ᠨᠣᠮ ᠠᠮᠵᠢᠯᠳᠠᠳᠠᠢ ᠪᠠᠷ ᠰᠤᠩᠭᠤᠭᠳᠠᠨ᠂ ᠨᠤᠮ ᠤᠨ ᠡᠬᠡ ᠨᠣᠣᠷᠠᠭ ᠨᠢ ᠬᠢᠨᠠᠨ ᠬᠠᠷᠭᠤᠭᠤᠯᠬᠤ ᠡᠴᠦᠰ ᠤᠨ ᠱᠠᠲᠤᠨ ᠳᠤ ᠪᠠᠨ ᠤᠷᠤᠵᠤ᠂ ᠵᠢᠱᠢᠯᠳᠡ ᠪᠠᠷ ᠡᠨᠡ ᠵᠢᠯ ᠤᠨ 6 ᠰᠠᠷ᠎ᠠ ᠳᠤ ᠬᠡᠪᠯᠡᠨ ᠲᠠᠷᠬᠠᠭᠠᠬᠤ ᠪᠠᠷ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号