ᠨᠤᠮ ᠤᠨ ᠪᠤᠶᠠᠨ ᠢ ᠳᠡᠯᠭᠡᠷᠡᠬᠦᠯᠦᠨ ᠢᠷᠠᠭᠤ ᠠᠯᠳᠠᠷ ᠬᠦᠷᠳᠡᠯ᠎ᠡ
ᠨᠡᠶᠢᠲᠡᠯᠡᠭᠰᠡᠨ ᠴᠠᠭ᠄
2024/2/13
     ᠵᠢᠷᠦᠬᠡ ᠪᠠᠯᠭᠠᠰᠤᠨ ᠤ ᠪᠠᠶᠠᠨᠪᠤᠯᠠᠭ ᠭᠠᠴᠠᠭᠠᠨ ᠤ ᠳᠡᠳ᠋ ᠱᠦᠵᠢ᠂ ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠦᠷᠦᠭᠡᠨ ᠤ ᠬᠠᠮᠢᠶᠠᠷᠤᠭᠴᠢ ᠪᠠ᠊ · ᠰᠡᠴᠡᠨᠳᠤ ᠤᠯᠠᠨ ᠵᠢᠯ ᠤᠨ ᠳᠤᠷᠰᠢ ᠤᠩᠰᠢᠯᠭ᠎ᠠ ᠶᠢ ᠳᠡᠯᠭᠡᠷᠡᠬᠦᠯᠦᠨ᠂ ᠬᠦᠳᠡᠭᠡ ᠤᠷᠤᠨ ᠨᠤᠳᠤᠭ ᠤᠨ ᠢᠶᠠᠨ ᠰᠤᠶᠤᠯᠵᠢᠯ᠂ ᠬᠦᠭᠵᠢᠯ ᠮᠠᠨᠳᠤᠯ ᠳᠤ ᠬᠦᠴᠦᠨ ᠢᠶᠠᠨ ᠡᠷᠭᠦᠭᠰᠡᠭᠡᠷ ᠢᠷᠡᠭᠰᠡᠨ ᠶᠤᠮ᠃ ᠬᠤᠶᠠᠳᠤᠭᠠᠷ ᠬᠤᠭᠤᠴᠠᠭᠠᠨ ᠤ ᠪᠦᠬᠦ ᠠᠷᠠᠳ ᠤᠨ ᠤᠩᠰᠢᠯᠭ᠎ᠠ ᠶᠢᠨ ᠶᠡᠭᠡ ᠬᠤᠷᠠᠯ ᠤᠨ ᠤᠩᠰᠢᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠲᠠᠪᠴᠠᠩ ᠵᠢᠴᠢ 2023 ᠤᠨ ᠤ ︽ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠳᠤ᠂ ᠲᠡᠷᠡ ︽ᠬᠥᠳᠡᠭᠡ ᠲᠣᠰᠬᠤᠨ ᠤ ᠤᠩᠰᠢᠯᠭ᠎ᠠ ᠳᠡᠯᠭᠡᠷᠡᠭᠦᠯᠦᠭᠴᠢ︾ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃      ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠦᠷᠦᠭᠡᠨ ᠳᠤ᠂ ᠲᠠᠷᠢᠶᠠᠯᠠᠩ ᠮᠠᠯ ᠠᠵᠤ ᠠᠬᠤᠢ ᠂ ᠰᠢᠨᠵᠢᠯᠡᠬᠦ ᠤᠬᠠᠭᠠᠨ ᠮᠡᠷᠭᠡᠵᠢᠯ᠂ ᠪᠠᠭᠠᠴᠤᠳ ᠬᠡᠦᠬᠡᠳ᠂ ᠤᠳᠬ᠎ᠠ ᠤᠷᠠᠯᠢᠭ᠂ ᠬᠠᠤᠯᠢ ᠴᠠᠭᠠᠵᠠ ᠵᠡᠷᠭᠡ ᠲᠦᠷᠦᠯ ᠪᠦᠷᠢ ᠶᠢᠨ ᠨᠤᠮ ᠪᠢᠴᠢᠭ ᠵᠢᠭᠳᠡᠷᠡᠨ᠂ ᠨᠤᠮ ᠳᠤ ᠪᠠᠭ᠋ᠠᠳᠠᠢ ᠮᠠᠯᠴᠢᠳ ᠳᠤᠷᠠᠳᠠᠢ ᠨᠤᠮ ᠢᠶᠠᠨ ᠠᠪᠴᠤ ᠦᠵᠡᠨ᠂  ᠨᠤᠮ ᠰᠤᠶᠤᠯ ᠤᠨ ᠠᠭᠤᠷ ᠠᠮᠢᠰᠬᠤᠯ ᠦᠨᠢᠷ ᠦᠳᠭᠡᠨ ᠪᠠᠶᠢᠯ᠎ᠠ᠃       ᠪᠠ᠊ · ᠰᠡᠴᠡᠨᠳᠤ ᠪᠣᠯ ᠵᠢᠷᠦᠬᠡ ᠪᠠᠯᠭᠠᠰᠤᠨ ᠤ ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠴᠡᠭ ᠤᠨ ᠬᠠᠷᠢᠭᠤᠴᠠᠯᠭᠠᠲᠠᠨ᠂ ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠦᠷᠦᠭᠡᠨ ᠤ ᠬᠠᠮᠢᠶᠠᠷᠤᠭᠴᠢ ᠪᠣᠯᠣᠨ᠎ᠠ᠃ 2014 ᠣᠨ ᠳᠤ ︽ᠠᠵᠠᠳᠠᠢ ᠠᠶᠢᠯ︾ ᠲᠠᠯ᠎ᠠ ᠨᠤᠲᠤᠭ ᠤᠨ ᠨᠣᠮ ᠤᠨ ᠥᠷᠥᠭᠡ ᠶᠢ ᠡᠭᠦᠳᠦᠨ ᠪᠠᠶᠢᠭᠤᠯᠤᠭᠰᠠᠨ ᠠᠴᠠ ᠨᠠᠰᠢ᠂ ᠲᠡᠷᠡ ᠨᠣᠮ ᠤᠨ ᠦᠷᠦᠭᠡᠨ ᠤ ᠪᠠᠨ ᠬᠠᠮᠢᠶᠠᠷᠤᠯᠲᠠ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠲᠠᠯ᠎ᠠ ᠨᠤᠲᠤᠭ ᠤᠨ ᠨᠣᠮ ᠤᠨ ᠦᠷᠦᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭᠠᠨ ᠤ ᠵᠠᠯᠠᠭᠤᠴᠤᠳ ᠪᠠᠭᠠᠴᠤᠳ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠭᠡᠰᠢᠭᠦᠨ ᠺᠠᠳ᠋ᠷᠴᠤᠳ ᠤᠨ ᠲᠥᠪᠯᠡᠷᠡᠭᠦᠯᠦᠨ ᠰᠤᠷᠤᠯᠴᠠᠬᠤ ᠰᠠᠭᠤᠷᠢᠨ ᠭᠠᠵᠠᠷ ᠪᠤᠯᠭᠠᠨ ᠦᠷᠭᠡᠳᠬᠡᠵᠦ᠂ ᠳᠠᠯ᠎ᠠ ᠨᠤᠳᠤᠭ ᠤᠨ ᠨᠤᠮ ᠤᠨ ᠦᠷᠦᠭᠡ ᠨᠢ ᠮᠠᠯᠴᠢᠨ ᠲᠦᠮᠡᠨ ᠳᠤ ᠦᠢᠯᠡᠴᠢᠯᠡᠬᠦ ᠬᠠᠯᠠᠭᠤᠨ ᠳᠤᠯᠠᠭᠠᠨ ᠭᠡᠷ ᠤᠷᠤᠨ ᠪᠤᠯᠤᠭᠰᠠᠨ ᠪᠠᠶᠢᠨ᠎ᠠ      ᠪᠠ᠊ · ᠰᠡᠴᠡᠨᠳᠤ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶᠡᠴᠢ ᠡᠷᠦᠬᠡ︾᠂ ︽ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠥᠨ︾᠂ ︽ᠰᠥᠨᠢᠳ ᠪᠠᠷᠠᠭᠤᠨ ᠬᠤᠰᠢᠭᠤᠨ ᠤ ᠮᠣᠩᠭᠤᠯ ᠬᠡᠯᠡ ᠰᠤᠷᠴᠤ ᠬᠡᠷᠡᠭᠯᠡᠭᠰᠡᠨ ᠲᠡᠷᠢᠭᠦᠨ ᠤ ᠬᠤᠪᠢ ᠬᠥᠮᠥᠨ︾᠂ ︽ᠰᠥᠨᠢᠳ ᠪᠠᠷᠠᠭᠤᠨ ᠬᠤᠰᠢᠭᠤᠨ ᠤ ᠰᠠᠶᠢᠨ ᠰᠠᠶᠢᠬᠠᠨ ᠭᠡᠷ ᠣᠷᠣᠨ ᠤ ᠵᠢᠱᠢᠶᠡᠴᠢ ᠡᠷᠦᠬᠡ︾᠂ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠢᠳᠡᠭ ᠤᠳᠬ᠎ᠠ ᠤᠷᠠᠯᠢᠭ ᠤᠨ ᠠᠵᠢᠯᠲᠠᠨ ᠵᠡᠷᠭᠡ ᠢᠷᠠᠭᠤ ᠠᠯᠳᠠᠷ ᠢ ᠬᠦᠷᠳᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠨᠢ ︽ᠰᠥᠨᠢᠳ ᠪᠠᠷᠠᠭᠤᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠥᠷᠥᠭᠡ︾᠂ ︽ᠰᠥᠨᠢᠳ ᠪᠠᠷᠠᠭᠤᠨ ᠬᠤᠰᠢᠭᠤᠨ ᠤ ᠣᠨᠴᠠᠯᠢᠭᠲᠤ ᠨᠣᠮ ᠤᠨ ᠥᠷᠥᠭᠡ︾᠂ ︽ᠰᠥᠨᠢᠳ ᠪᠠᠷᠠᠭᠤᠨ ᠬᠤᠰᠢᠭᠤᠨ ᠤ ᠬᠠᠮᠤᠭ ᠤᠨ ᠭᠤᠶᠣ ᠨᠣᠮ ᠤᠨ ᠥᠷᠥᠭᠡ︾᠂ ︽ᠨᠤᠮ ᠰᠤᠶᠤᠯᠳᠤ ᠰᠥᠨᠢᠳ︾᠂ ︽ᠰᠥᠨᠢᠳ ᠪᠠᠷᠠᠭᠤᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ︾ ᠵᠡᠷᠭᠡ ᠢᠷᠠᠭᠤ ᠠᠯᠳᠠᠷ ᠢᠶᠠᠷ ᠦᠨᠡᠯᠡᠭᠳᠡᠭᠰᠡᠨ ᠶᠤᠮ᠃      ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠡᠭᠡᠷ᠎ᠡ ᠺᠠᠳ᠋ᠷᠴᠤᠳ ᠢ ᠴᠠᠭ ᠭᠠᠷᠭᠠᠵᠤ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ ᠰᠤᠷᠤᠯᠴᠠᠯᠭ᠎ᠠ ᠶᠢ ᠨᠢᠭᠡ ᠵᠦᠢᠯ ᠤᠨ ᠬᠥᠭᠡᠭᠡᠴᠡᠯᠳᠦᠯ᠂ ᠨᠢᠭᠡ ᠵᠦᠢᠯ ᠤᠨ ᠳᠤᠷ᠎ᠠ ᠪᠠᠬ᠎ᠠ᠂ ᠨᠢᠭᠡ ᠵᠦᠢᠯ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠪᠣᠯᠭᠠᠪᠠᠯ ᠰᠠᠶ᠋ᠢ ᠬᠥᠮᠥᠨ ᠤ ᠠᠮᠢᠳᠤᠷᠠᠯ ᠪᠠ ᠠᠵᠢᠯ ᠦᠢᠯᠡᠰ ᠤᠨ ᠠᠯᠤᠰ ᠤᠨ ᠵᠠᠮ ᠳᠤ ᠬᠦᠷᠴᠦ ᠴᠢᠳᠠᠨ᠎ᠠ ᠭᠡᠵᠦ ᠵᠤᠷᠢᠭᠵᠢᠭᠤᠯᠤᠭᠰᠠᠨ ᠶᠤᠮ᠃ ᠪᠠ᠊ · ᠰᠡᠴᠡᠨᠳᠦ ᠦᠷᠭᠦᠯᠵᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠳᠠᠭᠠᠭᠤᠯᠵᠤ ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ +︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾᠂ ︽ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ︾ ᠵᠡᠷᠭᠡ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠨᠠᠮ ᠤᠨ ᠲᠥᠷᠥ ᠶᠢᠨ ᠪᠣᠳᠣᠯᠭ᠎ᠠ ᠶᠢᠨ ᠣᠨᠣᠯ ᠢ ᠪᠠᠶᠢᠩᠭᠤ ᠤᠯᠠᠮᠵᠢᠯᠠᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠮᠠᠰᠢ ᠰᠠᠶᠢᠨ ᠪᠠᠳᠠᠷᠠᠭᠤᠯᠵᠤ᠂ ᠨᠠᠮ ᠪᠠ ᠤᠯᠤᠰ ᠤᠨ ᠠᠷᠠᠳ ᠲᠤ ᠠᠰᠢᠭ ᠬᠦᠷᠲᠡᠭᠡᠬᠦ ᠴᠢᠭᠯᠡᠯᠲᠡ ᠲᠥᠷᠥ ᠶᠢᠨ ᠪᠣᠳᠣᠯᠭ᠎ᠠ ᠶᠢ ᠲᠡᠷᠡ ᠳᠠᠷᠤᠢ ᠳᠤᠨᠢ ᠨᠠᠮ ᠤᠨ ᠭᠡᠰᠢᠭᠦᠨ ᠮᠠᠯᠴᠢᠳ ᠲᠤ ᠤᠯᠠᠮᠵᠢᠯᠠᠳᠠᠭ ᠪᠠᠶᠢᠨ᠎ᠠ᠃ ᠨᠣᠮ ᠤᠩᠰᠢᠬᠤ ᠠᠭᠤᠷ ᠠᠮᠢᠰᠬᠤᠯ ᠢ ᠨᠡᠩ ᠰᠠᠶᠢᠨ ᠪᠤᠶ ᠪᠣᠯᠭᠠᠬᠤ ᠶᠢᠨ ᠲᠥᠯᠥᠭᠡ᠂ ᠲᠡᠷᠡ ᠮᠡᠳᠡᠯᠭᠡ  ᠶᠢᠨ ᠤᠷᠤᠯᠳᠤᠭᠠᠨ᠂ ᠨᠣᠮ ᠳᠠᠨᠢᠯᠴᠠᠭᠤᠯᠬᠤ ᠤᠷᠤᠯᠳᠤᠭᠠᠨ᠂ ᠳᠡᠬᠦᠰᠬᠦ ᠰᠤᠷᠤᠭᠴᠢᠳ ᠤᠨ ᠵᠤᠰᠠᠯᠠᠩ ᠤᠨ ᠠᠵᠢᠯᠯᠠᠭ᠎ᠠ᠂ ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠵᠡᠷᠭᠡ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ ᠪᠠᠶᠢᠩᠭᠤ ᠵᠣᠬᠢᠶᠠᠨ ᠪᠠᠶᠢᠭᠤᠯᠤᠨ ᠦᠷᠨᠢᠬᠦᠯᠵᠦ᠂ ᠤᠬᠠᠭᠤᠯᠤᠨ ᠲᠠᠶᠢᠯᠪᠤᠷᠢᠯᠠᠬᠤ᠂ ᠰᠤᠷᠤᠯᠴᠠᠯᠭ᠎ᠠ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠨᠠᠰᠤᠳᠠᠨ ᠪᠤᠭᠤᠷᠤᠯᠴᠤᠳ᠂ ᠶᠠᠪᠤᠵᠤ ᠰᠠᠭᠤᠬᠤ ᠳᠤ ᠲᠦᠭᠦᠮ ᠦᠬᠡᠢ ᠬᠦᠮᠦᠰ ᠂ ᠰᠣᠶᠣᠯ ᠤᠨ ᠬᠡᠮᠵᠢᠶ᠎ᠡ ᠳᠣᠣᠷ᠎ᠠ ᠵᠡᠷᠭᠡ ᠬᠠᠮᠲᠦ ᠶᠢᠨ ᠰᠤᠷᠤᠯᠴᠠᠯᠭ᠎ᠠ ᠳᠤ ᠣᠷᠣᠯᠴᠠᠬᠤ ᠳᠤ ᠬᠦᠴᠢᠷᠲᠡᠢ ᠨᠠᠮ ᠤᠨ ᠭᠡᠰᠢᠭᠦᠨ ᠤᠯᠠᠨ ᠲᠦᠮᠡᠨ ᠳᠤ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠬᠤ ᠦᠢᠯᠡᠴᠢᠯᠡᠭᠡ ᠬᠠᠩᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃ 2020 ᠣᠨ ᠠᠴᠠ ᠨᠠᠰᠢ᠂ ᠪᠠ᠊ · ᠰᠡᠴᠡᠨᠳᠤ ᠥᠩᠭᠡᠷᠡᠭᠰᠡᠨ ᠤ ᠦᠢᠯᠡᠴᠢᠯᠡᠭᠡᠨ ᠤ ᠠᠭᠤᠯᠭ᠎ᠠ ᠶᠢᠨ ᠰᠠᠭᠤᠷᠢᠨ ᠳᠡᠭᠡᠷ᠎ᠡ᠂ ︽ᠭᠡᠷ ᠪᠦᠯᠢ ᠶᠢᠨ ᠨᠣᠮ ᠤᠩᠰᠢᠬᠤ︾ ᠠᠵᠢᠯᠯᠠᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠭᠡᠷ ᠪᠦᠯᠢ ᠶᠢᠨ ᠣᠨᠢᠰᠤᠭ᠎ᠠ ᠳᠠᠭᠠᠬᠤ᠂ ᠭᠡᠷ ᠪᠦᠯᠢ ᠶᠢᠨ ᠨᠣᠮ ᠤᠩᠰᠢᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠡᠷ ᠪᠦᠯᠢ ᠶᠢᠨ ᠨᠣᠮ ᠤᠩᠰᠢᠬᠤ ᠠᠭᠤᠷ ᠠᠮᠢᠰᠬᠤᠯ ᠢᠶᠠᠷ ᠨᠡᠶᠢᠭᠡᠮ ᠤᠨ ᠨᠣᠮ ᠤᠩᠰᠢᠬᠤ ᠠᠭᠤᠷ ᠠᠮᠢᠰᠬᠤᠯ ᠢ ᠳᠠᠶᠢᠴᠢᠯᠠᠨ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠠᠮᠲᠤ ᠪᠠᠷ ᠤᠩᠰᠢᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃      ︽ᠠᠵᠠᠳᠠᠢ ᠠᠶᠢᠯ︾ ᠨᠣᠮ ᠤᠨ ᠥᠷᠥᠭᠡ ᠨᠢ ᠦᠷᠬᠦᠯᠵᠢᠯᠡᠨ ᠲᠠᠯ᠎ᠠ ᠨᠤᠲᠤᠭ ᠤᠨ ᠨᠣᠮ ᠤᠨ ᠦᠷᠦᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠣᠮ ᠤᠨ ᠦᠷᠦᠭᠡᠨ ᠤ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠳᠠᠮᠵᠢ ᠶᠢ ᠥᠷᠭᠡᠳᠬᠡᠨ᠂ ᠤᠩᠰᠢᠯᠭ᠎ᠠ ᠶᠢᠨ ᠠᠵᠢᠯᠯᠠᠭ᠎ᠠ ᠶᠢ ᠦᠷᠭᠡᠨ ᠢᠶᠠᠷ ᠥᠷᠨᠢᠭᠦᠯᠵᠦ᠂ ︽ᠦᠵᠡᠯ ᠰᠠᠨᠠᠭ᠎ᠠ ᠶᠢ ᠴᠢᠩᠭᠠᠳᠬᠠᠬᠤ︾ ᠪᠠ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ︾ ᠶᠢ ᠵᠡᠷᠭᠡ ᠪᠠᠷ ᠴᠢᠬᠤᠯᠠᠴᠢᠯᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠠᠷᠠᠳ ᠣᠯᠠᠨ ᠤ ᠳᠡᠷᠭᠡᠳᠡᠬᠢ ᠨᠣᠮ ᠤᠩᠰᠢᠬᠤ ᠳᠤ ᠲᠥᠬᠦᠮ᠂ ᠴᠢᠳᠠᠮᠵᠢ ᠪᠦᠷᠢᠨ᠂ ᠠᠭᠤᠯᠭ᠎ᠠ ᠪᠠᠶᠠᠯᠢᠭ᠂ ᠬᠡᠯᠪᠡᠷᠢ ᠣᠯᠠᠨ᠂ ᠦᠢᠯᠡᠴᠢᠯᠡᠭᠡ ᠳᠤ ᠣᠶᠢᠷᠠᠲᠤᠭᠰᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠤᠨᠲ ᠪᠣᠯᠭᠠᠵᠤ᠂ ᠬᠥᠳᠡᠭᠡ ᠲᠣᠰᠬᠤᠨ ᠤ ᠰᠤᠶᠤᠯᠵᠢᠯ᠂ ᠬᠦᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠲᠠᠯ᠎ᠠ ᠨᠤᠲᠤᠭ ᠤᠨ ᠮᠠᠯᠴᠢᠨ ᠲᠦᠮᠡᠨ ᠳᠤ ᠤᠶᠤᠨ ᠤ ᠰᠢᠮ᠎ᠡ ᠶᠢ ᠬᠦᠷᠳᠡᠭᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号