ᠬᠦᠳᠡᠭᠡ ᠳᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠤᠨ ᠠᠷᠠᠳ ᠤᠯᠠᠨ ᠎ ᠳᠤ ᠲᠦᠭᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/2/15
     ᠬᠤᠰᠢᠭᠤ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠰᠢᠶᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠤᠨ᠂ ᠬᠦᠳᠡᠭᠡ ᠳᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠤᠨ᠂ ᠠᠷᠠᠳ ᠤᠯᠠᠨ ᠳᠤ ᠲᠦᠭᠦᠮ ᠦᠵᠡᠬᠦᠯᠵᠦ ᠪᠠᠶᠢᠨ᠎ᠠ᠃      ᠣᠶᠢᠷ᠎ᠠ ᠳᠤ᠂ ᠦᠷᠭᠡᠨᠳᠡᠯ᠎ᠡ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ ᠪᠠᠭᠠᠳᠤᠷᠰᠦ᠋ᠬᠡ ᠬᠤᠰᠢᠭᠤᠨ ᠲᠦᠪ ᠠᠴᠠ ᠨᠡᠭᠦᠷᠡᠰᠦ ᠳᠡᠭᠡᠭᠡᠵᠦ ᠬᠠᠷᠢᠯ᠎ᠠ᠃ ᠤᠭ ᠨᠢ ᠮᠠᠰᠢᠨ ᠢᠶᠠᠷ ᠴᠠᠭ ᠬᠠᠭᠠᠰ ᠳᠠᠪᠬᠢᠭᠤᠯᠵᠤ ᠪᠠᠶᠢᠵᠤ ᠬᠦᠷᠳᠡᠭ ᠭᠠᠵᠠᠷ ᠨᠢ ᠭᠡᠷ ᠤᠨ ᠢᠶᠠᠨ ᠡᠬᠦᠳᠡᠨ ᠳᠤ ᠬᠦᠷᠳᠡᠯ᠎ᠡ ᠵᠠᠰᠠᠭᠰᠠᠨ ᠵᠠᠰᠠᠮᠠᠯ ᠵᠠᠮ ᠢᠶᠠᠷ ᠲᠦᠳᠡᠭᠡᠨ ᠵᠠᠭᠤᠷ᠎ᠠ ᠶᠠᠪᠤᠭᠠᠳ ᠬᠦᠷᠬᠦ ᠪᠤᠯᠤᠭᠰᠠᠨ ᠨᠢ᠂ ᠬᠦᠳᠡᠭᠡ ᠶᠢᠨ ᠡᠩᠭᠦᠯ ᠳᠤᠩᠬᠤᠯ ᠵᠠᠮ ᠢᠶᠠᠷ ᠠᠴᠢᠶᠠᠨ ᠤ ᠮᠠᠰᠢᠨ ᠲᠠᠢ ᠶᠠᠪᠤᠳᠠᠭ ᠪᠠᠶᠢᠭᠰᠠᠨ ᠪᠠᠭᠠᠳᠤᠷᠰᠦ᠋ᠬᠡ ᠳᠤ ᠶᠡᠬᠡᠳᠡ ᠲᠦᠬᠦᠮ ᠪᠤᠯᠵᠠᠢ᠃      ᠦᠷᠭᠡᠨᠳᠡᠯ᠎ᠡ ᠪᠠᠯᠭᠠᠰᠤᠨ ᠤ ᠰᠢᠨ᠎ᠡ ᠪᠠᠷ ᠵᠠᠰᠠᠭᠰᠠᠨ ᠵᠠᠮ ᠤᠨ ᠪᠥᠬᠦ ᠣᠷᠳᠣ ᠨᠢ 17.1 ᠺᠢᠯᠣᠮᠧᠲᠷ᠂ ᠬᠦᠳᠡᠭᠡ ᠨᠤᠳᠤᠭ ᠲᠤ ᠵᠤᠷᠠᠶᠢᠭᠰᠠᠨ ᠰᠠᠷᠠᠭᠤᠯ ᠳᠠᠷᠳᠠᠩ ᠵᠠᠰᠠᠮᠠᠯ ᠵᠠᠮ ᠮᠠᠯᠴᠢᠳ ᠤᠨ ᠡᠩᠭᠦᠯ ᠳᠤᠩᠬᠤᠯ ᠵᠠᠮ ᠢᠶᠠᠷ ᠨᠠᠰᠢ ᠴᠠᠰᠢ ᠶᠠᠪᠤᠬᠤ ᠶᠢ ᠪᠤᠳᠤᠪᠠᠯ ᠴᠠᠭ ᠲᠤ ᠠᠷᠪᠢᠳᠠᠢ᠂ ᠮᠠᠰᠢᠨ ᠳᠤ ᠭᠠᠮᠳᠠᠢ᠂ ᠴᠠᠰᠤ ᠪᠤᠷᠤᠭᠠᠨ ᠲᠠᠢ ᠦᠶ᠎ᠡ ᠳᠤ ᠵᠠᠮ ᠬᠠᠰᠢᠭᠳᠠᠬᠤ ᠶᠠᠷᠰᠢᠭ ᠲᠦᠪᠡᠭ ᠦᠬᠡᠢ ᠮᠦᠷᠳᠡᠭᠡᠨ ᠡᠪᠡᠰᠦ ᠪᠤᠷᠳᠤᠭ᠎ᠠ ᠪᠡᠯᠡᠳᠭᠡᠬᠦ ᠤᠯᠠᠷᠢᠯ ᠳᠤ ᠴᠦ ᠠᠴᠢᠶᠠᠨ ᠎ ᠤ ᠮᠠᠰᠢᠨ ᠰᠠᠭᠠᠳ ᠦᠭᠡᠢ ᠤᠷᠤᠵᠤ ᠪᠤᠯᠬᠤ ᠪᠤᠯᠤᠭᠰᠠᠨ ᠨᠢ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠮᠠᠰᠢ ᠲᠦᠭᠦᠮ ᠪᠤᠯᠤᠭᠰᠠᠨ ᠶᠤᠮ᠃        ᠬᠤᠰᠢᠭᠤ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠨ ᠲᠦᠮᠡᠨ ᠤ ᠬᠠᠯᠠᠮᠵᠢᠯᠠᠳᠠᠭ ᠠᠰᠠᠭᠤᠳᠠᠯ ᠳᠤ ᠬᠠᠨᠳᠤᠯᠭᠠᠳᠠᠢ ᠲᠥᠰᠥᠯ ᠲᠣᠭᠲᠠᠭᠠᠵᠤ᠂ ᠬᠤᠶᠠᠷ ᠰᠠᠷ᠎ᠠ ᠶᠢᠨ ᠬᠤᠭᠤᠴᠠᠭᠠᠨ ᠳᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠯᠠᠨ ᠲᠦᠮᠡᠨ ᠤ ︽ᠵᠠᠮ ᠶᠠᠪᠤᠬᠤ ᠳᠤ ᠲᠦᠪᠡᠭᠳᠡᠢ︾ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠦᠳᠡᠭᠡ ᠳᠤᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠳᠡᠭᠡᠭᠰᠢᠯᠡᠬᠦᠯᠦᠨ᠂ ᠠᠷᠠᠳ ᠤᠯᠠᠨ ᠳᠤ ᠵᠤᠯ ᠵᠢᠷᠭᠠᠯ ᠢ ᠮᠡᠳᠡᠷᠡᠬᠦᠯᠵᠡᠢ᠃      ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠡᠨᠡ ᠵᠢᠯ ᠠᠴᠠ ᠨᠠᠰᠢ᠂ ᠬᠤᠰᠢᠭᠤ ᠵᠠᠮ ᠲᠡᠭᠡᠭᠡᠪᠦᠷᠢ ᠶᠢᠨ ᠲᠣᠪᠴᠢᠶ᠎ᠠ ᠳᠡᠭᠡᠳᠦ ᠱᠠᠲᠤᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠪᠠᠷ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ︽ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾᠎ ᠢᠶᠠᠷ ᠬᠦᠴᠦᠯᠡᠬᠦ ᠴᠡᠭ ᠪᠣᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠰᠠᠨᠠᠯ︾᠎ ᠤᠨ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠦᠳᠡᠭᠡ ᠳᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号