︽ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠭᠤᠣᠯᠳᠠᠯᠭ᠎ᠠ ᠲᠠᠢ ᠲᠥᠷᠥᠯ ᠵᠦᠢᠯ ᠤᠨ ᠬᠦᠭᠵᠢᠯᠳᠡ ᠶᠢ ᠠᠬᠢᠭᠤᠯᠵᠤ
ᠨᠡᠶᠢᠲᠡᠯᠡᠭᠰᠡᠨ ᠴᠠᠭ᠄
2024/2/16
      ᠮᠠᠨ ᠤ ᠬᠤᠰᠢᠭᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠳᠬᠤᠨ᠂ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠴᠢᠨᠠᠷ ᠰᠠᠶᠢᠳᠠᠢ᠂ ᠦᠨᠳᠦᠷ ᠪᠦᠲᠦᠮᠵᠢᠳᠡᠢ᠂ ᠲᠦᠷᠭᠡᠨ ᠦᠢᠯᠡᠴᠢᠯᠡᠭᠡ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠬᠦᠭᠵᠢᠯᠳᠡ ᠳᠤ ᠬᠦᠴᠦᠨ ᠨᠡᠮᠡᠷᠢᠯᠡᠵᠦ ᠪᠤᠢ᠃        ᠲᠦᠷᠦᠭᠦᠬᠡᠨ᠂ 10 ᠳ᠋ᠦᠩᠰᠢᠭᠤᠷ ᠲᠥᠭᠦᠷᠢᠭ ᠤᠨ  ᠶᠡᠷᠦᠩᠬᠡᠢ ᠪᠡᠯᠡ ᠣᠷᠣᠭᠤᠯᠤᠯᠲᠠ ᠲᠠᠢ᠂ 535 ᠮᠦ ᠳᠠᠯᠠᠪᠠᠢ ᠲᠠᠢ ᠰᠠᠨ ᠢ ᠰᠢᠯᠢ ᠶᠢᠨ ᠭᠤᠣᠯ ᠤᠨ ᠨᠡᠭᠦᠷᠡᠰᠦᠲᠥ᠋ᠷᠥᠭᠴᠢ ᠦᠬᠡᠶᠢᠳᠡᠯ ᠢᠶᠠᠷ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠨᠢ ᠰᠥᠨᠢᠳ ᠠᠵᠤ ᠦᠢᠯᠡᠰ ᠤᠨ ᠬᠦᠷᠢᠶᠡᠯᠡᠩ ᠳᠤ ᠪᠠᠷᠢᠯᠭ᠎ᠠ ᠡᠬᠢᠯᠡᠵᠡᠢ᠃ ᠲᠦᠷᠦᠯ ᠵᠦᠢᠯ ᠨᠢ ᠭᠤᠣᠯᠳᠠᠭᠤ 150 ᠮᠧᠲᠷ ᠤᠨ ᠬᠠᠭᠤᠷᠠᠢ ᠳᠡᠭᠡᠷᠡᠬᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠤ ᠨᠠᠪᠴᠢᠨ ᠢᠯᠳᠠᠰᠤ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠵᠢᠯ ᠳᠤ 1200 ᠨᠠᠪᠴᠢᠨ ᠢᠯᠳᠠᠰᠤ ᠦᠢᠯᠡᠳᠪᠦᠷᠢᠯᠡᠵᠦ᠂ ᠵᠢᠱᠢᠯᠲᠡ ᠪᠠᠷ 2024 ᠣᠨ ᠤ 3 ᠰᠠᠷ᠎ᠠ ᠳᠤ ᠠᠰᠢᠭᠯᠠᠯᠲᠠ ᠳᠤ ᠤᠷᠤᠬᠤ ᠪᠠᠷ ᠪᠤᠢ᠃       ᠲᠥᠷᠥᠯ ᠵᠦᠢᠯ ᠢ ᠤᠷᠤᠭᠰᠢᠲᠠᠢ ᠡᠬᠢᠯᠡᠭᠦᠯᠦᠭᠰᠡᠨ ᠨᠢ ᠮᠠᠨ ᠤ ᠬᠤᠰᠢᠭᠤᠨ ᠤ ᠠᠵᠤ ᠠᠬᠤᠶᠢᠯᠠᠯ ᠳᠤ ᠬᠠᠩᠭᠠᠭᠰᠠᠨ ︽ᠬᠠᠪᠰᠤᠷᠤᠨ  ᠬᠦᠢᠴᠡᠳᠬᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠠᠴᠠ ᠰᠠᠯᠵᠤ ᠪᠤᠯᠤᠰᠢ ᠦᠬᠡᠢ ᠶᠤᠮ᠃ ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠪᠠᠶᠢᠭᠤᠯᠤᠯᠳᠠ ᠶᠢᠨ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠥᠷᠥᠯ ᠵᠦᠢᠯ ᠤᠨ ᠪᠥᠬᠦ ᠶᠠᠪᠤᠴᠠ ᠳᠤ ︽ᠬᠠᠪᠰᠤᠷᠤᠨ ᠬᠦᠢᠴᠡᠳᠬᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠵᠤ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠬᠦ ᠦᠶ᠎ᠡ ᠳᠤ᠂ ᠬᠤᠰᠢᠭᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠠᠵᠢᠯ ᠵᠣᠯᠭᠠᠭᠤᠯᠵᠤ ᠂ ᠬᠠᠪᠰᠤᠷᠤᠨ ᠭᠦᠢᠴᠡᠳᠭᠡᠭᠴᠢ ᠠᠴᠠ ᠠᠵᠤ ᠠᠬᠤᠶᠢᠯᠠᠯ ᠤᠨ ᠬᠢᠨ ᠳᠤ ᠬᠠᠪᠰᠤᠷᠤᠨ ᠬᠡᠷᠡᠭᠰᠡᠬᠦ ᠮᠠᠲ᠋ᠧᠷᠢᠶᠠᠯ ᠢ ᠨᠢ ᠪᠡᠯᠡᠳᠭᠡᠬᠦᠯᠦᠨ᠂ ᠠᠵᠤ ᠠᠬᠤᠶᠢᠯᠠᠯ ᠤᠨ ᠳᠤᠬᠠᠶᠢᠯᠠᠭᠰᠠᠨ ᠠᠵᠢᠯ ᠬᠦᠢᠴᠡᠳᠭᠡᠬᠦᠯᠬᠦ ᠬᠤᠭᠤᠴᠠᠭ᠎ᠠ ᠶᠢ ᠪᠤᠭᠤᠨᠢᠰᠬᠠᠭᠰᠠᠨ ᠤ ᠬᠠᠮᠲᠤ ᠠᠵᠤ ᠠᠬᠤᠶᠢᠯᠠᠯ ᠡᠷᠭᠢᠯᠡᠬᠦ᠂ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠠᠵᠢᠯ ᠡᠬᠢᠯᠡᠭᠦᠯᠬᠦ ᠭᠠᠷᠳᠠᠮ ᠭᠦᠢᠴᠡᠳᠬᠡᠬᠦ ᠵᠡᠷᠭᠡ ᠭᠤᠭᠴᠤᠭ᠎ᠠ ᠳᠤ ︽ᠠᠰᠠᠷᠠᠭᠴᠢ ᠮᠠᠶ᠋ᠢᠭ︾᠎ ᠤᠨ ᠦᠢᠯᠡᠴᠢᠯᠡᠭᠡ ᠬᠠᠩᠭᠠᠵᠤ ᠂ ᠪᠡᠯᠡ ᠣᠷᠣᠭᠤᠯᠤᠭᠴᠢᠳ ᠲᠤ ᠨᠠᠩ ᠠᠮᠤᠷ ᠲᠠᠶᠢᠪᠤᠩ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠢᠳᠡᠪᠬᠢᠲᠡᠢ ᠪᠠᠷ ᠪᠣᠶ ᠪᠣᠯᠭᠠᠵᠤ᠂ ᠴᠢᠨᠠᠷ ᠰᠠᠶᠢᠳᠠᠢ ᠦᠢᠯᠡᠴᠢᠯᠡᠭᠡ ᠪᠠᠷ ᠪᠡᠯᠡ ᠣᠷᠣᠭᠤᠯᠤᠯᠲᠠ ᠶᠢ ᠠᠬᠢᠭᠤᠯᠤᠨ᠂ ᠭᠤᠤᠯᠳᠠᠯᠭ᠎ᠠ ᠲᠠᠢ ᠲᠦᠷᠦᠯ ᠵᠦᠢᠯ ᠤᠨ ᠤᠷᠤᠭᠰᠢᠳᠠᠢ ᠠᠵᠢᠯ ᠢᠶᠠᠨ ᠡᠬᠢᠯᠡᠬᠦᠯᠬᠦ ᠳᠤ ᠬᠦᠴᠦᠨ ᠨᠡᠮᠡᠷᠢᠯᠡᠵᠡᠢ᠃       ᠭᠤᠣᠯᠳᠠᠯᠭ᠎ᠠ ᠲᠠᠢ ᠲᠥᠷᠥᠯ ᠵᠦᠢᠯ ᠢ ᠡᠷᠳᠡᠭᠡᠨ ᠠᠵᠢᠯ ᠡᠬᠢᠯᠡᠭᠦᠯᠵᠦ᠂ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠳᠤᠯᠤᠭᠠᠶᠢᠯᠠᠭᠤᠯᠤᠭᠰᠠᠨ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠠᠮᠲᠤᠷᠠᠨ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠴᠡᠭ ᠠᠴᠠ ᠴᠡᠭ ᠲᠤ᠂ ᠨᠢᠭᠡᠳ ᠨᠢᠭᠡ ᠪᠠᠷ ᠬᠠᠪᠰᠤᠷᠤᠨ  ᠦᠢᠯᠡᠴᠢᠯᠡᠭᠰᠡᠨ ᠤ ᠬᠠᠮᠲᠤ ᠠᠵᠤ ᠠᠬᠤᠶᠢᠯᠠᠯ ᠤᠨ ᠭᠤᠷᠪᠠᠳᠤᠭᠠᠷ ᠡᠲᠡᠭᠡᠳ ᠢ ᠵᠢᠯᠣᠭᠤᠳᠤᠨ ᠡᠯ᠎ᠡ ᠲᠥᠷᠥᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠬᠤᠰᠢᠭᠤ ᠱᠠᠲᠤᠨ ᠤ ᠬᠢᠨᠠᠨ ᠵᠥᠪᠰᠢᠶᠡᠷᠡᠬᠦ ᠭᠠᠷᠳᠠᠮ ᠢ ᠴᠢᠷᠮᠠᠶᠢᠨ ᠬᠦᠢᠴᠡᠳᠭᠡᠵᠦ᠂  ᠣᠷᠣᠨ ᠠᠶᠢᠮᠠᠭ ᠤᠨ ᠱᠠᠲᠤᠨ ᠤ ᠬᠢᠨᠠᠨ ᠵᠥᠪᠰᠢᠶᠡᠷᠡᠬᠦ ᠭᠠᠷᠳᠠᠮ ᠢ ᠴᠠᠭ ᠳᠠᠷᠤᠢ ᠳᠤᠨᠢ ᠳᠡᠭᠡᠭᠰᠢ ᠮᠡᠳᠡᠬᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号