ᠮᠠᠨ ᠤ ᠬᠤᠰᠢᠭᠤ ᠵᠡᠮᠳᠡᠭᠴᠦᠳ ᠤᠨ ᠠᠵᠢᠯ ᠣᠯᠭᠤᠯᠲᠠ ᠶᠢ ᠴᠢᠬᠤᠯᠠᠴᠢᠯᠠᠨ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/2/19
     ᠮᠠᠨ ᠤ ᠬᠤᠰᠢᠭᠤ ᠥᠷᠭᠡᠨ ᠣᠯᠠᠨ ᠵᠡᠮᠳᠡᠭᠴᠦᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠠᠴᠠ ᠭᠠᠷᠳᠠᠵᠤ᠂ ᠣᠯᠠᠨ ᠵᠦᠢᠯ ᠤᠨ ᠠᠷᠭ᠎ᠠ ᠶᠢ ᠵᠡᠷᠭᠡᠪᠡᠷ ᠬᠡᠷᠡᠭᠯᠡᠨ ᠵᠡᠮᠳᠡᠭᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠬᠠᠪᠰᠤᠷᠤᠨ ᠲᠡᠳᠬᠦᠵᠦ᠂ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠤᠷᠤᠯᠴᠠᠭᠤᠯᠤᠨ᠂ ᠳᠡᠳᠡᠨ ᠤ ᠢᠳᠡᠭᠡᠯ ᠵᠤᠷᠢᠭᠲᠠᠢ ᠎ ᠪᠠᠷ ᠪᠡᠶ᠎ᠡ ᠪᠠᠨ ᠳᠠᠭᠠᠭᠠᠵᠤ᠂ ᠠᠮᠢᠳᠤᠷᠠᠯ ᠳᠤ ᠦᠭᠡᠳᠡᠷᠡᠭ ᠬᠠᠨᠳᠤᠬᠤ ᠶᠢ ᠵᠤᠷᠢᠭᠵᠢᠭᠤᠯᠵᠤ ᠪᠠᠶᠢᠨ᠎ᠠ  ᠃       ᠯᠢᠦ ᠷᠦᠨ ᠯᠢᠶᠠᠩ ᠪᠣᠯ ᠮᠠᠨ ᠤ ᠬᠤᠰᠢᠭᠤᠨ ᠤ ᠬᠤᠶᠠᠳᠤᠭᠠᠷ ᠳᠡᠰ ᠤᠨ ᠵᠡᠮᠳᠡᠭ ᠬᠥᠮᠥᠨ᠃ 1978 ᠣᠨ ᠳᠤ᠂ ᠲᠦᠷᠪᠡᠭᠡᠨ ᠨᠠᠰᠤᠳᠠᠢ ᠯᠢᠦ ᠷᠦᠨ ᠯᠢᠶᠠᠩ ᠬᠡᠦᠬᠡᠳ ᠤᠨ ᠰᠠ ᠡᠪᠡᠳᠴᠢᠨ ᠳᠤᠰᠴᠤ ᠬᠤᠶᠠᠷ ᠬᠥᠯ ᠨᠢ ᠳᠠᠮᠪᠠᠷᠠᠭᠰᠠᠨ ᠴᠦ᠂ ︽ᠵᠤᠷᠢᠭ ᠢᠶᠠᠷ ᠢᠯᠡᠨ᠎ᠡ︾ ᠭᠡᠳᠡᠭ ᠪᠠᠷ 1990 ᠣᠨ ᠳᠤ ᠮᠡᠰᠡ ᠵᠠᠰᠠᠯ ᠬᠢᠬᠡᠳ ᠦᠷᠦᠭᠡᠰᠦᠨ ᠬᠦᠯ ᠳᠡᠭᠡᠷ᠎ᠡ ᠪᠠᠨ ᠪᠤᠰᠴᠤ  ᠲᠦᠩᠭᠡᠵᠢ ᠠᠯᠬᠤᠵᠤ ᠴᠢᠳᠠᠮᠠᠭᠴᠠ᠂ ᠮᠡᠰᠡ ᠵᠠᠰᠠᠯ ᠬᠢᠯᠬᠡᠬᠦ ᠶᠢᠨ ᠲᠦᠯᠦᠬᠡ ᠶᠡᠭᠡ ᠬᠡᠮᠵᠢᠶᠡᠨ ᠤ ᠮᠦᠩᠭᠦ ᠵᠠᠷᠤᠵᠤ᠂ ᠪᠠᠰᠠ ᠴᠠᠭ ᠮᠦᠴᠡ ᠦᠬᠡᠢ ᠳᠡᠬᠦᠨ ᠢ ᠠᠰᠠᠷᠠᠨ ᠬᠠᠷᠠᠭᠠᠯᠵᠠᠬᠤ ᠠᠪᠤ ᠡᠵᠢ ᠶᠢᠨ ᠢᠶᠠᠨ  ᠵᠦᠳᠡᠷᠡᠵᠦ ᠪᠠᠶᠢᠭ᠎ᠠ ᠶᠢ ᠬᠠᠷᠠᠭᠠᠳ᠂ ᠴᠢᠳᠠᠯ ᠤᠨ ᠬᠢᠷᠢ ᠪᠠᠷ ᠢᠶᠠᠨ ᠠᠵᠢᠯ ᠡᠷᠢᠨ ᠬᠢᠵᠦ ᠭᠡᠷ ᠪᠦᠯᠢ ᠶᠢᠨ ᠢᠶᠠᠨ ᠳᠠᠷᠤᠭᠠᠰᠤ ᠶᠢ ᠬᠦᠩᠭᠡᠯᠡᠬᠦ ᠪᠤᠯᠵᠠᠢ᠃ 2005 ᠣᠨ ᠤ ᠡᠪᠦᠯ᠂ ᠲᠡᠷᠡ ᠭᠠᠳᠠᠨ᠎ᠠ ᠨᠤᠭᠤᠭ᠎ᠠ ᠬᠤᠳᠠᠯᠳᠤᠵᠤ ᠪᠠᠶᠢᠬᠤ ᠳᠤ ᠪᠠᠨ ᠰᠠᠨᠠᠮᠰᠠᠷ ᠦᠬᠡᠢ ᠬᠦᠯ ᠢᠶᠠᠨ ᠬᠤᠭᠤᠯᠤᠨ ᠬᠤᠶᠠᠷ ᠤᠳᠠᠭ᠎ᠠ ᠮᠡᠰᠡ ᠵᠠᠰᠠᠯ ᠬᠢᠯᠬᠡᠨ᠂ ᠤᠯᠤᠭᠰᠠᠨ ᠬᠡᠳᠦᠨ ᠮᠦᠩᠭᠦ ᠪᠠᠨ ᠪᠦᠬᠦᠨ ᠢ ᠵᠠᠷᠤᠵᠤ ᠳᠠᠭᠤᠰᠬᠠᠭᠰᠠᠨ ᠮᠦᠷᠳᠡᠭᠡᠨ ᠭᠤᠷᠪᠠᠨ ᠵᠢᠯ ᠪᠤᠯᠤᠭᠠᠳ ᠰᠠᠶ᠋ᠢ ᠲᠠᠶᠠᠭ ᠳᠤᠯᠵᠤ ᠠᠯᠬᠤᠬᠤ ᠪᠤᠯᠵᠠᠢ᠃ ᠭᠡᠪᠡᠴᠦ ᠡᠨᠡ ᠭᠤᠷᠪᠠᠨ ᠵᠢᠯ ᠳᠤ ᠯᠢᠦ ᠷᠦᠨ ᠯᠢᠶᠠᠩ ᠵᠦᠭᠡᠷ ᠠᠰᠠᠷᠠᠭᠤᠯᠤᠭᠠᠳ ᠭᠡᠪᠳᠡᠭᠰᠡᠨ ᠦᠬᠡᠢ ᠬᠠᠷᠢᠨ ᠴᠦ᠂ ︽ᠵᠤᠷᠢᠭ ᠪᠠᠶᠢᠪᠠᠯ ᠵᠢᠷᠭᠠᠯ ᠤᠶᠢᠷ᠎ᠠ︾ ᠬᠡᠮᠡᠨ ᠦᠪᠡᠷ ᠢ ᠪᠠᠨ ᠦᠷᠬᠦᠯᠵᠢ ᠵᠤᠷᠢᠭᠵᠢᠭᠤᠯᠤᠨ᠂ ᠠᠮᠢᠳᠤᠷᠠᠯ ᠤᠨ ᠢᠶᠠᠨ ᠳᠠᠷᠤᠭᠠᠰᠤ ᠶᠢ ᠪᠠᠭ᠎ᠠ ᠴᠦ ᠭᠡᠰᠡᠨ ᠬᠦᠩᠭᠡᠯᠡᠬᠦ ᠬᠡᠵᠦ ᠦᠬᠡᠷ ᠬᠤᠨᠢᠨ ᠤ ᠳᠤᠯᠤᠭᠠᠢ ᠰᠢᠬᠢᠷ᠎ᠡ ᠬᠤᠶᠢᠬᠠᠯᠠᠨ᠂ ᠭᠠᠷ ᠵᠠᠭᠤᠷ᠎ᠠ ᠵᠠᠷᠤᠬᠤ ᠠᠷ ᠰᠠᠷ ᠮᠦᠩᠭᠦ ᠤᠯᠵᠤ ᠪᠠᠶᠢᠵᠠᠢ᠃ 2008 ᠣᠨ ᠪᠣᠯᠬᠤ ᠳᠤ ᠳᠡᠬᠦᠨ ᠤ ᠠᠮᠢᠳᠤᠷᠠᠯ ᠳᠤ ᠡᠷᠬᠢᠯᠳᠡ ᠭᠠᠷᠴᠤ᠂ ᠪᠠᠷᠢᠯᠭ᠎ᠠ ᠶᠢᠨ ᠠᠵᠢᠯ ᠲᠥᠷᠥᠯ ᠳᠤ ᠣᠷᠣᠵᠤ ᠠᠮᠢᠳᠤᠷᠠᠯ ᠨᠢ ᠴᠦ ᠠᠭᠠᠵᠢᠮ ᠢᠶᠠᠷ ᠰᠠᠶᠢᠵᠢᠷᠠᠵᠤ᠂ 2015 ᠣᠨ ᠳᠤ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠪᠠᠶᠢᠭᠤᠯᠵᠤ᠂ ᠰᠡᠭᠦᠯᠡᠷ ᠨᠢ ᠪᠠᠰᠠ ᠪᠤᠰᠤᠳ ᠺᠣᠮᠫᠠᠨᠢ ᠶᠢ ᠵᠠᠯᠭᠠᠭ᠎ᠠ ᠪᠠᠷ ᠪᠠᠶᠢᠭᠤᠯᠤᠭᠰᠠᠨ ᠪᠥᠭᠡᠳ ᠳᠡᠷᠭᠡᠳᠡᠬᠢ ᠵᠡᠮᠳᠡᠭ ᠬᠦᠮᠦᠰ ᠲᠤ ᠪᠠᠨ ᠴᠦ ᠠᠵᠢᠯ ᠤᠯᠭᠤᠨ ᠠᠮᠢᠳᠤᠷᠠᠯ ᠢ ᠨᠢ ᠳᠡᠳᠬᠦᠬᠦ ᠶᠢ ᠬᠢᠴᠢᠶᠡᠭᠰᠡᠭᠡᠷ ᠢᠷᠡᠵᠡᠢ᠃      ᠪᠡᠶ᠎ᠡ ᠵᠡᠮᠳᠡᠭ ᠴᠦ ᠤᠬᠠᠭᠠᠨ ᠰᠠᠷᠠᠭᠤᠯ ᠯᠢᠦ ᠷᠦᠨ ᠯᠢᠶᠠᠩ ᠠᠮᠢᠳᠤᠷᠠᠯ ᠤᠨ ᠪᠡᠷᠭᠡ ᠳᠠᠪᠠᠭ᠎ᠠ ᠶᠢ ᠳᠠᠬᠢᠨ ᠳᠠᠬᠢᠨ ᠳᠤᠭᠤᠯᠤᠭᠰᠠᠨ ᠴᠦ᠂ ᠬᠢᠵᠦ ᠪᠦᠲᠦᠭᠡᠬᠦ ᠶᠢᠨ ᠬᠦᠰᠡᠯ ᠢᠶᠠᠷ ᠪᠢᠯᠬᠠᠭᠰᠠᠨ ᠵᠤᠷᠢᠭ ᠪᠤᠰᠤᠭ᠎ᠠ ᠳᠡᠬᠦᠨ ᠢ ᠶᠠᠭᠤ ᠴᠦ ᠬᠤᠷᠢᠵᠤ ᠡᠰᠡ ᠴᠢᠳᠠᠨ᠂ ᠪᠦᠳᠦᠷᠢᠭᠰᠡᠨ ᠭᠠᠵᠠᠷ ᠠᠴᠠ ᠪᠠᠨ ᠰᠢᠷᠦᠢ ᠠᠳᠬᠤᠨ ᠪᠤᠰᠴᠤ᠂ ᠳᠠᠷᠠᠭᠠᠴᠢ ᠶᠢᠨ ᠠᠯᠬᠤᠮ ᠢᠶᠠᠨ ᠯᠠᠪᠳᠠᠭᠤᠨ ᠠᠯᠬᠤᠳᠠᠭ ᠡᠷᠴᠢ ᠬᠦᠴᠦ ᠲᠠᠢ ᠨᠢᠭᠡᠨ ᠪᠠᠶᠢᠯ᠎ᠠ᠃     ᠤᠯᠠᠨ ᠤ ᠨᠢᠳᠦᠨ ᠳᠠᠬᠢ ︽ᠴᠢᠷᠦᠭᠳᠡᠯ︾᠎ ᠠᠴᠠ᠂ ᠠᠶᠢᠯ ᠭᠡᠷ ᠤᠨ ᠳᠤᠯᠭᠠᠭᠤᠷᠢ ᠪᠤᠯᠬᠤ ᠪᠤᠯᠳᠠᠯ᠎ᠠ ᠪᠠᠨ ᠯᠢᠦ ᠷᠦᠨ ᠯᠢᠶᠠᠩ ᠲᠠᠢ ᠠᠳᠠᠯᠢ ᠪᠠᠷ᠂ ᠵᠠᠩ ᠵᠢᠶᠠᠨ ᠳ᠋ᠦᠩ ᠪᠡᠶ᠎ᠡ ᠵᠡᠮᠳᠡᠭ ᠢᠶᠠᠨ ᠠᠵᠠ ᠦᠭᠡᠶᠢᠳᠡᠯ ᠳᠤ ᠳᠤᠭᠠᠴᠠᠯ ᠦᠬᠡᠢ ᠡᠩ ᠤᠨ ᠬᠥᠮᠥᠰ ᠠᠴᠠ ᠵᠠᠭᠤᠨ ᠬᠤᠪᠢ ᠢᠯᠡᠬᠦᠦ ᠴᠢᠷᠮᠠᠶᠢᠵᠤ᠂ ᠦᠪᠡᠷ ᠤᠨ ᠭᠡᠬᠦ ᠳᠡᠯᠭᠡᠭᠦᠷ ᠲᠠᠢ ᠦᠭᠡᠳᠡᠷᠡᠭ ᠰᠠᠶᠢᠬᠠᠨ ᠠᠮᠢᠳᠤᠷᠠᠯ ᠲᠠᠢ᠂ ᠡᠩ ᠤᠨ ᠬᠦᠮᠦᠨ ᠠᠴᠠ ᠳᠤᠤᠷ᠎ᠠ ᠦᠬᠡᠢ ᠬᠢᠯᠠᠷᠠᠭᠤᠯᠵᠤ ᠶᠠᠪᠤᠭ᠎ᠠ ᠶᠤᠮ᠃ ᠳᠡᠬᠦᠨ ᠤ ᠳᠡᠯᠭᠡᠭᠦᠷ ᠲᠤ ᠪᠠᠶᠢᠩᠭᠤ ᠦᠢᠯᠡᠴᠢᠯᠡᠬᠦᠯᠳᠡᠭ ᠬᠠᠭᠤᠴᠢᠨ ᠭᠡᠷᠡᠭᠯᠡᠭᠴᠢᠳ ᠨᠢ ᠰᠢᠨ᠎ᠡ ᠭᠡᠷᠡᠭᠯᠡᠭᠴᠢ ᠳᠠᠨᠢᠯᠴᠠᠭᠤᠯᠵᠤ ᠢᠷᠡᠳᠡᠭ ᠨᠢ ᠴᠦ ᠴᠦᠭᠡᠨ ᠪᠤᠰᠤ ᠪᠠᠶᠢᠵᠤ᠂ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢᠯᠠᠯ ᠢ ᠮᠡᠳᠡᠷᠡᠳᠡᠭ ᠨᠢᠩᠵᠢᠨ ᠰᠡᠳᠬᠢᠯ ᠲᠠᠢ ᠵᠠᠩ ᠵᠢᠶᠠᠨ ᠳ᠋ᠦᠩ ᠵᠠᠷᠢᠮ ᠦᠶ᠎ᠡ ᠳᠤ ᠪᠠᠭ᠎ᠠ ᠰᠠᠭ᠎ᠠ ᠵᠦᠢᠯᠡᠰ ᠢ ᠦᠨ᠎ᠡ ᠲᠦᠯᠦᠪᠦᠷᠢ ᠦᠬᠡᠢ ᠪᠠᠷ ᠤᠶᠤᠵᠤ ᠦᠭᠳᠡᠭ ᠶᠤᠮ᠃      ᠤᠶᠢᠯᠠᠭᠠᠭᠰᠠᠨ ᠢᠶᠠᠷ ᠤᠳᠤᠬᠠᠨ ᠪᠤᠯᠳᠠᠯ᠎ᠠ᠂ ᠮᠠᠨ ᠤ ᠬᠤᠰᠢᠭᠤᠨ ᠳᠤ ᠨᠡᠶᠢᠲᠡ 3224 ᠦᠨᠡᠮᠯᠡᠯ ᠲᠠᠢ ᠵᠡᠮᠳᠡᠭ ᠬᠥᠮᠥᠨ ᠪᠠᠶᠢᠵᠤ᠂ ᠨᠢᠭᠡᠨᠲᠡ 1003 ᠠᠳᠠᠯ ᠦᠢᠯᠡᠰ ᠴᠣᠭᠴᠠᠯᠠᠵᠤ ᠠᠵᠢᠯ ᠣᠯᠣᠭᠰᠠᠳ ᠢ ᠨᠢ ᠬᠠᠪᠰᠤᠷᠤᠨ ᠲᠡᠳᠬᠦᠭᠰᠡᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠬᠤᠰᠢᠭᠤ ᠵᠡᠮᠳᠡᠭᠴᠦᠳ ᠤᠨ  ᠬᠤᠯᠪᠤᠭᠠᠳᠤ ᠬᠤᠷᠠᠯ ᠤᠨ ᠬᠢᠨ ᠵᠡᠮᠳᠡᠭᠴᠦᠳ ᠤᠨ ᠠᠵᠢᠯ ᠣᠯᠭᠤᠯᠲᠠ ᠶᠢᠨ ᠵᠥᠪᠯᠡᠯᠭᠡ ᠥᠭᠬᠦ᠂ ᠠᠵᠢᠯ ᠲᠠᠨᠢᠯᠴᠠᠭᠤᠯᠬᠤ᠂ ᠠᠵᠢᠯ ᠣᠯᠭᠤᠯᠲᠠ ᠪᠠᠷ ᠲᠥᠪᠬᠢᠨᠡᠭᠦᠯᠬᠦ᠂ ᠠᠵᠢᠯ ᠣᠯᠭᠤᠯᠲᠠ ᠶᠢᠨ ᠬᠠᠷᠢᠭᠤ ᠰᠣᠷᠪᠤᠯᠵᠢᠯᠠᠭ᠎ᠠ ᠬᠢᠬᠦ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠵᠦ᠂ ᠵᠣᠬᠢᠬᠤ ᠬᠡᠮᠵᠢᠶᠡᠨ ᠤ ᠬᠥᠳᠡᠯᠮᠦᠷᠢᠯᠡᠬᠦ ᠴᠢᠳᠠᠪᠤᠷᠢ ᠲᠠᠢ ᠵᠡᠮᠳᠡᠭᠴᠦᠳ ᠢ ᠬᠠᠪᠰᠤᠷᠤᠨ ᠠᠵᠢᠯ ᠤᠯᠭᠤᠵᠤ᠂ ᠡᠨᠡ ᠵᠢᠯ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠳᠠ ᠨᠡᠶᠢᠲᠡ 4 ᠬᠤᠭᠤᠴᠠᠭ᠎ᠠ ᠡᠷᠭᠢᠯᠡᠵᠦ᠂ 115 ᠬᠥᠮᠥᠨ ᠤᠳᠠᠭ᠎ᠠ ᠳᠤ ᠪᠤᠯᠪᠠᠰᠤᠷᠠᠯ ᠬᠦᠷᠳᠡᠭᠡᠵᠦ᠂ ᠨᠡᠶᠢᠲᠡ 45 ᠵᠡᠮᠳᠡᠭᠴᠦᠳ ᠲᠤ ᠠᠵᠢᠯ ᠣᠯᠭᠤᠵᠤ᠂ ᠵᠡᠮᠳᠡᠭᠴᠦᠳ ᠤᠨ ᠠᠳᠠᠯ ᠦᠢᠯᠡᠰ ᠴᠣᠭᠴᠠᠯᠠᠬᠤ ᠨᠥᠬᠦᠪᠦᠷᠢ ᠶᠢ ᠡᠭᠡᠯᠵᠢᠯᠡᠨ ᠣᠯᠭᠤᠵᠤ᠂ ᠵᠢᠯ ᠪᠦᠷᠢ 10 ᠡᠷᠦᠬᠡ᠂ ᠡᠷᠦᠬᠡ ᠪᠦᠷᠢ ᠳᠤ 5000 ᠲᠥᠭᠦᠷᠢᠭ ᠳᠠᠷᠬᠠᠭᠠᠵᠠᠢ᠃ ᠳᠠᠷᠠᠭᠠᠴᠢ ᠶᠢᠨ ᠠᠯᠬᠤᠮ ᠳᠤ ᠬᠤᠰᠢᠭᠤ ᠵᠡᠮᠳᠡᠭᠴᠦᠳ ᠤᠨ ᠬᠤᠯᠪᠤᠭᠠᠳᠤ ᠬᠤᠷᠠᠯ ᠤᠨ ᠬᠢᠨ ᠵᠡᠮᠳᠡᠭᠴᠦᠳ ᠤᠨ ᠪᠤᠳᠠᠳᠤ ᠪᠠᠶᠢᠳᠠᠯ ᠢ ᠦᠨᠳᠦᠰᠦᠯᠡᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ᠂ ᠬᠡᠷᠡᠭᠯᠡᠭᠡᠨ ᠤ ᠮᠡᠷᠭᠡᠵᠢᠯ ᠤᠨ ᠰᠤᠷᠭᠠᠯᠳᠠ ᠥᠷᠨᠢᠭᠦᠯᠵᠦ᠂ ᠠᠵᠢᠯ ᠤᠨ ᠪᠠᠶᠢᠷᠢ ᠶᠢᠨ ᠵᠤᠬᠢᠴᠠᠭᠤᠯᠭ᠎ᠠ ᠶᠢ ᠰᠠᠶᠢᠲᠤᠷ ᠠᠳᠬᠤᠵᠤ᠂ ᠨᠡᠩ ᠤᠯᠠᠨ ᠠᠵᠤ ᠠᠬᠤᠶᠢᠯᠠᠯ ᠲᠠᠢ ᠨᠡᠪᠲᠡᠷᠡᠯᠴᠡᠵᠦ᠂ ᠵᠡᠮᠳᠡᠭᠴᠦᠳ ᠤᠨ ᠠᠵᠢᠯ ᠤᠯᠭᠤᠯᠳᠠ ᠶᠢ ᠠᠬᠢᠭᠤᠯᠬᠤ ᠪᠤᠯᠤᠨ᠎ᠠ᠃ ᠡᠭᠦᠨ ᠤ ᠬᠠᠮᠲᠤ ᠵᠠᠷᠢᠮ ᠬᠤᠯᠪᠣᠭᠳᠠᠯ ᠪᠦᠬᠦᠢ ᠠᠵᠢᠯ ᠣᠯᠭᠤᠯᠲᠠ ᠶᠢᠨ ᠮᠡᠳᠡᠭᠡ ᠵᠠᠩᠭᠢ ᠪᠠ ᠲᠦᠷᠦ ᠶᠢᠨ ᠪᠣᠳᠣᠯᠭ᠎ᠠ ᠶᠢ ᠥᠷᠭᠡᠨ ᠤᠯᠠᠨ ᠵᠡᠮᠳᠡᠭᠴᠦᠳ ᠲᠤ ᠤᠬᠠᠭᠤᠯᠵᠤ᠂ ᠵᠡᠮᠳᠡᠭᠴᠦᠳ ᠤᠨ ᠠᠵᠢᠯ ᠣᠯᠬᠤ ᠳᠤ ᠦᠷᠬᠦᠯᠵᠢᠯᠡᠨ ᠬᠦᠬᠦᠷᠭᠡ ᠬᠤᠯᠪᠤᠭᠠᠰᠦ ᠎ ᠶᠢᠨ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号