ᠮᠠᠨ ᠤ ᠬᠤᠰᠢᠭᠤ 2024 ᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠡᠳ᠋ ᠪᠠᠷᠠᠭᠠᠨ ᠤ ᠪᠤᠷᠤᠯᠠᠭᠤᠯᠭ᠎ᠠ ᠶᠢᠨ ᠪᠠᠶᠠᠷ ᠤᠨ ᠭᠡᠷᠡᠭᠯᠡᠭᠡᠨ ᠤ ᠳᠡᠮᠳᠡᠭ ᠳᠠᠷᠬᠠᠭᠠᠬᠤ ᠶᠤᠰᠤᠯᠠᠯ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/2/2
     ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠬᠦᠮᠦᠰ ᠤᠨ ᠰᠠᠷ᠎ᠠ ᠰᠢᠨ᠎ᠡ ᠶᠢᠨ ᠪᠡᠯᠡᠭ᠂ ᠡᠳ᠋ ᠪᠠᠷᠠᠭ᠎ᠠ ᠬᠤᠳᠠᠯᠳᠤᠨ ᠠᠪᠬᠤ ᠭᠡᠷᠡᠭᠴᠡᠭᠡᠨ ᠳᠤ ᠬᠠᠨᠳᠤᠭᠤᠯᠤᠨ᠂ 2 ᠰᠠᠷ᠎ᠠ ᠶᠢᠨ 1᠎ ᠤ ᠡᠳᠦᠷ᠂ ᠮᠠᠨ ᠤ ᠬᠤᠰᠢᠭᠤ 2024 ᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠡᠳ᠋ ᠪᠠᠷᠠᠭᠠᠨ ᠤ ᠪᠤᠷᠤᠯᠠᠭᠤᠯᠭ᠎ᠠ ᠶᠢᠨ ᠪᠠᠶᠠᠷ ᠤᠨ ᠭᠡᠷᠡᠭᠯᠡᠭᠡᠨ ᠤ ᠳᠡᠮᠳᠡᠭ ᠳᠠᠷᠬᠠᠭᠠᠬᠤ ᠶᠤᠰᠤᠯᠠᠯ ᠶᠠᠪᠤᠭᠳᠠᠭᠤᠯᠵᠠᠢ᠃       ᠶᠤᠰᠤᠯᠠᠯ ᠨᠢ ᠬᠤᠰᠢᠭᠤ ᠺᠢᠨᠤ᠋ ᠤᠷᠳᠤᠨ ᠤ ᠠᠭᠤᠳᠠᠮ ᠳᠠᠯᠠᠪᠠᠢ ᠳᠤ ᠶᠠᠪᠤᠭᠳᠠᠨ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠵᠤ᠂ ᠮᠠᠨ ᠤ ᠬᠤᠰᠢᠭᠤᠨ ᠤ 2024 ᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠡᠳ᠋ ᠪᠠᠷᠠᠭᠠᠨ ᠤ  ᠪᠤᠷᠤᠯᠠᠭᠤᠯᠭ᠎ᠠ ᠶᠢᠨ ᠪᠠᠶᠠᠷ ᠵᠢᠩᠬᠢᠨᠢ ᠪᠠᠷ ᠡᠬᠢᠯᠡᠭᠰᠡᠨ ᠢ ᠵᠠᠷᠯᠠᠪᠠ᠃      ᠶᠣᠰᠣᠯᠠᠯ ᠳᠤ᠂ ᠬᠡᠷᠡᠭᠯᠡᠭᠡᠨ ᠤ ᠳᠡᠮᠳᠡᠭ ᠲᠠᠷᠬᠠᠭᠠᠬᠤ ᠪᠠ ᠬᠡᠷᠡᠭᠯᠡᠬᠦ ᠳᠦᠷᠢᠮ ᠢ ᠨᠠᠷᠢᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠶ᠎ᠠ ᠬᠢᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠳᠤᠪᠴᠢᠶᠠᠨ ᠠᠴᠠ ᠭᠤᠣᠯᠯᠠᠨ ᠡᠷᠭᠢᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠣᠷᠤᠯᠠᠭᠤᠯᠭ᠎ᠠ ᠶᠢ ᠭᠦᠢᠴᠡᠳ ᠠᠰᠢᠭᠯᠠᠨ ᠬᠡᠷᠡᠭᠯᠡᠭᠴᠢᠳ ᠢ ᠲᠠᠲᠠᠵᠤ᠂ ᠪᠣᠷᠤᠯᠠᠭᠤᠯᠭ᠎ᠠ ᠶᠢᠨ ᠬᠡᠮᠵᠢᠶ᠎ᠡ ᠶᠢ  ᠨᠡᠮᠡᠭᠳᠡᠬᠦᠯᠦᠨ᠂ ᠬᠡᠷᠡᠭᠯᠡᠭᠡᠨ ᠤ ᠨᠡᠮᠡᠭᠳᠡᠯ ᠢ ᠬᠥᠭᠵᠢᠭᠡᠵᠦ᠂ ᠴᠠᠭᠠᠨ ᠰᠠᠷ᠎ᠠ ᠶᠢᠨ  ᠡᠳ᠋ ᠪᠠᠷᠠᠭᠠᠨ ᠤ ᠬᠠᠩᠭᠠᠯᠭ᠎ᠠ ᠶᠢ  ᠪᠠᠶᠠᠯᠢᠭᠵᠢᠭᠤᠯᠬᠤ ᠶᠢ ᠵᠤᠷᠢᠵᠤ᠂ ᠠᠵᠢᠯᠯᠠᠭ᠎ᠠ ᠨᠢ ᠴᠠᠭᠠᠨ ᠰᠠᠷ᠎ᠠ ᠶᠢᠨ ᠬᠤᠭᠤᠴᠠᠭᠠᠨ ᠳᠤ ᠦᠷᠭᠦᠯᠵᠢᠯᠡᠨ ᠶᠠᠪᠤᠭᠳᠠᠵᠤ᠂ ︽ᠪᠠᠷᠠᠭᠤᠨ ᠰᠦᠨᠢᠳ ᠤᠨ ᠴᠠᠭᠠᠨ ᠰᠠᠷ᠎ᠠ ᠶᠢᠨ ᠡᠳ᠋ ᠪᠠᠷᠠᠭᠠᠨ ᠤ  ᠪᠤᠷᠤᠯᠠᠭᠤᠯᠭ᠎ᠠ ᠶᠢᠨ ᠪᠠᠶᠠᠷ︾᠎ ᠤᠨ ᠸᠢᠴᠠᠲ ᠫᠷᠣᠭ᠍ᠷᠠᠮ ᠢᠶᠠᠷ ᠳᠠᠮᠵᠢᠭᠤᠯᠤᠨ᠂ ︽ᠰᠦᠯᠵᠢᠶᠡᠨ ᠳᠡᠭᠡᠷ᠎ᠡ ᠳᠡᠮᠳᠡᠭ ᠠᠪᠬᠤ︾ ᠬᠡᠯᠪᠡᠷᠢ ᠪᠠᠷ ᠬᠡᠷᠡᠭᠯᠡᠭᠡᠨ ᠤ ᠳᠡᠮᠳᠡᠭ ᠲᠠᠷᠬᠠᠭᠠᠵᠦ᠂ ᠡᠬᠦᠨ ᠤ ᠬᠠᠮᠳᠤ ᠪᠠᠰᠠ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠎ ᠶᠢ ᠤᠶᠠᠯᠳᠤᠭᠤᠯᠬᠤ ᠬᠡᠯᠪᠡᠷᠢ ᠪᠠᠷ᠂ ᠶᠢᠨ ᠶᠧ ᠴᠢᠯᠦᠬᠡᠳᠦ ᠳᠡᠯᠭᠡᠭᠦᠷ᠂ ᠶᠢᠨ ᠶᠧ ᠬᠤᠳᠠᠯᠳᠤᠭᠠᠨ ᠤ ᠲᠠᠯᠠᠪᠠᠶ᠂ ᠸᠠᠨ ᠵᠢᠶᠠ ᠹᠦ᠋ ᠬᠤᠳᠠᠯᠳᠤᠭᠠᠨ ᠤ ᠲᠠᠯᠠᠪᠠᠶ᠂ ᠵᠢᠶᠠ ᠰᠢᠨ ᠶᠤᠸᠠᠨ ᠴᠢᠯᠦᠬᠡᠳᠦ ᠳᠡᠯᠭᠡᠭᠦᠷ ᠲᠠᠢ ᠬᠠᠮᠳᠤᠷᠠᠨ᠂ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢ ᠠᠬᠢᠭᠤᠯᠬᠤ ᠨᠢᠭᠡ ᠤᠳᠠᠭᠠᠨ ᠤ ᠠᠵᠢᠯᠯᠠᠭ᠎ᠠ ᠪᠠ ᠰᠦᠯᠵᠢᠶᠡᠨ ᠳᠡᠭᠡᠷᠡᠬᠢ ᠬᠡᠷᠡᠭᠯᠡᠭᠡᠨ ᠤ ᠪᠣᠷᠤᠯᠠᠭᠤᠯᠭ᠎ᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠲᠣᠰ ᠭᠠᠵᠠᠷ ᠣᠷᠣᠨ ᠤ ᠬᠡᠷᠡᠭᠯᠡᠭᠡᠨ ᠤ ᠪᠣᠷᠤᠯᠠᠭᠤᠯᠭ᠎ᠠ ᠶᠢ ᠠᠬᠢᠭᠤᠯᠬᠤ ᠳᠤ ᠪᠥᠬᠦ ᠠᠷᠠᠳ ᠢᠶᠠᠷ ᠢᠶᠠᠨ ᠣᠷᠣᠯᠴᠠᠬᠤ ᠪᠠᠶᠢᠷᠢᠰᠢᠯ ᠢ ᠪᠣᠶ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠳᠤ ᠨᠡᠶᠢᠳᠡ  5000 ᠬᠤᠪᠢ ᠭᠡᠷᠡᠭᠯᠡᠭᠡᠨ ᠤ ᠳᠡᠮᠳᠡᠭ ᠲᠠᠷᠬᠠᠭᠠᠵᠤ᠂ ᠬᠤᠲᠠ ᠶᠢᠨ ᠠᠷᠠᠳ ᠬᠡᠷᠡᠭᠯᠡᠭᠡᠨ ᠤ ᠳᠡᠮᠳᠡᠭ ᠢ ᠤᠯᠤᠭᠰᠠᠨ ᠤ ᠳᠠᠷᠠᠭ᠎ᠠ ᠠᠵᠢᠯᠯᠠᠭ᠎ᠠ ᠶᠢᠨ ᠬᠤᠭᠤᠴᠠᠭᠠᠨ ᠳᠤ ᠲᠣᠭᠲᠠᠭᠠᠭᠰᠠᠨ ᠰᠦᠯᠵᠢᠶᠡᠨ ᠭᠠᠳᠠᠨᠠᠬᠢ ᠳᠥᠷᠪᠡᠨ ᠴᠢᠯᠦᠬᠡᠳᠦ ᠳᠡᠯᠭᠡᠭᠦᠷ ᠲᠤ ᠨᠡᠶᠢᠳᠡᠮ ᠬᠡᠷᠡᠭᠯᠡᠵᠦ ᠪᠣᠯᠣᠨ᠎ᠠ᠃ ᠡᠯᠪᠡᠭ ᠳᠡᠯᠪᠡᠭ ᠪᠠᠷᠠᠭᠠᠨ ᠤ ᠢᠷᠡᠯᠲᠡ ᠨᠢ ᠬᠤᠲᠠ ᠶᠢᠨ ᠠᠷᠠᠳ ᠲᠤ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠨᠢᠭᠡ ᠦᠷᠳᠡᠭᠡ ᠮᠠᠶ᠋ᠢᠭ ᠤᠨ ᠬᠡᠷᠡᠭᠴᠡᠭᠡ ᠶᠢ ᠦᠨᠡᠨ ᠬᠦ ᠬᠠᠩᠭᠠᠵᠤ᠂ ᠬᠡᠷᠡᠭᠯᠡᠭᠴᠢᠳ ᠲᠤ ᠲᠦᠬᠦᠮ ᠦᠵᠡᠬᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号