ᠠᠬᠠᠮᠠᠳ ᠪᠠᠭᠰᠢᠨᠠᠷ ᠢ ᠳᠤᠬᠤᠨᠢᠭᠤᠯᠤᠨ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠯ᠎ᠡ
ᠨᠡᠶᠢᠲᠡᠯᠡᠭᠰᠡᠨ ᠴᠠᠭ᠄
2024/2/2
     2 ᠰᠠᠷ᠎ᠠ ᠶᠢᠨ 1᠎ ᠤ ᠡᠳᠦᠷ᠂  ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠬᠢᠨ᠂ 35 ᠵᠢᠯ ᠠᠴᠠ ᠳᠡᠭᠡᠭᠰᠢ ᠠᠵᠢᠯᠯᠠᠵᠤ ᠪᠠᠶᠢᠭ᠎ᠠ ᠪᠠᠭᠰᠢᠨᠠᠷ ᠢ ᠳᠤᠬᠤᠨᠢᠭᠤᠯᠬᠤ ᠠᠵᠢᠯᠯᠠᠭ᠎ᠠ ᠵᠤᠬᠢᠶᠠᠨ ᠪᠠᠶᠢᠭᠤᠯᠵᠤ᠂ ᠨᠢᠭᠡᠳᠦᠭᠡᠷ  ᠹᠷᠤᠨᠲ ᠤᠨ ᠠᠬᠠᠮᠠᠳ ᠪᠠᠭᠰᠢᠨᠠᠷ ᠲᠤ ᠨᠠᠮ  ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠯ᠎ᠡ᠃ ᠬᠤᠰᠢᠭᠤ  ᠤᠳᠤᠷᠢᠳᠤᠯᠭ᠎ᠠ ᠹᠠᠨ ᠶᠧᠦ ᠴᠢᠶᠠᠩ᠂ ᠪᠠᠨ ᠵᠢᠶᠠᠨ ᠶᠢᠩ᠂  ᠦᠨᠡᠨᠴᠢ᠂ ᠨᠠᠷᠠᠰᠤ ᠳᠤᠬᠤᠨᠢᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃      ᠬᠤᠷᠠᠯ ᠤᠨ ᠭᠡᠷ ᠲᠤ᠂  ᠪᠠᠶᠠᠷ ᠤᠨ ᠠᠭᠤᠷ ᠠᠮᠢᠰᠬᠤᠯ ᠪᠢᠯᠬᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠠᠭᠰᠢ ᠨᠠᠷ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠤᠶᠢᠯᠠᠭᠠᠨ᠂ ᠰᠠᠨᠠᠯ ᠪᠤᠳᠤᠯ ᠢ ᠨᠢ ᠰᠤᠨᠤᠰᠤᠯ᠎ᠠ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠎ ᠢ ᠲᠦᠯᠦᠭᠡᠯᠡᠨ᠂ ᠲᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠂ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠶᠢ ᠦᠨᠳᠦᠷ ᠦᠨᠡᠯᠡᠨ ᠮᠠᠭᠲᠠᠨ ᠰᠠᠶᠢᠰᠢᠶᠠᠵᠤ᠂ ᠲᠡᠳᠡᠨ ᠤ ᠬᠡᠳᠦᠨ ᠠᠷᠪᠠᠨ ᠵᠢᠯ ᠤᠨ ᠰᠢᠷᠭᠠᠭᠤ ᠴᠢᠷᠮᠠᠶᠢᠯᠭ᠎ᠠ ᠳᠤ  ᠳᠠᠯᠠᠷᠬᠠᠯ ᠢᠯᠡᠷᠬᠡᠶᠢᠯᠡᠬᠦ ᠶᠢᠨ ᠬᠠᠮᠲᠤ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠵᠥᠩᠨᠡᠯ ᠢᠶᠠᠨ ᠤᠷᠢᠳᠴᠢᠯᠠᠨ ᠳᠡᠪᠰᠢᠭᠦᠯᠵᠡᠢ᠃ ᠲᠡᠷᠡ᠂ ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠪᠣᠯᠣᠨ ᠠᠷᠠᠳ ᠲᠦᠮᠡᠨ ᠤ ᠰᠤᠷᠭᠠᠨ ᠬᠥᠮᠦᠵᠢᠯ ᠤᠨ ᠦᠢᠯᠡᠰ ᠲᠤ ᠦᠨᠡᠨᠴᠢ ᠰᠢᠳᠤᠷᠭᠤ  ᠎ ᠪᠠᠷ ᠵᠢᠳᠬᠦᠵᠦ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠨ ᠡᠭᠡᠯ ᠵᠢᠷ ᠤᠨ ᠠᠵᠢᠯ ᠤᠨ ᠪᠠᠶᠢᠷᠢᠨ ᠳᠤ ᠲᠠᠯᠪᠢᠵᠤ᠂ ᠬᠠᠶᠢᠷ᠎ᠠ ᠰᠡᠳᠬᠢᠯᠭᠡ᠂ ᠡᠷᠳᠡᠮ ᠮᠡᠳᠡᠯᠭᠡ᠂ ᠤᠶᠤᠨ ᠤᠬᠠᠭᠠᠨ ᠢᠶᠠᠷ ᠢᠶᠠᠨ ᠰᠤᠷᠤᠭᠴᠢᠳ ᠤᠨ ᠤᠶᠤᠨ ᠰᠠᠨᠠᠭ᠎ᠠ ᠶᠢ ᠭᠡᠷᠡᠯᠳᠦᠬᠦᠯᠵᠦ᠂ ᠪᠦᠯᠦᠭ ᠪᠦᠯᠦᠭ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠡᠢ᠃ ᠬᠤᠶᠢᠰᠢᠳᠠ ᠠᠬᠠᠮᠠᠳ ᠪᠠᠭᠰᠢ ᠨᠠᠷ ᠬᠥᠮᠥᠨ ᠬᠥᠮᠥᠵᠢᠭᠦᠯᠬᠦ ᠤᠭ ᠰᠠᠨᠠᠭ᠎ᠠ ᠪᠠᠨ ᠦᠷᠭᠦᠯᠵᠢᠯᠡᠨ ᠪᠠᠷᠢᠮᠳᠠᠯᠠᠵᠤ᠂ ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠥᠨᠢᠳ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ  ᠵᠢᠭᠠᠵᠠᠢ᠃      ᠪᠠᠭᠰᠢᠨᠠᠷ ᠤᠨ ᠲᠦᠯᠦᠭᠡᠯᠡᠭᠴᠳ᠂ ᠰᠤᠷᠭᠠᠭᠤᠯᠢ ᠶᠢᠨ ᠠᠵᠢᠯ ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠰᠤᠷᠭᠠᠨ ᠬᠥᠮᠦᠵᠢᠯ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠨ᠎ᠡ ᠭᠡᠵᠦ ᠢᠯᠡᠷᠬᠡᠶᠢᠯᠡᠵᠡᠢ᠃      ᠣᠶᠢᠯᠠᠭᠠᠭᠰᠠᠨ ᠢᠶᠠᠷ᠂ ᠲᠣᠰ ᠤᠳᠠᠭ᠎ᠠ  35 ᠵᠢᠯ ᠠᠴᠠ ᠳᠡᠭᠡᠭᠰᠢ ᠪᠠᠭᠰᠢᠯᠠᠭᠰᠠᠨ ᠨᠢᠭᠡᠳᠦᠭᠡᠷ ᠹᠷᠣᠨᠲ ᠤᠨ 66 ᠪᠠᠭᠰᠢ ᠶᠢ ᠲᠣᠬᠤᠨᠢᠭᠤᠯᠵᠤ᠂ 33000 ᠲᠥᠭᠦᠷᠢᠭ ᠤᠨ  ᠳᠤᠬᠤᠨᠢᠭᠤᠯᠭ᠎ᠠ ᠶᠢᠨ ᠮᠥᠩᠭᠦ ᠳᠠᠷᠬᠠᠭᠠᠵᠤ᠂ ᠥᠷᠭᠡᠨ ᠤᠯᠠᠨ ᠡᠮᠦᠨ᠎ᠡ ᠹᠷᠣᠨᠲ ᠤᠨ ᠪᠠᠭᠰᠢ ᠨᠠᠷ ᠲᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠵᠡᠢ᠃ ᠲᠠᠷᠠᠭᠠᠴᠢ ᠶᠢᠨ ᠠᠯᠬᠤᠮ ᠳᠤ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠠᠵᠢᠯᠲᠠᠨ ᠠᠵᠢᠯᠴᠢᠨ ᠤ ᠳᠣᠲᠣᠨᠣ ᠬᠥᠮᠥᠨ ᠪᠣᠯᠵᠤ᠂ ᠠᠳᠠᠯᠢ ᠪᠤᠰᠤ ᠬᠡᠯᠪᠡᠷᠢ ᠶᠢᠨ  ᠳᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠢ  ᠬᠠᠯᠠᠮᠵᠢᠯᠠᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠳᠠᠮᠵᠢᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠥᠨᠢᠳ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ  ᠦᠵᠡᠬᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号