ᠮᠠᠨ ᠤ ᠬᠤᠰᠢᠭᠤᠨ ᠤ ᠠᠩᠬᠠᠳᠠᠭᠴᠢ ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠷᠤᠭᠰᠢᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/2/20
     ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠣᠯ ᠮᠠᠨ ᠤ ᠬᠤᠰᠢᠭᠤᠨ ᠤ ᠴᠠᠬᠢᠯᠭᠠᠨ ᠬᠦᠴᠦᠨ ᠤ 2023 ᠣᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ᠃ ᠰᠢᠯᠢ ᠶᠢᠨ ᠭᠤᠣᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠢᠨ᠎ᠡ ᠡᠨᠧᠷᠭᠢ ᠬᠦᠷᠭᠡᠬᠦ ᠳᠤ ᠬᠦᠨᠳᠦ ᠨᠣᠴᠢᠲᠠᠢ ᠬᠢᠵᠠᠭᠠᠷᠯᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠯᠢ ᠶᠢᠨ ᠭᠤᠣᠯ ᠤᠨ ᠬᠡᠳᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ  ᠪᠠᠶᠢᠨ᠎ᠠ᠃      ᠰᠠᠶᠢᠬᠠᠨᠲᠠᠯ᠎ᠠ ᠪᠠᠯᠭᠠᠰᠤᠨ ᠠᠴᠠ ᠵᠡᠭᠦᠨᠰᠢ 16  ᠺᠢᠯᠤᠮᠧᠲᠷ ᠵᠠᠶᠢᠲᠠᠢ ᠭᠠᠵᠠᠷ ᠲᠤ᠂ ᠰᠢᠯᠢ ᠶᠢᠨ ᠭᠤᠣᠯ ᠤᠨ ᠪᠠᠷᠠᠭᠤᠨ ᠭᠡᠰᠡᠭ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠠᠵᠢᠯᠴᠢᠳ ᠶᠠᠭ ᠶᠠᠭᠠᠷᠠᠯᠲᠠᠢ ᠠᠵᠢᠯᠯᠠᠵᠤ ᠪᠠᠶᠢᠯ᠎ᠠ᠃      ᠣᠶᠢᠯᠠᠭᠠᠭᠰᠠᠨ ᠢᠶᠠᠷ᠂ ᠳᠤᠰ ᠢᠨᠵᠧᠨᠧᠷᠢᠩ ᠢ 2023 ᠣᠨ ᠤ 5 ᠰᠠᠷ᠎ᠠ ᠶᠢᠨ 16᠎ ᠤ ᠡᠳᠦᠷ ᠠᠴᠠ ᠡᠬᠢᠯᠡᠨ ᠪᠠᠶᠢᠭᠤᠯᠵᠤ᠂ ᠣᠲᠣ ᠪᠣᠯᠲᠠᠯ᠎ᠠ᠂ ᠡᠯ᠎ᠡ ᠵᠦᠢᠯ ᠤᠨ ᠰᠠᠭᠤᠷᠢ ᠪᠠᠷᠢᠯᠭ᠎ᠠ ᠶᠢᠨ ᠠᠵᠢᠯ ᠢ ᠨᠢᠭᠡᠨᠲᠡ ᠪᠦᠬᠦᠨ ᠢ ᠳᠠᠭᠤᠰᠬᠠᠵᠤ᠂ ᠲᠣᠨᠤᠭ ᠲᠥᠬᠦᠭᠡᠷᠦᠮᠵᠢ ᠤᠭᠰᠠᠷᠠᠬᠤ ᠠᠵᠢᠯ ᠢ ᠶᠠᠭ ᠪᠥᠬᠦ ᠲᠠᠯ᠎ᠠ ᠪᠠᠷ ᠥᠷᠨᠢᠭᠦᠯᠵᠦ ᠪᠠᠶᠢᠨ᠎ᠠ᠃ 500 ᠺᠢᠯᠤᠸᠠᠲ ᠤᠨ ᠭᠤᠣᠯ ᠬᠦᠴᠦᠳᠡᠯ ᠦᠭᠡᠷᠡᠴᠢᠯᠡᠭᠴᠢ᠂ 220  ᠺᠢᠯᠤᠸᠠᠲ᠂ 35 ᠺᠢᠯᠤᠸᠠᠲ ᠤᠨ ᠲᠥᠬᠦᠭᠡᠷᠦᠮᠵᠢ ᠶᠢᠨ ᠣᠷᠣᠨ ᠤ ᠲᠥᠬᠦᠭᠡᠷᠦᠮᠵᠢ ᠶᠢ ᠪᠦᠬᠦᠨ ᠢ ᠤᠭᠰᠠᠷᠠᠵᠤ ᠳᠠᠭᠤᠰᠬᠠᠨ᠂ 500 ᠺᠢᠯᠤᠸᠠᠲ ᠤᠨ ᠲᠥᠬᠦᠭᠡᠷᠦᠮᠵᠢ ᠶᠢᠨ ᠣᠷᠣᠨ ᠤ 40%᠎ ᠶᠢ ᠨᠢᠭᠡᠨᠳᠡ ᠤᠭᠰᠠᠷᠠᠨ᠂ ᠴᠠᠬᠢᠯᠭᠠᠨ ᠲᠠᠲᠠᠯᠭ᠎ᠠ ᠶᠢᠨ 70%᠎ ᠶᠢ ᠨᠢᠭᠡᠨᠳᠡ ᠪᠠᠶᠢᠷᠢᠯᠠᠭᠤᠯᠵᠤ ᠳᠠᠭᠤᠰᠴᠠᠢ᠃ 2023 ᠣᠨ ᠤ ᠡᠬᠢᠨ ᠳᠤ 1.02 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠤᠳᠤᠬᠠᠨ ᠪᠣᠯᠲᠠᠯ᠎ᠠ 2.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠳᠡ ᠪᠡᠶᠡᠯᠡᠬᠦᠯᠵᠡᠢ᠃      ᠰᠢᠯᠢ ᠶᠢᠨ ᠭᠤᠣᠯ ᠤᠨ ᠪᠠᠷᠠᠭᠤᠨ ᠬᠡᠰᠡᠭ ᠤᠨ 500 ᠺᠢᠯᠤᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠣᠯ ᠰᠢᠯᠢ ᠶᠢᠨ ᠭᠤᠣᠯ ᠠᠶᠢᠮᠠᠭ ᠤᠨ ᠬᠢᠯᠢ ᠳᠣᠲᠣᠷᠠᠬᠢ 500 ᠺᠢᠯᠤᠸᠠᠲ ᠤᠨ ᠭᠤᠣᠯ ᠲᠣᠣᠷ ᠤᠨ ᠵᠢᠶᠠᠰᠠ ᠶᠢᠨ ᠬᠤᠶᠢᠲᠤ ᠬᠡᠰᠡᠭ ᠤᠨ ᠬᠤᠶᠠᠳᠤᠭᠠᠷ ᠨᠡᠪᠲᠡᠷᠡᠬᠦ ᠵᠠᠮ ᠤᠨ ᠲᠣᠣᠷ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤᠮᠳᠠ᠂ ᠥᠮᠴᠢᠲᠡᠨ ᠤ ᠬᠢᠨᠠᠯᠳᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠵᠠᠭᠪᠤᠷ ᠢ ᠬᠡᠷᠡᠭᠯᠡᠨ᠂ ᠲᠥᠷᠥᠯ ᠵᠦᠢᠯ ᠤᠨ ᠬᠡᠯᠲᠡᠰ ᠪᠠ ᠬᠢᠨᠠᠨ ᠬᠠᠮᠢᠶᠠᠷᠬᠤ ᠲᠥᠷᠥᠯ ᠵᠦᠢᠯ ᠤᠨ ᠲᠤᠰᠬᠠᠢ ᠮᠡᠷᠭᠡᠵᠢᠯ ᠤᠨ ᠬᠠᠷᠢᠯᠴᠠᠨ ᠨᠥᠬᠦᠪᠦᠷᠢᠯᠡᠬᠦ᠂ ᠬᠠᠮᠢᠶᠠᠷᠤᠯᠲᠠ ᠶᠢᠨ ᠬᠠᠷᠢᠯᠴᠠᠨ ᠲᠡᠳᠬᠦᠬᠦ᠂ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠦᠲᠦᠮᠵᠢᠲᠡᠶ ᠪᠡᠶᠡᠯᠡᠭᠦᠯᠵᠦ᠂ ᠢᠨᠵᠧᠨᠧᠷᠢᠩ ᠤᠨ ᠬᠠᠮᠢᠶᠠᠷᠤᠯᠲᠠ ᠶᠢᠨ ᠠᠵᠢᠯ ᠢ ᠨᠠᠩ ᠪᠥᠬᠦ ᠲᠠᠯ᠎ᠠ ᠶᠢᠨ᠂ ᠨᠡᠩ ᠥᠨᠳᠥᠷ ᠦᠷ᠎ᠡ ᠪᠦᠲᠦᠮᠵᠢᠲᠡᠶ ᠪᠤᠯᠭᠠᠵᠤ᠂ ᠢᠨᠵᠧᠨᠧᠷᠢᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠰᠢᠯᠢ ᠶᠢᠨ ᠭᠤᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢ ᠬᠦᠷᠭᠡᠬᠦ ᠶᠠᠪᠤᠳᠠᠯ ᠬᠦᠨᠳᠦ ᠨᠣᠴᠢᠲᠠᠢ ᠬᠢᠵᠠᠭᠠᠷᠯᠠᠭᠳᠠᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠭᠠᠵᠠᠷ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠳᠤᠮᠳᠠᠳᠤ ᠮᠣᠩᠭᠤᠯ ᠤᠨ ᠡᠬᠢ ᠪᠠᠶᠠᠯᠢᠭ ᠤᠨ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠡᠷᠢᠶᠡᠨ ᠤ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠰᠠᠭᠤᠷᠢ ᠲᠠᠯᠪᠢᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠬᠥᠭᠵᠢᠯᠲᠡ ᠳᠤ ᠪᠠᠲᠤ ᠴᠢᠩᠭ᠎ᠠ᠂ ᠲᠣᠭᠲᠠᠭᠤᠨ ᠴᠠᠬᠢᠯᠭᠠᠨ ᠡᠨᠧᠷᠭᠢ ᠶᠢᠨ ᠪᠠᠲᠤᠯᠠᠭ᠎ᠠ ᠬᠠᠩᠭᠠᠵᠤ ᠂ ᠪᠣᠬᠢᠷᠲᠤᠯ ᠦᠭᠡᠢ ᠡᠨᠧᠷᠭᠢ ᠶᠢᠨ ᠴᠠᠬᠢᠯᠭᠠᠨ ᠬᠠᠩᠭᠠᠯᠭ᠎ᠠ ᠳᠤ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号