ᠬᠤᠰᠢᠭᠤ ᠤᠳᠤᠷᠢᠳᠤᠯᠭ᠎ᠠ ᠨᠠᠷ ᠴᠠᠭᠠᠨ ᠰᠠᠷ᠎ᠠ ᠶᠢᠨ ᠳᠤᠬᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2024/2/21
      ᠲᠦᠷᠦᠬᠦᠭᠡᠨ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠳᠤᠬᠤᠨᠢᠭᠤᠯᠭ᠎ᠠ ᠎ ᠶᠢᠨ ᠳᠤᠭᠤᠶᠢᠯᠠᠩ ᠳᠠᠭᠠᠭᠤᠯᠵᠤ᠂ ᠡᠯ᠎ᠡ ᠰᠤᠮᠤ ᠪᠠᠯᠭᠠᠰᠤᠨ ᠤ ᠠᠮᠢᠳᠤᠷᠠᠯ ᠬᠦᠴᠢᠷᠳᠡᠯᠲᠡᠢ ᠤᠯᠠᠨ ᠲᠦᠮᠡᠨ᠂ ᠠᠰᠠᠷᠠᠨ ᠬᠠᠷᠠᠭᠠᠯᠵᠠᠬᠤ ᠡᠲᠡᠭᠡᠳ᠂ ᠠᠬᠠᠮᠠᠳ ᠨᠠᠮ ᠤᠨ ᠭᠡᠰᠢᠭᠦᠨ᠂ ᠲᠡᠷᠢᠭᠦᠨ ᠤ ᠨᠡᠶᠢᠲᠡᠯᠢᠭ ᠵᠢᠱᠢᠶ᠎ᠡ ᠪᠠ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷ ᠣᠯᠠᠨ ᠲᠦᠮᠡᠨ ᠢ ᠳᠣᠲᠣᠨᠣ ᠪᠠᠷ ᠳᠤᠬᠤᠨᠢᠭᠤᠯᠤᠨ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠦᠩᠨᠡᠯ ᠳᠡᠪᠰᠢᠭᠦᠯᠵᠦ᠂ ᠣᠯᠠᠨ ᠢ ᠰᠢᠨ᠎ᠡ ᠨᠢᠭᠡᠨ ᠵᠢᠯ ᠳᠤ ᠴᠢᠷᠮᠠᠶᠢᠨ ᠠᠵᠢᠯᠯᠠᠵᠤ᠂ ᠰᠢᠯᠢᠳᠡᠭ ᠠᠮᠵᠢᠯᠳᠠ ᠭᠠᠷᠭᠠᠬᠤ ᠎ ᠶᠢ ᠵᠣᠷᠢᠭᠵᠢᠭᠤᠯᠵᠠᠢ᠃       ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ᠂ ᠮᠠᠯᠴᠢᠨ ᠳᠠᠷᠢᠶᠠᠴᠢᠨ ᠡᠷᠦᠭᠡ ᠤᠳ ᠢᠶᠠᠷ ᠳᠤᠭᠤᠷᠢᠨ ᠳᠤᠬᠤᠨᠢᠭᠤᠯᠬᠤ ᠳᠤ ᠪᠠᠨ᠂ ᠴᠠᠭᠠᠨ ᠰᠠᠷ᠎ᠠ ᠶᠢᠨ ᠮᠡᠨᠳᠦᠴᠢᠯᠡᠯ ᠵᠦᠩᠨᠡᠯ ᠳᠡᠪᠰᠢᠬᠦᠯᠦᠨ᠂ ᠳᠡᠳᠡᠨ ᠲᠠᠢ ᠬᠠᠯᠠᠭᠤᠨ ᠳᠤᠳᠤᠨᠤ ᠶᠠᠷᠢᠶ᠎ᠠ ᠦᠷᠨᠢᠬᠦᠯᠵᠦ᠂ ᠰᠠᠨᠠᠯ ᠱᠠᠭᠠᠷᠳᠠᠯᠭ᠎ᠠ ᠶᠢ ᠨᠢ ᠠᠰᠠᠭᠤᠯ᠎ᠠ᠃ ᠬᠤᠰᠢᠭᠤ ᠤᠳᠤᠷᠢᠳᠤᠯᠭ᠎ᠠ ᠯᠦ ᠮᠢᠨ᠂ ᠳᠠᠯᠠᠨᠪᠠᠶᠠᠷ᠂ ᠰᠠᠶᠢᠨᠴᠣᠭᠲᠤ᠂  ᠦᠨᠡᠨᠴᠢ ᠬᠠᠮᠲᠤ ᠪᠠᠷ ᠲᠣᠬᠤᠨᠢᠭᠤᠯᠵᠠᠢ᠃       ᠴᠧᠨ ᠢᠦᠢ ᠴᠧᠩ᠂ ᠤᠯᠠᠨ ᠤ ᠰᠢᠨ᠎ᠡ ᠨᠢᠭᠡᠨ ᠵᠢᠯ ᠳᠤ ᠰᠢᠯᠢᠳᠡᠭ ᠠᠮᠵᠢᠯᠲᠠ ᠭᠠᠷᠭᠠᠵᠤ᠂ ᠡᠯ᠎ᠡ ᠲᠦᠷᠦᠯ ᠤᠨ ᠠᠵᠢᠯ ᠢ ᠨᠢᠳᠤᠨᠤᠨ ᠤ ᠠᠵᠢᠯ ᠤᠨ ᠢᠶᠠᠨ ᠰᠠᠭᠤᠷᠢᠨ ᠳᠡᠭᠡᠷ᠎ᠡ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠵᠣᠷᠢᠭᠵᠢᠭᠤᠯᠪᠠ᠃       ᠡᠷᠦᠬᠡ ᠪᠦᠷᠢ ᠳᠤ᠂ ᠴᠧᠨ ᠢᠦᠢ ᠴᠧᠩ ᠮᠠᠯᠴᠢᠨ ᠲᠠᠷᠢᠶᠠᠴᠢᠨ ᠤ ᠰᠢᠨ᠎ᠡ ᠵᠢᠯ ᠤᠨ ᠬᠦᠰᠡᠯ ᠱᠠᠭᠠᠷᠳᠠᠯᠭ᠎ᠠ ᠪᠣᠯᠣᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠢ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠤ᠂ ᠤᠯᠠᠨ ᠢ ᠮᠠᠯ ᠠᠵᠤ ᠠᠬᠤᠢ ᠲᠡᠵᠢᠭᠡᠨ ᠦᠷᠡᠵᠢᠭᠦᠯᠬᠦ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠᠷ ᠳᠠᠮᠵᠢᠨ ᠠᠵᠤ ᠠᠬᠤᠢ ᠶᠢᠨ ᠣᠷᠣᠯᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠤᠷᠢᠭᠵᠢᠭᠤᠯᠤᠭᠰᠠᠨ ᠤ ᠬᠠᠮᠳᠤ ᠡᠯ᠎ᠡ ᠰᠤᠮᠤ ᠪᠠᠯᠭᠠᠰᠤ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠮᠡᠳᠡᠯᠭᠡ ᠪᠣᠯᠣᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠦᠮᠡᠨ ᠢ ᠬᠠᠪᠰᠤᠷᠤᠨ ᠵᠢᠯᠤᠭᠤᠳᠴᠤ᠂ ᠡᠪᠡᠰᠦ ᠪᠣᠷᠳᠤᠭ᠎ᠠ ᠨᠥᠭᠡᠴᠡᠯᠡᠬᠦ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠤᠯᠠᠨ ᠲᠦᠮᠡᠨ ᠤ ᠶᠠᠪᠤᠵᠤ ᠰᠠᠭᠤᠬᠤ᠂ ᠴᠠᠬᠢᠯᠭᠠᠨ ᠬᠡᠷᠡᠭᠯᠡᠬᠦ᠂ ᠳᠤᠯᠠᠭᠠᠯᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠬᠥᠭᠵᠢᠯᠲᠡ ᠶᠢ ᠪᠠᠳᠤᠯᠠᠨ᠂ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠠᠨ ᠲᠦᠮᠡᠨ ᠤ ᠪᠠᠴᠢᠮ ᠳᠤᠯᠭᠠᠮ᠎ᠠ ᠠᠰᠠᠭᠤᠳᠠᠯ ᠢ ᠨᠡᠩ ᠰᠡᠳᠬᠢᠯ ᠲᠠᠯᠪᠢᠨ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢᠶᠠᠷ ᠮᠠᠯᠴᠢᠨ ᠲᠦᠮᠡᠨ ᠢ ᠨᠡᠩ ᠵᠤᠯ ᠵᠢᠷᠭᠠᠯᠳᠠᠢ ᠠᠮᠢᠳᠤᠷᠠᠭᠤᠯᠬᠤ ᠬᠡᠷᠡᠭᠲᠡᠢ ᠬᠡᠵᠦ ᠵᠠᠬᠢᠵᠠᠢ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠸᠠᠩ ᠵᠠᠨ ᠴᠢ ᠵᠢᠷᠦᠬᠡ ᠪᠠᠯᠭᠠᠰᠤᠨ ᠳᠤ ᠬᠦᠷᠴᠦ ᠪᠠᠶᠠᠵᠢᠯ ᠤᠨ ᠳᠠᠭᠠᠭᠤᠯᠤᠭᠴᠢ᠂ ᠲᠡᠵᠢᠭᠡᠨ ᠦᠷᠡᠵᠢᠭᠦᠯᠬᠦ ᠡᠷᠦᠬᠡ ᠵᠡᠷᠭᠡ ᠮᠠᠯᠴᠢᠨ ᠲᠦᠮᠡᠨ ᠢ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠵᠦᠩᠨᠡᠯ ᠳᠡᠪᠰᠢᠬᠦᠯᠦᠯ᠎ᠡ᠃  ᠬᠤᠰᠢᠭᠤ ᠤᠳᠤᠷᠢᠳᠤᠯᠭ᠎ᠠ ᠪᠦᠷᠢᠨᠳᠡᠯᠭᠡᠷ᠂ ᠯᠢ ᠵᠢᠢ ᠹᠧᠩ᠂ ᠴᠢᠶᠠᠨ ᠰᠢᠸ ᠵᠢᠶᠦ᠋ᠨ᠂ ᠮᠧᠩ ᠵᠢᠶᠦ᠋ᠨ ᠬᠠᠮᠲᠤ ᠲᠣᠬᠤᠨᠢᠭᠤᠯᠪᠠ᠃        ᠸᠠᠩ ᠵᠠᠨ ᠴᠢ ᠤᠯᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠰᠠᠭᠤᠬᠤ᠂ ᠠᠵᠢᠯ ᠣᠯᠬᠤ ᠵᠢᠴᠢ ᠦᠢᠯᠡᠳᠪᠦᠷᠢᠯᠡᠯ ᠠᠮᠢᠳᠤᠷᠠᠯ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠠᠯᠠᠮᠵᠢᠯᠠᠨ ᠠᠰᠠᠭᠤᠵᠤ᠂ ᠲᠡᠳᠡᠨ ᠢ ᠢᠲᠡᠭᠡᠯ ᠵᠣᠷᠢᠭ ᠢᠶᠠᠨ ᠬᠦᠪᠴᠢᠯᠡᠨ᠂ ᠦᠢᠯᠡᠳᠪᠦᠷᠢᠯᠡᠯ ᠢᠶᠠᠨ ᠬᠥᠭᠵᠢᠭᠦᠯᠵᠦ᠂ ᠪᠠᠶᠠᠵᠢᠬᠤ ᠠᠷᠭ᠎ᠠ ᠵᠠᠮ ᠢ ᠤᠯᠠᠨ ᠲᠠᠯ᠎ᠠ ᠪᠠᠷ ᠡᠷᠢᠯᠬᠢᠯᠡᠵᠦ᠂ ᠠᠮᠢᠳᠤᠷᠠᠯ ᠢᠶᠠᠨ ᠤᠯᠠᠮ ᠳᠡᠭᠵᠢᠷᠡᠬᠦᠯᠬᠦ ᠶᠢᠨ ᠬᠠᠮᠳᠤ ᠤᠯᠠᠮ ᠴᠢᠷᠮᠠᠶᠢᠨ ᠠᠵᠢᠯᠯᠠᠵᠤ᠂ ᠨᠡᠩ ᠤᠯᠠᠨ ᠮᠠᠯᠴᠢᠳ ᠢ ᠳᠠᠶᠢᠴᠢᠯᠠᠨ ᠳᠠᠭᠠᠭᠤᠯᠵᠤ ᠬᠠᠮᠳᠤᠪᠡᠷ ᠪᠠᠶᠠᠵᠢᠬᠤ ᠶᠢ ᠵᠤᠷᠢᠭᠵᠢᠭᠤᠯᠵᠠᠢ᠃       ᠸᠠᠩ ᠵᠠᠨ ᠴᠢ ᠮᠠᠯᠴᠢᠳ ᠤᠨ ᠲᠦᠯ ᠳᠤᠰᠬᠤ᠂ ᠮᠠᠯ ᠤᠨᠤᠭᠠᠨ ᠤ ᠡᠪᠡᠰᠦ ᠪᠤᠷᠳᠤᠭᠠᠨ ᠤ ᠨᠦᠭᠡᠴᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠨ ᠦᠷᠬᠦᠯᠵᠢᠯᠡᠨ ᠰᠠᠶᠢᠲᠤᠷ ᠬᠢᠵᠦ᠂ ᠠᠵᠢᠯᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠵᠤᠷᠢᠭᠵᠢᠭᠤᠯᠤᠭᠰᠠᠨ ᠎ ᠤ ᠬᠠᠮᠳᠤ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠮᠠᠯᠴᠢᠨ ᠲᠦᠮᠡᠨ ᠤ ︽ᠪᠠᠴᠢᠮ᠂ ᠬᠦᠴᠢᠷ ᠂  ᠵᠤᠪᠠᠭᠤᠷᠢ︾᠎ ᠲᠠᠢ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ  ᠪᠤᠳᠠᠲᠦ ᠶᠠᠪᠤᠳᠠᠯ᠂ ᠰᠠᠶᠢᠨ ᠶᠠᠪᠤᠳᠠᠯ ᠬᠢᠵᠦ᠂ ᠮᠠᠯᠴᠢᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃       ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ ᠰᠠᠶᠢᠬᠠᠠᠠᠦ᠋ᠯᠵᠡᠢ ᠰᠤᠮᠤᠨ ᠳᠤ ᠬᠦᠷᠴᠦ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠬᠢᠵᠦ᠂  ᠬᠤᠰᠢᠭᠤ ᠤᠳᠤᠷᠢᠳᠤᠯᠭ᠎ᠠ ᠼᠦᠩ ᠮᠧᠶ᠂ ᠲᠠᠩ ᠸᠧᠨ ᠱᠧᠩ ᠬᠠᠮᠲᠤ ᠪᠠᠷ ᠲᠣᠬᠤᠨᠢᠭᠤᠯᠵᠠᠢ᠃       ᠬᠦᠷᠦᠭᠰᠡᠨ ᠭᠠᠵᠠᠷ ᠪᠣᠯᠭᠠᠨ ᠤ ᠤᠳᠤᠷᠢᠳᠤᠯᠭ᠎ᠠ ᠨᠠᠷ ᠮᠠᠯᠴᠢᠨ ᠲᠦᠮᠡᠨ ᠳᠤ ᠴᠠᠭᠠᠨ ᠰᠠᠷ᠎ᠠ ᠶᠢᠨ ᠢᠷᠦᠭᠡᠯ ᠵᠦᠩᠨᠡᠯ ᠢᠶᠠᠨ ᠳᠡᠪᠰᠢᠭᠦᠯᠵᠦ᠂ ᠬᠥᠭᠵᠢᠯᠲᠡ ᠶᠢᠨ ᠲᠤᠬᠠᠢ ᠶᠠᠷᠢᠯᠴᠠᠨ᠎ᠠ᠃ ᠶᠠᠷᠢᠯᠴᠠᠭᠠᠨ ᠤ ᠳᠤᠮᠳᠠ ᠤᠳᠤᠷᠢᠳᠤᠯᠭ᠎ᠠ ᠨᠠᠷ᠂ ᠮᠠᠯᠴᠢᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠢ ᠪᠠᠶᠠᠰᠤᠩᠭᠤᠢ ᠥᠭᠡᠳᠡᠷᠬᠡᠭ ᠤᠪᠤᠷ ᠢᠶᠠᠷ ᠠᠮᠢᠳᠤᠷᠠᠯ ᠳᠤ ᠬᠠᠨᠳᠤᠨ᠂  ᠠᠵᠢᠯᠴᠢ ᠬᠤᠶᠠᠷ ᠭᠠᠷ᠂ ᠤᠶᠤᠨ ᠤᠬᠠᠭᠠᠨ ᠳᠠᠭᠠᠨ ᠲᠦᠰᠢᠭᠯᠡᠨ᠂ ᠠᠮᠢᠳᠤᠷᠠᠯ ᠢᠶᠠᠨ ᠤᠯᠠᠮ ᠦᠭᠡᠳᠡᠯᠡᠬᠦᠯᠬᠦ ᠶᠢ ᠵᠤᠷᠢᠭᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠮᠠᠯᠴᠢᠨ ᠲᠦᠮᠡᠨ ᠢ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠵᠤ᠂ ᠲᠡᠳᠡᠨ ᠳᠤ ᠨᠠᠮ ᠵᠠᠰᠠᠭ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠦᠨᠡᠨ ᠬᠦ ᠣᠶᠢᠯᠠᠭᠠᠭᠤᠯᠬᠤ ᠶᠢ ᠨᠠᠶᠢᠳᠠᠯ᠎ᠠ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠠᠨ ᠶᠧᠦ ᠴᠢᠶᠠᠩ ᠦᠷᠭᠡᠨᠳᠡᠯ᠎ᠡ ᠪᠠᠯᠭᠠᠰᠤᠨ ᠤ ᠡᠯ᠎ᠡ ᠭᠠᠴᠠᠭᠠᠨ ᠤ ᠮᠠᠯᠴᠢᠨ ᠡᠷᠦᠬᠡ ᠪᠠᠷ ᠬᠦᠷᠴᠦ ᠪᠤᠯᠭᠤᠭᠠᠨ ᠳᠤᠬᠤᠨᠢᠭᠤᠯᠵᠠᠢ᠃ ᠬᠤᠰᠢᠭᠤ ᠤᠳᠤᠷᠢᠳᠤᠯᠭ᠎ᠠ ᠪᠠᠨ ᠵᠢᠶᠠᠨ ᠶᠢᠩ᠂  ᠯᠢ ᠱᠤᠸᠠᠢ ᠬᠠᠮᠳᠤ ᠲᠤᠬᠤᠨᠢᠭᠤᠯᠪᠠ᠃       ᠤᠳᠤᠷᠢᠳᠤᠯᠭ᠎ᠠ ᠨᠠᠷ ᠮᠠᠯᠴᠢᠳ ᠲᠠᠢ ᠳᠣᠲᠣᠨᠣ ᠪᠠᠷ ᠭᠠᠷ ᠠᠳᠬᠤᠵᠤ᠂ ᠬᠠᠯᠠᠭᠤᠨ ᠶᠠᠷᠢᠶ᠎ᠠ ᠳᠡᠯᠭᠡᠵᠦ᠂ ᠲᠡᠳᠡᠨ ᠤ ᠡᠷᠡᠭᠦᠯ ᠴᠢᠭᠢᠷᠠᠭ ᠤᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ ᠂ ᠠᠬᠠᠮᠠᠳ ᠨᠠᠮ ᠤᠨ ᠭᠡᠰᠢᠭᠦᠨ ᠤ ᠪᠡᠶ᠎ᠡ ᠰᠠᠶᠢᠨ᠂ ᠠᠮᠢᠳᠤᠷᠠᠯ ᠵᠢᠷᠭᠠᠯ ᠲᠠᠢ᠂ ᠪᠠᠶᠠᠵᠢᠯ ᠤᠨ ᠳᠠᠭᠠᠭᠤᠯᠤᠭᠴᠢ ᠥᠪᠡᠷ ᠤᠨ ᠰᠢᠷᠭᠠᠭᠤ ᠴᠢᠷᠮᠠᠶᠢᠯᠭ᠎ᠠ ᠪᠠᠷ ᠢᠶᠠᠨ ᠮᠠᠯ ᠠᠵᠤ ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠭᠠᠷᠮᠠᠭᠠᠢ ᠬᠤᠪᠢ ᠨᠡᠮᠡᠷᠢ ᠦᠵᠡᠭᠦᠯᠵᠦ᠂ ᠠᠵᠢᠯ ᠬᠦᠳᠡᠯᠮᠦᠷᠢ ᠤᠶᠤᠨ ᠤᠬᠠᠭᠠᠨ ᠢᠶᠠᠷ ᠢᠶᠠᠨ ᠠᠮᠢᠳᠤᠷᠠᠯ ᠢᠶᠠᠨ ᠪᠤᠰᠬᠠᠨ᠂ ᠡᠷᠬᠢᠨ ᠲᠣᠭᠤᠷᠢᠨ ᠤ ᠮᠠᠯᠴᠢᠳ ᠤᠨ ᠠᠮᠢᠳᠤᠷᠠᠯ ᠢ ᠰᠠᠶᠢᠵᠢᠷᠠᠭᠤᠯᠤᠭᠰᠠᠨ ᠵᠡᠷᠭᠡ ᠶᠢ ᠰᠤᠨᠤᠰᠤᠭᠠᠳ ᠮᠠᠰᠢ ᠪᠠᠶᠠᠷᠯᠠᠵᠤ ᠪᠠᠶᠢᠬᠤ ᠪᠠᠨ ᠢᠯᠡᠷᠭᠡᠶᠢᠯᠡᠵᠦ᠂ ᠬᠤᠰᠢᠭᠤ ᠨᠤᠳᠤᠭ ᠎ ᠤᠨ ᠬᠥᠭᠵᠢᠯᠲᠡ ᠨᠢ ᠠᠬᠠᠮᠠᠳ ᠨᠠᠮ ᠤᠨ ᠭᠡᠰᠢᠭᠦᠨ᠂ ᠪᠠᠶᠠᠵᠢᠯ ᠤᠨ ᠳᠠᠭᠠᠭᠤᠯᠤᠭᠴᠢ ᠶᠢᠨ ᠬᠠᠯᠠᠭᠤᠨ  ᠤᠷᠤᠯᠴᠠᠯᠭ᠎ᠠ ᠪᠠ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠠᠬᠠᠮᠠᠳ ᠨᠠᠮ ᠤᠨ ᠭᠡᠰᠢᠭᠦᠨ ᠨᠠᠮ ᠤᠨ ᠭᠡᠰᠢᠭᠦᠨ ᠤ ᠤᠭ ᠴᠢᠨᠠᠷ ᠢᠶᠠᠨ ᠡᠭᠦᠷᠢᠳᠡ ᠬᠠᠳᠠᠭᠠᠯᠠᠵᠤ᠂ ᠨᠠᠮ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠤᠷᠢᠶᠠᠯᠠᠬᠤ ᠬᠦᠴᠦᠨ ᠪᠠ ᠲᠦᠪᠯᠡᠷᠡᠩᠭᠦᠢ ᠬᠦᠴᠦᠨ ᠢ ᠤᠯᠠᠮ ᠴᠢᠩᠭᠠᠳᠬᠠᠵᠤ᠂ ᠪᠠᠶᠠᠵᠢᠯ ᠤᠨ ᠳᠠᠭᠠᠭᠤᠯᠤᠭᠴᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠬᠡᠵᠡᠢ᠃       ᠬᠤᠰᠢᠭᠤ ᠤᠳᠤᠷᠢᠳᠤᠯᠭ᠎ᠠ ᠨᠠᠷ ᠢᠯᠡᠷᠬᠡᠶᠢᠯᠡᠬᠦ ᠳᠡᠭᠡᠨ᠂ ᠰᠢᠨ᠎ᠡ ᠨᠢᠭᠡᠨ ᠵᠢᠯ ᠳᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠡᠷᠴᠢ ᠵᠣᠷᠢᠭ ᠢᠶᠠᠨ ᠬᠥᠪᠴᠢᠯᠡᠵᠦ᠂ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠡᠷᠡᠰ ᠪᠠᠲᠤ ᠠᠯᠬᠤᠭ᠎ᠠ᠂ ᠲᠡᠭᠦᠰ ᠲᠡᠭᠦᠯᠳᠡᠷ ᠵᠣᠷᠢᠭ ᠰᠠᠨᠠᠭ᠎ᠠ ᠪᠠᠷ ᠠᠵᠢᠯ ᠳᠠᠭᠠᠨ ᠣᠷᠣᠯᠴᠠᠵᠤ᠂ ᠠᠷᠠᠳ ᠣᠯᠠᠨ ᠤ ᠠᠵᠢᠯ ᠤᠨ ᠰᠢᠨ᠎ᠡ ᠬᠦᠰᠡᠯ ᠡᠷᠡᠮᠡᠯᠵᠡᠯ ᠳᠤ ᠬᠠᠨᠤᠮᠵᠢᠳᠠᠢ ᠬᠠᠷᠢᠭᠤᠯᠲᠠ ᠥᠭᠴᠦ᠂ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠬᠡᠵᠡᠬᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号