︽ᠮᠦᠩᠬᠦᠨ ᠭᠦᠢᠯᠭᠡᠭᠡᠨ ᠤ ᠬᠦᠩᠭᠡᠨ ᠮᠤᠷᠢᠲᠦ ᠴᠡᠷᠢᠭ︾ ᠪᠤᠯᠤᠨ ᠬᠤᠰᠢᠭᠤ ᠤᠯᠠᠭᠠᠨᠮᠦ᠋ᠴᠢᠷ ᠦᠨᠳᠦᠰᠦᠨ ᠱᠠᠳᠤᠨ ᠳᠤ ᠪᠠᠭᠤᠵᠦ ᠮᠠᠯᠴᠢᠨ ᠲᠦᠮᠡᠨ ᠳᠤ ᠤᠶᠢᠯᠡᠴᠢᠯᠡᠭᠡ ᠬᠠᠩᠭᠠᠭᠰᠠᠨ
ᠨᠡᠶᠢᠲᠡᠯᠡᠭᠰᠡᠨ ᠴᠠᠭ᠄
2024/2/22
      ᠴᠠᠭᠠᠨ ᠰᠠᠷ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠮᠠᠨ ᠤ ᠬᠤᠰᠢᠭᠤᠨ  ᠳᠠᠬᠢ  ᠰᠠᠯᠪᠤᠷᠢ ᠪᠠᠩᠬᠢ ᠶᠢᠨ ᠠᠵᠢᠯᠲᠠᠳ ︽ᠲᠠᠯ᠎ᠠ ᠨᠤᠲᠤᠭ ᠤᠨ ᠮᠥᠩᠭᠦᠨ ᠭᠦᠢᠯᠭᠡᠭᠡᠨ ᠤ ᠬᠥᠩᠭᠡᠨ ᠮᠣᠷᠢᠲᠤ ᠴᠡᠷᠢᠭ︾ ᠪᠣᠯᠵᠤ᠂ ᠬᠤᠰᠢᠭᠤ ᠤᠯᠠᠭᠠᠨᠮᠥ᠋ᠴᠢᠷ ᠤᠨ ᠭᠡᠰᠢᠭᠦᠳ ᠲᠠᠢ ᠬᠠᠮᠳᠤᠪᠡᠷ ᠰᠠᠶᠢᠬᠠᠨᠲᠠᠯ᠎ᠠ ᠪᠠᠯᠭᠠᠰᠤᠨ ᠤ ᠪᠠᠶᠠᠨᠬᠠᠩᠭᠠᠢ ᠭᠠᠴᠠᠭᠠᠨ ᠳᠤ ᠦᠢᠯᠡᠴᠢᠯᠡᠭᠡ ᠬᠦᠷᠭᠡᠨ᠂ ᠰᠢᠨ᠎ᠡ ᠵᠢᠯ ᠴᠠᠭᠠᠨ ᠰᠠᠷ᠎ᠠ ᠶᠢᠨ ᠮᠡᠨᠳᠦᠴᠢᠯᠡᠯ ᠵᠦᠩᠨᠡᠯ ᠳᠡᠪᠰᠢᠬᠦᠯᠵᠡᠢ᠃       ᠮᠤᠩᠭᠤᠯ ᠢᠶᠠᠷ ᠢᠶᠠᠨ ᠭᠤᠶᠤᠭᠰᠠᠨ ᠮᠠᠯᠴᠢᠳ ᠦᠷᠭᠦᠭᠡ  ᠲᠦᠭᠦᠷᠡᠩ ᠰᠠᠭᠠᠳᠠᠵᠠᠭᠠᠵᠤ᠂ ᠤᠯᠠᠭᠠᠨᠮᠥ᠋ᠴᠢᠷ ᠤᠨ ᠭᠡᠰᠢᠭᠦᠳ ᠳᠠᠭᠤᠤ ᠬᠤᠭᠤᠷ  ᠡᠭᠦᠰᠭᠡᠨ᠂  ᠤᠳᠬ᠎ᠠ ᠤᠷᠠᠯᠢᠭ ᠤᠨ ᠰᠤᠳᠤᠨ ᠰᠠᠶᠢᠬᠠᠨ ᠢ ᠮᠠᠯᠴᠢᠨ ᠲᠦᠮᠡᠨ ᠳᠤ ᠬᠦᠷᠭᠡᠨ᠂ ᠠᠯᠳᠠᠨ ᠤᠷᠤᠭ ᠢᠶᠠᠨ ᠪᠠᠬᠢᠵᠢᠬᠦᠯᠦᠨ ᠠᠮᠤᠷ ᠰᠠᠶᠢᠬᠠᠨ ᠵᠢᠷᠭᠠᠵᠤ ᠶᠠᠪᠤᠭ᠎ᠠ ᠮᠦᠩᠭᠦᠨᠴᠡᠴᠡᠭ ᠨᠠᠰᠤᠳᠠᠨ ᠲᠠᠢ ᠬᠤᠤᠰᠯᠠᠨ ᠳᠠᠭᠤᠯᠠᠵᠤ᠂ ᠬᠤᠷᠠᠭᠰᠠᠨ ᠤᠯᠠᠨ ᠲᠠᠢ ᠬᠠᠮᠳᠤ ᠪᠠᠶᠠᠰᠤᠯᠴᠠᠨ᠂ ᠰᠠᠷ᠎ᠠ ᠰᠢᠨ᠎ᠡ ᠶᠢᠨ ᠪᠠᠶᠠᠷ ᠢᠶᠠᠨ ᠨᠢᠵᠢᠬᠢᠷ ᠰᠠᠶᠢᠬᠠᠨ ᠦᠩᠭᠡᠷᠡᠬᠦᠯᠦᠯ᠎ᠡ᠃       ᠡᠭᠦᠨ ᠤ ᠬᠠᠮᠳᠤ᠂ ᠪᠠᠩᠭᠢ ᠶᠢᠨ ᠠᠵᠢᠯᠳᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠮᠠᠯᠴᠢᠨ ᠲᠦᠮᠡᠨ ᠳᠤ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠦᠭᠰᠡᠨ ᠤ ᠬᠠᠮᠳᠤ ᠲᠣᠰ ᠪᠠᠩᠬᠢ ᠶᠢᠨ  ᠮᠠᠯᠴᠢᠳ ᠲᠤ ᠠᠰᠢᠭ ᠬᠦᠷᠲᠡᠭᠡᠬᠦ ᠬᠠᠳᠠᠭᠠᠯᠠᠮᠵᠢ᠂ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠲᠠᠨᠢᠯᠴᠠᠭᠤᠯᠤᠨ᠂ ᠴᠠᠬᠢᠯᠭᠠᠨ  ᠬᠤᠯᠪᠤᠭᠠᠨ ᠤ ᠮᠡᠭᠡᠯᠡᠯ ᠠᠴᠠ ᠰᠡᠷᠭᠡᠶᠢᠯᠡᠬᠦ ᠮᠡᠳᠡᠯᠭᠡ ᠶᠢ ᠳᠠᠶᠢᠯᠪᠤᠷᠢᠯᠠᠨ᠂  ᠪᠠᠶᠠᠨᠬᠠᠩᠭᠠᠢ ᠭᠠᠴᠠᠭᠠᠨ  ᠳᠤ ᠨᠣᠮ ᠪᠢᠴᠢᠭ ᠪᠠ ᠳᠤᠬᠤᠨᠢᠭᠤᠯᠭ᠎ᠠ ᠶᠢᠨ ᠪᠣᠳᠠᠰ ᠪᠡᠯᠡᠭᠯᠡᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠨ᠂ ᠨᠣᠮ ᠰᠤᠶᠤᠯ ᠤᠨ ᠠᠭᠤᠷ ᠠᠮᠢᠰᠬᠤᠯ ᠢ ᠪᠣᠶ ᠪᠤᠯᠭᠠᠵᠠᠢ᠃       ᠣᠶᠢᠷ᠎ᠠ ᠶᠢᠨ ᠵᠢᠯ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ  ᠮᠠᠨ ᠤ ᠬᠤᠰᠢᠭᠤᠨ ᠳᠠᠬᠢ ᠰᠠᠯᠪᠤᠷᠢ ᠪᠠᠩᠬᠢ ︽ᠮᠠᠯ ᠳᠠᠷᠢᠶᠠᠯᠠᠩ᠂ ᠬᠦᠳᠡᠭᠡ ᠳᠤᠰᠬᠤᠨ᠂ ᠮᠠᠯᠴᠢᠨ ᠳᠠᠷᠢᠶᠠᠴᠢᠨ︾ ᠳᠤ ᠦᠢᠯᠡᠴᠢᠯᠡᠬᠦ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤᠮᠳᠠᠬᠢ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠤᠮᠤ ᠪᠠᠯᠭᠠᠰᠤ ᠭᠠᠴᠠᠭᠠᠨ ᠤ ᠬᠤᠶᠠᠷ ᠵᠥᠪᠯᠡᠯ ᠲᠠᠢ ᠰᠠᠨᠠᠭᠠᠴᠢᠯᠠᠭ᠎ᠠ ᠠᠴᠠ ᠪᠠᠨ ᠠᠵᠢᠯ ᠵᠣᠯᠭᠠᠭᠤᠯᠵᠤ᠂ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠠᠢ ᠪᠠᠶᠢᠳᠠᠯ ᠢ ᠣᠶᠢᠯᠠᠭᠠᠵᠤ᠂ ᠮᠠᠯᠴᠢᠨ ᠲᠠᠷᠢᠶᠠᠴᠢᠳ ᠲᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ︽ ᠮᠠᠯᠴᠢᠨ ᠲᠠᠷᠢᠶᠠᠴᠢᠨ ᠡᠷᠦᠬᠡ ᠶᠢᠨ ᠮᠡᠳᠡᠭᠡ ᠵᠠᠩᠭᠢ  ᠶᠢᠨ ᠲᠠᠩᠰᠠ ᠡᠪᠬᠡᠮᠡᠯ ᠪᠠᠶᠢᠭᠤᠯᠬᠤ + ᠪᠥᠬᠦ ᠱᠤᠭᠤᠮ ᠢᠶᠠᠷ ᠠᠵᠢᠯᠯᠠᠭᠤᠯᠬᠤ︾ ᠬᠤᠣᠰ ᠡᠭᠡᠯᠵᠢ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠡᠷᠦᠬᠡ ᠳᠤ ᠣᠷᠣᠬᠤ ᠮᠡᠳᠡᠭᠡ ᠵᠠᠩᠭᠢ  ᠶᠢᠨ ᠲᠠᠩᠰᠠ ᠡᠪᠬᠡᠮᠡᠯ ᠪᠠᠶᠢᠭᠤᠯᠬᠤ ᠪᠠᠷ ᠳᠠᠮᠵᠢᠨ᠂ ︽ᠲᠠᠷᠢᠶᠠᠴᠢᠳ ᠲᠤ ᠠᠰᠢᠭ ᠬᠦᠷᠲᠡᠭᠡᠬᠦ e ᠵᠢᠭᠡᠯᠡᠯᠭᠡ︾ ᠶᠢᠨ ᠪᠦᠲᠦᠭᠡᠭᠳᠡᠬᠦᠨ ᠢᠶᠠᠷ ᠭᠠᠷᠳᠠᠴᠠ ᠪᠣᠯᠭᠠᠵᠤ᠂ ᠭᠠᠷ ᠤᠲᠠᠰᠤᠨ ᠤ ᠪᠠᠩᠬᠢ ᠶᠢᠨ ᠵᠢᠭᠡᠯᠡᠯᠭᠡ ᠳᠠᠯᠪᠢᠬᠤ ᠶᠢ ᠪᠡᠶᠡᠯᠡᠬᠦᠯᠵᠦ᠂ ᠮᠠᠯᠴᠢᠨ ᠲᠠᠷᠢᠶᠠᠴᠢᠨ ᠤ ᠨᠠᠰᠢ ᠴᠠᠰᠢ ᠶᠠᠪᠤᠵᠤ ᠰᠠᠭᠤᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠥᠯᠥᠭᠡ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠲᠡᠢ᠂ ᠪᠡᠯᠡ ᠮᠥᠩᠭᠦ ᠬᠤᠷᠠᠮᠳᠤᠭᠤᠯᠬᠤ ᠳᠤ ᠦᠨᠡᠲᠡᠢ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃       ᠲᠠᠷᠠᠭᠠᠴᠢ ᠶᠢᠨ ᠠᠯᠬᠤᠮ ᠳᠤ᠂  ᠳᠤᠰ ᠪᠠᠩᠬᠢ ᠨᠢ ᠳᠡᠭᠡᠳᠦ ᠱᠠᠲᠤᠨ ᠤ ᠪᠠᠩᠬᠢ ᠵᠢᠴᠢ  ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠮᠠᠯ ᠳᠠᠷᠢᠶᠠᠯᠠᠩ᠂ ᠬᠦᠳᠡᠭᠡ ᠳᠤᠰᠬᠤᠨ᠂ ᠮᠠᠯᠴᠢᠨ ᠳᠠᠷᠢᠶᠠᠴᠢᠨ︾ ᠳᠤ ᠦᠢᠯᠡᠴᠢᠯᠡᠬᠦ᠂ ᠪᠣᠳᠠᠲᠤ ᠴᠣᠭᠴᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ︽ᠭᠤᠷᠪᠠᠨ ᠦᠢᠯᠡᠴᠢᠯᠡᠭᠡ︾ ᠶᠢ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠠᠵᠢᠯ ᠢᠶᠠᠷ ᠠᠵᠢᠯᠯᠠᠭᠠᠨ ᠤ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠴᠦᠷᠭᠡᠭᠵᠢᠬᠦᠯᠦᠨ ᠬᠦᠭᠵᠢᠬᠦᠯᠬᠦ ᠪᠠᠷ ᠪᠤᠢ᠃       ᠬᠤᠶᠠᠷ ᠰᠠᠯᠠᠭ᠎ᠠ ᠬᠥᠩᠭᠡᠨ ᠮᠣᠷᠢᠲᠤ ᠴᠡᠷᠢᠭ ᠦᠨᠳᠦᠰᠦᠨ ᠱᠠᠲᠤᠨ ᠳᠤ ᠬᠦᠷᠴᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠲᠣᠭᠯᠠᠯᠲᠠ ᠦᠢᠯᠡᠴᠢᠯᠡᠭᠡ ᠪᠠᠷ ᠢᠶᠠᠨ ᠨᠠᠮ ᠵᠠᠰᠠᠭ ᠤᠨ ᠬᠠᠶᠢᠷ᠎ᠠ ᠬᠠᠯᠠᠮᠵᠢᠯᠠᠯ᠂ ᠨᠠᠮ ᠤᠨ ᠳᠦᠷᠦ ᠶᠢᠨ ᠪᠣᠳᠣᠯᠭ᠎ᠠ ᠶᠢ ᠮᠠᠯᠴᠢᠨ ᠲᠦᠮᠡᠨ ᠳᠤ ᠬᠦᠷᠬᠡᠨ᠂ ᠮᠠᠯᠴᠢᠨ ᠲᠦᠮᠡᠨ ᠤ ᠬᠠᠮᠤᠭ ᠤᠨ ᠰᠢᠭᠤᠳ᠂ ᠬᠠᠮᠤᠭ ᠤᠨ ᠪᠣᠳᠠᠲᠠᠢ᠂ ᠬᠠᠮᠤᠭ ᠤᠨ ᠪᠠᠴᠢᠮ ᠲᠤᠯᠭᠠᠮ᠎ᠠ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠵᠤ᠂  ᠰᠡᠳᠬᠢᠯ ᠢ ᠨᠢ ᠳᠤᠯᠠᠭᠠᠴᠠᠭᠤᠯᠤᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号