ᠱᠠᠭ᠎ᠠ ᠲᠤᠭᠯᠠᠭᠠᠮ ᠤᠨ ᠤᠷᠤᠯᠳᠤᠭᠠᠨ ᠢᠶᠠᠷ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠯ᠎ᠡ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 22᠎ ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠭᠤᠷᠪᠠᠨ ᠳᠤ᠂ ᠮᠠᠨ ᠤ ᠬᠤᠰᠢᠭᠤᠨ ᠤ ᠶᠢᠰᠦᠳᠦᠭᠡᠷ ᠬᠤᠭᠤᠴᠠᠭᠠᠨ ᠤ ᠤᠯᠠᠮᠵᠢᠯᠠᠯᠲᠤ ᠱᠠᠭ᠎ᠠ ᠲᠤᠭᠯᠠᠭᠠᠮ ᠤᠨ ᠤᠷᠤᠯᠳᠤᠭᠠᠨ ᠬᠤᠰᠢᠭᠤ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠣᠷᠳᠣᠨ ᠳᠤ ᠶᠠᠪᠤᠭᠳᠠᠪᠠ᠃      ᠪᠦᠬᠦ ᠬᠤᠰᠢᠭᠤᠨ ᠤ ᠡᠯ᠎ᠡ ᠰᠤᠮᠤ ᠪᠠᠯᠭᠠᠰᠤ ᠭᠠᠴᠠᠭᠠᠨ ᠠᠴᠠ ᠢᠷᠡᠭᠰᠡᠨ 180 ᠭᠠᠷᠤᠢ ᠤᠷᠤᠯᠴᠠᠭᠴᠢ ᠤᠷᠤᠯᠳᠤᠭᠠᠨ ᠳᠤ ᠣᠷᠣᠯᠴᠠᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠰᠢᠷᠢᠰ ᠠᠵᠢᠯᠯᠠᠭ᠎ᠠ ᠶᠢᠨ ᠬᠦᠰᠢᠭᠡ ᠶᠢ ᠰᠡᠭᠦᠭᠰᠡᠨ ᠪᠠᠶᠢᠨ᠎ᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠪᠠᠶᠠᠷ ᠤᠨ ᠡᠳᠦᠷ ᠤᠨ ᠠᠭᠤᠷ ᠠᠮᠢᠰᠬᠤᠯ ᠦᠨᠢᠷ ᠥᠳᠬᠡᠨ ᠪᠠᠶᠢᠵᠦ᠂ ᠤᠷᠤᠯᠳᠤᠭᠠᠨ ᠳᠤ ᠤᠷᠤᠯᠴᠠᠭᠰᠠᠳ ᠥᠩᠭᠡ ᠶᠢᠨ ᠰᠠᠶᠢᠬᠠᠨ ᠮᠣᠩᠭᠤᠯ ᠳᠡᠪᠡᠯ ᠢᠶᠠᠷ ᠢᠶᠠᠨ ᠭᠤᠶᠤᠵᠦ᠂ ᠤᠯᠠᠮᠵᠢᠯᠠᠯᠲᠤ ᠶᠣᠰᠣ ᠵᠠᠩᠰᠢᠯ ᠢᠶᠠᠷ ᠰᠢᠨ᠎ᠡ ᠶᠢᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠤᠷᠤᠯᠳᠤᠭᠠᠨ ᠢᠶᠠᠨ ᠡᠬᠢᠯᠡᠭᠦᠯᠦᠭᠰᠡᠨ ᠪᠠᠶᠢᠨ᠎ᠠ᠃ ᠲᠤᠰ ᠤᠳᠠᠭᠠᠨ ᠤ ᠱᠠᠭ᠎ᠠ ᠶᠢᠨ ᠤᠷᠤᠯᠳᠤᠭᠠᠨ ᠨᠢ ᠲᠤᠮᠤᠴᠤᠳ ᠎ ᠤᠨ ᠳᠤᠭᠤᠶᠢᠯᠠᠩ ᠪᠠ ᠪᠠᠭᠠᠴᠤᠳ ᠤᠨ ᠳᠤᠭᠤᠶᠢᠯᠠᠩ ᠬᠤᠪᠢᠶᠠᠵᠦ᠂ ᠲᠤᠰ ᠲᠤᠰ ︽ᠱᠠᠭ᠎ᠠ ᠨᠢᠰᠠᠯᠠᠬᠤ︾᠂ ︽ᠮᠣᠷᠢ ᠣᠷᠣᠯᠳᠣᠬᠤ︾ ︽ᠮᠠᠨᠠᠭ᠎ᠠ ᠮᠠᠨᠠᠬᠤ︾ ᠵᠡᠷᠭᠡ ᠲᠦᠷᠦᠯ ᠢᠶᠠᠷ ᠶᠠᠪᠤᠭᠳᠠᠪᠠ᠃     ᠲᠤᠰ ᠤᠳᠠᠭᠠᠨ ᠤ ᠤᠷᠤᠯᠳᠤᠭᠠᠨ ᠨᠢ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠢᠯᠡᠷᠡᠬᠦᠯᠦᠨ᠂ ᠭᠠᠵᠠᠷ ᠣᠷᠣᠨ ᠤ ᠣᠨᠴᠠᠯᠢᠭ ᠢ ᠲᠤᠪᠤᠶᠢᠯᠠᠭᠠᠵᠦ᠂ ᠨᠥᠬᠦᠷᠯᠡᠯ ᠨᠢᠭᠡ ᠳᠤ ᠤᠷᠤᠯᠳᠤᠭᠠᠨ ᠬᠤᠶᠠᠷ ᠲᠤ ᠭᠡᠬᠦ ᠵᠣᠷᠢᠭ ᠰᠠᠨᠠᠭ᠎ᠠ ᠶᠢ ᠨᠡᠩ ᠭᠦᠢᠴᠡᠳ ᠢᠯᠡᠷᠡᠬᠦᠯᠵᠦ᠂ ᠱᠠᠭ᠎ᠠ ᠲᠤᠭᠯᠠᠭᠠᠮ ᠳᠤ ᠪᠠᠭ᠋ᠠᠲᠠᠢ ᠬᠦᠮᠦᠰ ᠲᠤ ᠬᠠᠷᠢᠯᠴᠠᠨ ᠤᠷ᠎ᠠ ᠮᠡᠷᠭᠡᠰᠢᠯ ᠢᠶᠠᠨ ᠰᠤᠯᠢᠯᠴᠠᠬᠤ ᠳᠠᠪᠴᠠᠩ ᠬᠠᠩᠭᠠᠬᠤ ᠶᠢᠨ ᠬᠠᠮᠲᠦ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠪᠠᠳᠠᠷᠠᠭᠤᠯᠵᠦ᠂ ᠦᠨᠳᠦᠰᠦᠳᠡᠨ ᠨᠦᠭᠦᠳ ᠤᠨ ᠬᠠᠷᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃    
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号