ᠳᠡᠮᠡᠭᠡᠴᠢᠨ ᠠᠶᠢᠯ ᠤᠨ ᠠᠵᠤ ᠠᠮᠢᠳᠤᠷᠠᠯᠳᠡᠮᠡᠭᠡᠳᠦ ᠨᠤᠳᠤᠭ ᠤᠨ ᠬᠦᠭᠵᠢᠯ ᠪᠠᠳ᠋᠊
ᠨᠡᠶᠢᠲᠡᠯᠡᠭᠰᠡᠨ ᠴᠠᠭ᠄
2024/2/25
     ︽ᠳᠡᠮᠡᠭᠡᠨ ᠰᠤᠶᠤᠯ ᠤᠨ ᠦᠯᠦᠭᠡᠢ︾᠎ ᠪᠠᠷ ᠢᠶᠠᠨ ᠠᠯᠳᠠᠷᠰᠢᠭᠰᠠᠨ ᠰᠦᠨᠢᠳ ᠨᠤᠳᠤᠭ ᠤᠨ ᠮᠠᠯᠴᠢᠳ ᠨᠤᠳᠤᠭ ᠤᠷᠤᠨ ᠤ ᠪᠠᠨ ᠪᠠᠶᠢᠳᠠᠯ᠂ ᠵᠠᠬ᠎ᠠ ᠳᠡᠯᠭᠡᠭᠦᠷ ᠤᠨ ᠬᠦᠭᠵᠢᠯᠳᠡ ᠶᠢᠨ ᠪᠠᠶᠢᠳᠠᠯ ᠳᠤ ᠳᠤᠬᠢᠷᠠᠭᠤᠯᠤᠨ᠂ ᠳᠡᠮᠡᠭᠡᠨ ᠤ ᠠᠵᠤ ᠦᠢᠯᠡᠰ ᠢ ᠬᠦᠭᠵᠢᠬᠦᠯᠵᠦ᠂ ᠬᠥᠳᠡᠭᠡ ᠲᠣᠰᠬᠤᠨ ᠤ ᠬᠦᠭᠵᠢᠯ ᠮᠠᠨᠳᠤᠯ ᠳᠤ ᠰᠢᠨ᠎ᠡ ᠵᠠᠮ ᠨᠡᠭᠡᠭᠡᠵᠦ ᠪᠠᠶᠢᠨ᠎ᠠ᠃      ︽ᠭᠠᠳᠠᠨ᠎ᠠ ᠪᠠᠨ ᠳᠡᠮᠡᠭᠡ ᠲᠠᠢ ᠠᠶᠢᠯ ᠳᠤᠯᠠᠭᠠᠬᠠᠨ ᠰᠠᠨᠠᠭᠳᠠᠳᠠᠭ︾ ᠭᠡᠳᠡᠭ ᠢᠶᠠᠷ ᠳᠤᠭ ᠰᠢᠷᠡᠭᠡ ᠪᠦᠬᠦ᠂ ᠠᠩᠭᠢᠷ ᠵᠦᠬᠡᠯᠡᠨ ᠵᠤᠭᠳᠤᠷ ᠲᠠᠢ ᠰᠦᠨᠢᠳ ᠤᠨ ᠬᠦᠷᠡᠩ ᠳᠡᠮᠡᠭᠡᠳ᠂ ᠳᠠᠮᠠᠴᠢ ᠶᠢᠨ ᠳᠠᠯ᠎ᠠ ᠳᠤ ᠠᠮᠤᠭᠤᠯᠠᠩ ᠨᠠᠯᠠᠶᠢᠵᠤ᠂ ᠢᠩᠭᠡᠨ ᠤ ᠨᠠᠮᠤᠭᠤᠬᠠᠨ ᠪᠤᠶᠢᠯᠠᠭᠠᠨ᠂ ᠢᠳᠡ ᠡᠪᠦᠯ ᠤᠨ ᠬᠦᠢᠳᠡᠨ ᠢ ᠤᠶᠠᠷᠠᠭᠠᠨ᠂ ᠮᠠᠯᠴᠢᠨ ᠤ ᠬᠤᠳᠠᠨ ᠳᠤ ᠰᠠᠭᠠᠯᠢ ᠰᠦᠨ ᠤ ᠠᠵᠢᠯ ᠡᠬᠢᠯᠡᠨ᠎ᠡ᠃ ᠬᠦᠢᠳᠡᠨ ᠤᠷᠤᠭᠰᠠᠨ ᠠᠴᠠ ᠨᠠᠰᠢ ᠳᠡᠮᠡᠭᠡ ᠮᠠᠯᠵᠢᠳᠠᠭ ᠤᠯᠠᠩᠭᠢ ᠡᠷᠦᠬᠡ ᠶᠢᠨ ᠬᠢᠨ ᠰᠠᠭᠠᠯᠢ ᠰᠦᠨ ᠤ ᠠᠵᠢᠯ ᠢᠶᠠᠨ ᠵᠤᠭᠰᠤᠭᠰᠠᠨ ᠪᠠᠶᠢᠬᠤ ᠳᠤ᠂ ᠦᠷᠭᠡᠨᠳᠡᠯ᠎ᠡ ᠪᠠᠯᠭᠠᠰᠤᠨ ᠤ ᠪᠠᠶᠠᠨᠴᠢᠯᠠᠭᠤ ᠭᠠᠴᠠᠭᠠᠨ ᠤ ᠮᠦᠩᠭᠡᠵᠠᠶᠠᠭ᠎ᠠ ᠶᠢᠨ ᠬᠢᠨ ᠢᠩᠭᠡ ᠪᠠᠨ ᠰᠠᠭᠠᠵᠤ᠂ ᠴᠠᠭᠠᠨ ᠢᠳᠡᠭᠡ ᠪᠠᠨ ᠪᠤᠯᠪᠠᠰᠤᠷᠠᠭᠤᠯᠤᠨ᠂ ᠤᠷᠤᠯᠭ᠎ᠠ ᠶᠡᠭᠡ ᠰᠠᠶᠢᠨ ᠪᠠᠶᠢᠯ᠎ᠠ᠃      ᠮᠠᠯᠴᠢᠨ ᠮᠦᠩᠭᠡᠵᠠᠶᠠᠭ᠎ᠠ ᠠᠵᠢᠯ ᠤᠨ ᠬᠠᠪᠰᠤᠭᠠᠨ ᠤ ᠬᠦᠮᠦᠨ ᠲᠠᠢ ᠪᠠᠨ ᠬᠠᠮᠳᠤ ᠤᠳᠤ ᠴᠠᠭ ᠤᠨ ᠮᠠᠰᠢᠨ ᠲᠦᠭᠦᠭᠡᠷᠦᠮᠵᠢ ᠪᠠᠷ ᠭᠤᠴᠢ ᠲᠦᠴᠢᠨ ᠢᠩᠭᠡ ᠶᠢ ᠲᠦᠳᠡᠭᠡᠨ ᠵᠠᠭᠤᠷ᠎ᠠ ᠰᠠᠭᠠᠵᠤ ᠳᠠᠭᠤᠰᠬᠠᠭᠠᠳ᠂ ᠠᠩᠭᠢᠯᠤᠮ᠎ᠠ ᠦᠨᠦᠷ ᠬᠠᠩᠬᠤᠯᠤᠭᠤᠯᠤᠨ᠂ ᠬᠠᠯᠠᠭᠤᠨ ᠠᠭᠤᠷ ᠰᠠᠪᠰᠠᠭᠤᠯᠤᠨ ᠰᠠᠭᠠᠯᠢ ᠶᠢᠨ ᠰᠠᠪᠠᠨ ᠳᠤ ᠶᠡᠬᠦᠯᠡᠭᠡᠳ᠂ ᠰᠦ ᠰᠠᠭᠠᠯᠢ ᠪᠤᠯᠪᠠᠰᠤᠷᠠᠭᠤᠯᠬᠤ ᠭᠡᠷ ᠲᠤ ᠪᠠᠨ ᠬᠦᠷᠭᠡᠵᠦ  ᠂  ᠪᠠᠺᠲ᠋ᠧᠷᠢ ᠤᠰᠠᠳᠬᠠᠨ᠂ ᠰᠢᠨ᠎ᠡ ᠰᠤᠷᠭᠤᠭ ᠢᠶᠠᠷ ᠨᠢ ᠰᠠᠪᠠᠯᠠᠵᠤ ᠳᠠᠯᠪᠢᠯ᠎ᠠ᠃      ᠡᠳᠡᠨᠡᠶᠢᠬᠢᠨ᠂ ᠵᠠᠬ᠎ᠠ ᠳᠡᠯᠭᠡᠭᠦᠷ ᠤᠨ ᠱᠠᠭᠠᠷᠳᠠᠯᠭ᠎ᠠ ᠳᠤ ᠨᠡᠶᠢᠴᠡᠬᠦᠯᠦᠨ᠂ ᠢᠩᠭᠡᠨ ᠰᠦᠨ ᠤ ᠪᠠᠨ ᠰᠢᠨ᠎ᠡ ᠰᠤᠷᠭᠤᠭ ᠢ ᠪᠠᠳᠤᠯᠠᠨ᠂ ᠴᠢᠨᠠᠷ ᠢ ᠪᠠᠳᠤᠯᠠᠬᠤ ᠬᠤᠭᠤᠴᠠᠭ᠎ᠠ ᠶᠢ ᠨᠢ ᠤᠷᠳᠤᠰᠬᠠᠬᠤ ᠶᠢᠨ ᠲᠦᠯᠦᠬᠡ ᠪᠠᠺᠲ᠋ᠧᠷᠢ ᠤᠰᠠᠳᠬᠠᠬᠤ ᠮᠠᠰᠢᠨ ᠲᠦᠭᠦᠭᠡᠷᠦᠮᠵᠢ ᠤᠷᠤᠭᠤᠯᠬᠤ᠂ ᠪᠤᠭᠤᠳᠠᠯ ᠪᠠᠭᠯᠠᠭ᠎ᠠ ᠶᠢ ᠰᠠᠶᠢᠵᠢᠷᠠᠭᠤᠯᠬᠤ ᠵᠡᠷᠭᠡ ᠳᠠᠯ᠎ᠠ ᠳᠤ ᠨᠢᠮᠪᠠᠢ ᠠᠵᠢᠯᠯᠠᠵᠤ᠂ ᠤᠷᠤᠯᠭ᠎ᠠ ᠶᠢᠨ ᠢᠷᠡᠯᠳᠡ ᠶᠢ ᠤᠯᠠᠮ ᠦᠷᠭᠡᠳᠬᠡᠬᠦ ᠡᠬᠦᠳᠡᠨ ᠠᠴᠠ ᠵᠦᠪᠬᠡᠨ ᠢᠩᠭᠡᠨ ᠰᠦ ᠬᠤᠳᠠᠯᠳᠤᠳᠠᠭ ᠪᠠᠶᠢᠭᠰᠠᠨ ᠠᠴᠠ ᠪᠠᠨ ᠢᠩᠭᠡᠨ ᠰᠦᠨ ᠤ ᠬᠤᠷᠤᠳ᠂ ᠴᠠᠭᠠᠨ ᠢᠳᠡᠭᠡ ᠪᠤᠯᠪᠠᠰᠤᠷᠠᠭᠤᠯᠵᠤ ᠬᠤᠳᠠᠯᠳᠤᠭᠠᠳ ᠤᠷᠤᠯᠭ᠎ᠠ ᠰᠠᠶᠢᠳᠠᠢ ᠪᠠᠶᠢᠨ᠎ᠠ᠃      ᠡᠳᠡᠨᠡᠶᠢᠬᠢᠨ ᠤ ᠭᠡᠷ ᠪᠦᠯᠢ ᠶᠢᠨ ᠭᠤᠣᠯ ᠠᠵᠤ ᠠᠬᠤᠢ ᠶᠢᠨ ᠤᠷᠤᠯᠭ᠎ᠠ ᠨᠢ ᠢᠩᠭᠡᠨ ᠰᠦᠨ ᠤ ᠪᠣᠷᠤᠯᠠᠭᠤᠯᠭ᠎ᠠ ᠎ ᠠᠴᠠ ᠢᠷᠡᠯᠳᠡᠢ ᠶᠤᠮ᠃ 2021 ᠤᠨ ᠳᠤ᠂ ᠢᠩᠭᠡᠨ ᠰᠦ ᠬᠤᠳᠠᠯᠳᠤᠭᠰᠠᠨ ᠣᠷᠣᠯᠭ᠎ᠠ 20 ᠲᠦᠮᠡ᠂ ᠢᠩᠭᠡᠨ ᠰᠦᠨ ᠤ ᠦᠢᠯᠡᠳᠪᠦᠷᠢᠯᠡᠯ ᠤᠨ ᠴᠡᠪᠡᠷ ᠣᠷᠣᠯᠭ᠎ᠠ 25.6 ᠲᠦᠮᠡᠨ ᠲᠦᠭᠦᠷᠢᠭ ᠲᠤ ᠬᠦᠷᠴᠦ᠂ ᠦᠬᠡᠷ ᠠᠳᠤᠭᠤ ᠮᠠᠯᠵᠢᠭᠰᠠᠨ ᠲᠠᠢ ᠪᠠᠨ ᠨᠡᠶᠢᠳᠡ 62 ᠲᠦᠮᠡᠨ ᠲᠥᠭᠦᠷᠢᠭ ᠤᠨ ᠴᠡᠪᠡᠷ ᠤᠷᠤᠯᠭ᠎ᠠ ᠡᠭᠦᠳᠦᠭᠰᠡᠨ ᠶᠤᠮ᠃ ᠭᠡᠪᠡᠴᠦ ᠮᠦᠩᠭᠡᠵᠠᠶᠠᠭ᠎ᠠ ᠤᠯᠤᠭᠰᠠᠨ ᠠᠮᠵᠢᠯᠳᠠ ᠳᠤ ᠪᠠᠨ ᠰᠡᠳᠬᠢᠯ ᠬᠠᠨᠤᠭᠠᠳ ᠰᠠᠭᠤᠭᠰᠠᠨ ᠦᠬᠡᠢ᠂ ᠪᠠᠶᠠᠵᠢᠨ ᠴᠢᠨᠡᠭᠡᠯᠢᠭᠵᠢᠵᠦ ᠰᠢᠨ᠎ᠡ ᠨᠡᠶᠢᠬᠡᠮ ᠤᠨ ᠠᠯᠬᠤᠭ᠎ᠠ ᠶᠢ ᠳᠠᠭᠠᠬᠤ ᠬᠦᠰᠡᠯ ᠮᠦᠷᠦᠭᠡᠳᠦᠯ ᠳᠤ ᠬᠦᠳᠦᠯᠦᠭᠳᠡᠭᠰᠡᠨ ᠦᠭᠡᠳᠡᠷᠡᠭ ᠬᠦᠳᠡᠯᠮᠦᠷᠢᠴᠢ ᠨᠢᠭᠡᠨ ᠪᠠᠶᠢᠵᠤ᠂ ᠮᠠᠯ ᠤᠨ ᠢᠶᠠᠨ ᠳᠡᠵᠢᠬᠡᠯ ᠪᠤᠷᠳᠤᠭᠠᠨ ᠤ ᠦᠪᠡᠷ ᠤᠨ ᠦᠷᠳᠡᠭ ᠢ ᠪᠠᠭᠤᠷᠠᠭᠤᠯᠬᠤ ᠶᠢᠨ ᠲᠦᠯᠦᠬᠡ᠂ ᠤᠯᠠᠨ ᠲᠦᠷᠦᠯ ᠤᠨ ᠮᠠᠰᠢᠨ ᠲᠦᠭᠦᠭᠡᠷᠦᠮᠵᠢ ᠬᠤᠳᠠᠯᠳᠤᠨ ᠠᠪᠴᠤ᠂ ᠳᠡᠵᠢᠭᠡᠯ ᠪᠤᠷᠳᠤᠭ᠎ᠠ ᠪᠠᠨ ᠦᠪᠡᠷ ᠢᠶᠠᠨ ᠨᠠᠶᠢᠷᠠᠭᠤᠯᠳᠠᠭ ᠪᠤᠯᠵᠠᠢ᠃      ᠮᠦᠩᠭᠡᠵᠠᠶᠠᠭ᠎ᠠ ᠪᠣᠯ ᠬᠤᠯᠠ ᠣᠶᠢᠷ᠎ᠠ ᠳᠠᠭᠠᠨ ᠠᠯᠳᠠᠷᠰᠢᠭᠰᠠᠨ ᠲᠡᠮᠡᠭᠡ ᠮᠠᠯᠵᠢᠳᠠᠭ ᠲᠣᠮᠣ ᠡᠷᠦᠬᠡ᠂ ᠠᠵᠢᠯᠴᠢ ᠪᠤᠷᠤᠭᠵᠢᠭᠤᠨ ᠤᠬᠠᠭᠠᠨ ᠢ ᠦᠪᠯᠡᠭᠰᠡᠨ ᠬᠠᠰᠢᠷ ᠳᠤᠷᠰᠢᠯᠭ᠎ᠠ ᠲᠠᠢ ᠮᠠᠯᠴᠢᠨ᠂ ᠳᠡᠷᠭᠡᠳᠡᠬᠢ ᠤᠯᠠᠨ ᠢᠶᠠᠨ ᠳᠠᠭᠠᠭᠤᠯᠤᠭᠰᠠᠨ ᠪᠠᠶᠠᠵᠢᠯ ᠤᠨ ᠴᠢᠳᠠᠪᠤᠷᠢᠳᠠᠨ ᠶᠤᠮ᠃ ᠲᠡᠷᠡ ᠨᠠᠮ ᠤᠨ ᠠᠷᠠᠳ ᠢ ᠪᠠᠶᠠᠵᠢᠭᠤᠯᠬᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ᠂ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ 2017 ᠣᠨ ᠤ 5 ᠰᠠᠷ᠎ᠠ ᠠᠴᠠ ᠡᠬᠢᠯᠡᠨ ᠲᠡᠮᠡᠭᠡᠨ ᠤ ᠠᠵᠤ ᠦᠢᠯᠡᠰ ᠢ ᠬᠥᠭᠵᠢᠭᠦᠯᠵᠦ᠂ ᠰᠥᠨᠢᠳ ᠪᠠᠷᠠᠭᠤᠨ ᠬᠤᠰᠢᠭᠤᠨ ᠤ ᠭᠤᠪᠢ ᠶᠢᠨ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠲᠤᠰᠬᠠᠢ ᠬᠤᠷᠰᠢᠶᠠᠵᠢᠯ ᠪᠣᠯᠣᠨ ᠭᠤᠪᠢ ᠶᠢᠨ ᠲᠡᠮᠡᠭᠡᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠭᠤᠯᠵᠤ᠂ ᠡᠵᠡᠩᠨᠡᠯᠲᠡ ᠶᠢᠨ ᠬᠡᠪᠴᠢᠶ᠎ᠡ ᠪᠣᠯᠣᠨ ᠲᠤᠭ᠎ᠠ ᠬᠡᠮᠵᠢᠶ᠎ᠡ ᠪᠠᠨ ᠠᠯᠬᠤᠮ ᠠᠯᠬᠤᠮ ᠢᠶᠠᠷ ᠥᠷᠭᠡᠳᠬᠡᠵᠦ᠂ ᠴᠡᠪᠡᠷ ᠪᠠᠶᠢᠭᠠᠯᠢᠯᠢᠭ ᠢᠩᠭᠡᠨ ᠰᠦ ᠶᠢ ᠬᠤᠰᠢᠭᠤᠨ ᠤ ᠳᠣᠲᠣᠨ᠎ᠠ ᠭᠠᠳᠠᠨ᠎ᠠ ᠪᠣᠷᠣᠯᠠᠭᠤᠯᠪᠠ᠃ ᠣᠶᠢᠷ᠎ᠠ ᠶᠢᠨ ᠬᠡᠳᠦᠨ ᠵᠢᠯ ᠳᠤ᠂ ᠵᠢᠯ ᠪᠦᠷᠢ ᠶᠢᠨ ᠰᠠᠭᠠᠯᠢ ᠶᠢᠨ ᠢᠩᠭᠡ 40 — 50  ᠳᠤᠯᠤᠭᠠᠢ ᠳᠤ ᠬᠦᠷᠴᠦ᠂ ᠣᠲᠣ ᠦᠶ᠎ᠡ ᠶᠢᠨ ᠲᠡᠷᠢᠭᠦᠨ ᠤ ᠰᠠᠭᠠᠯᠢ ᠶᠢᠨ ᠮᠠᠰᠢᠨ ᠢᠶᠠᠷ ᠡᠪᠦᠯ ᠤᠨ ᠤᠯᠠᠷᠢᠯ ᠳᠤ ᠡᠳᠦᠷ ᠪᠦᠷᠢ 45 ᠵᠢᠩ ᠣᠷᠴᠢᠮ᠂ ᠵᠣᠨ ᠤ ᠤᠯᠠᠷᠢᠯ ᠳᠤ ᠡᠳᠦᠷ ᠪᠦᠷᠢ 120 ᠵᠢᠩ ᠣᠷᠴᠢᠮ ᠰᠦ ᠰᠠᠭᠠᠳᠠᠭ᠃  ᠲᠡᠷᠡ ᠣᠶᠢᠷ᠎ᠠ ᠬᠠᠪᠢ ᠶᠢᠨ ᠮᠠᠯᠴᠢᠨ ᠡᠷᠦᠭᠡ ᠪᠠᠨ ᠳᠠᠭᠠᠭᠤᠯᠤᠨ ᠬᠠᠮᠲᠤᠪᠠᠷ ᠪᠠᠶᠠᠵᠢᠯ ᠤᠨ ᠵᠠᠮ ᠢᠶᠠᠷ ᠵᠠᠮᠨᠠᠵᠤ᠂ ᠭᠠᠴᠠᠭᠠᠨ ᠤ ᠪᠠᠨ 5 ᠶᠠᠳᠠᠭᠤ ᠬᠦᠴᠢᠷᠳᠡᠯᠲᠡᠢ ᠡᠷᠦᠭᠡ ᠲᠠᠢ ᠬᠤᠷᠰᠢᠨ᠂ ᠵᠢᠯ ᠪᠦᠷᠢ 10%᠎ ᠎ ᠶᠢᠨ ᠠᠰᠢᠭ ᠣᠯᠵᠠᠪᠤᠷᠢ ᠶᠢ ᠬᠤᠪᠢᠶᠠᠨ ᠥᠭᠴᠦ᠂  ᠳᠡᠮᠡᠭᠡ ᠮᠠᠯᠵᠢᠬᠤ  ᠰᠠᠶᠢᠨ ᠲᠤᠷᠰᠢᠯᠭ᠎ᠠ ᠪᠠᠨ ᠬᠠᠷᠠᠮ ᠦᠭᠡᠢ  ᠬᠤᠪᠢᠶᠠᠯᠴᠠᠨ᠂ ᠦᠷᠭᠡᠨ ᠲᠦᠮᠡᠨ ᠤ ᠪᠠᠨ ᠬᠦᠷᠢᠶᠡᠯᠡᠯ ᠢ ᠤᠯᠤᠭᠰᠠᠨ ᠶᠤᠮ᠃      ᠣᠶᠢᠷ᠎ᠠ ᠶᠢᠨ ᠬᠡᠳᠦᠨ ᠵᠢᠯ ᠳᠤ᠂ ᠰ᠊ ᠦᠷᠭᠡᠨᠳᠡᠯ᠎ᠡ ᠪᠠᠯᠭᠠᠰᠤᠨ ᠤ ᠪᠠᠶᠠᠨᠴᠢᠯᠠᠭᠤ ᠭᠠᠴᠠᠭ᠎ᠠ ᠲᠡᠮᠡᠭᠡᠨ ᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠲᠡᠮᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠡᠮᠡᠭᠡ  ᠮᠠᠯᠵᠢᠬᠤ ᠡᠷᠦᠬᠡ ᠶᠢᠨ ᠬᠡᠪᠴᠢᠶᠡᠵᠢᠭᠦᠯᠦᠨ ᠡᠵᠡᠩᠨᠡᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠮᠠᠯᠴᠢᠳ ᠤᠨ ᠲᠡᠮᠡᠭᠡ ᠮᠠᠯᠵᠢᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠨ᠂ ᠲᠡᠮᠡᠭᠡ ᠮᠠᠯᠵᠢᠬᠤ ᠲᠤᠰᠬᠠᠢ ᠡᠷᠦᠬᠡ ᠪᠠ ᠠᠵᠤ ᠠᠬᠤᠶᠢᠯᠠᠯ ᠤᠨ ᠬᠤᠷᠰᠢᠯᠴᠠᠭ᠎ᠠ ᠶᠢ ᠳᠠᠶᠢᠴᠢᠯᠠᠵᠤ᠂ ᠵᠠᠬᠢᠶᠠᠯᠠᠭ᠎ᠠ ᠪᠠᠷ ᠪᠣᠷᠣᠯᠠᠭᠤᠯᠬᠤ ᠪᠠᠷ ᠳᠠᠮᠵᠢᠨ᠂ ᠲᠣᠭᠲᠠᠮᠠᠯ ᠬᠤᠭᠤᠴᠠᠭ᠎ᠠ ᠲᠠᠢ ᠪᠠᠷ  ᠠᠵᠤ ᠠᠬᠤᠶᠢᠯᠠᠯ ᠳᠤ ᠢᠩᠭᠡᠨ ᠰᠦ ᠬᠠᠩᠭᠠᠵᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ  ᠪᠠᠳᠤᠯᠠᠵᠤ ᠪᠠᠶᠢᠨ᠎ᠠ᠃      ᠦᠷᠭᠡᠨᠳᠡᠯ᠎ᠡ ᠪᠠᠯᠭᠠᠰᠤ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠶᠢ ᠲᠤᠰ ᠭᠠᠵᠠᠷ ᠤᠨ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶᠡᠨ ᠤ ᠨᠢᠭᠡ ᠪᠣᠯᠭᠠᠵᠤ᠂ ᠪᠦᠬᠦ ᠬᠤᠰᠢᠭᠤᠨ ᠤ ᠶᠡᠷᠦᠩᠬᠡᠢ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠪᠠᠷ᠂  ᠳᠡᠮᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠮᠠᠯᠵᠢᠬᠤ ᠡᠷᠦᠬᠡ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠬᠦ ᠪᠠᠯᠭᠠᠰᠤᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠳᠤ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠦ᠂ ᠲᠡᠮᠡᠭᠡᠨ  ᠎ ᠤ ᠠᠵᠤ ᠦᠢᠯᠡᠰ ᠤᠨ ᠢᠵᠢ ᠪᠦᠷᠢᠳᠦᠭᠰᠡᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠡᠭᠦᠯᠳᠡᠷᠵᠢᠭᠦᠯᠵᠦ᠂ ᠢᠩᠭᠡᠨ ᠰᠦ  ᠵᠦᠭᠡᠭᠡᠪᠦᠷᠢᠯᠡᠬᠦ ᠥᠷᠳᠡᠭᠡ ᠶᠢ ᠪᠦᠲᠦᠭᠡᠨ ᠪᠠᠶᠢᠭᠤᠯᠵᠤ᠂ ᠬᠤᠪᠢ ᠡᠷᠥᠭᠡ ᠶᠢᠨ  ᠢᠩᠭᠡᠨ ᠰᠦ ᠶᠢ ᠣᠶᠢᠷ᠎ᠠ ᠬᠠᠪᠢ ᠎ ᠳᠤᠨᠢ ᠲᠥᠪᠯᠡᠷᠡᠭᠦᠯᠦᠨ ᠬᠠᠳᠠᠭᠠᠯᠠᠬᠤ ᠶᠢᠨ ᠬᠠᠮᠲᠤ  ᠬᠤᠰᠢᠭᠤᠨ ᠤ ᠢᠩᠭᠡᠨ ᠰᠦ ᠨᠠᠷᠢᠯᠢᠭ ᠪᠤᠯᠪᠠᠰᠤᠷᠠᠭᠤᠯᠬᠤ ᠰᠠᠭᠤᠷᠢᠨ ᠭᠠᠵᠠᠷ ᠲᠤ ᠨᠢᠭᠡᠳᠦᠯᠳᠡᠢ ᠬᠦᠷᠭᠡᠨ᠂ ᠮᠠᠯᠴᠢᠳ ᠲᠤ ᠭᠡᠷ ᠠᠴᠠ ᠪᠠᠨ ᠭᠠᠷᠬᠤ ᠦᠬᠡᠢ ᠪᠠᠷ ᠢᠩᠭᠡᠨ ᠰᠦ ᠎ ᠪᠠᠨ ᠪᠤᠷᠤᠯᠠᠭᠤᠯᠬᠤ ᠨᠦᠬᠦᠴᠡᠯ ᠬᠠᠩᠭᠠᠭᠰᠠᠨ ᠤ ᠬᠠᠮᠳᠤ ᠰᠦᠨ ᠤ ᠰᠢᠨ᠎ᠡ ᠰᠤᠷᠭᠤᠭ ᠢ ᠪᠠᠳᠤᠯᠠᠵᠤ᠂ ᠳᠡᠮᠡᠭᠡᠨ ᠤ ᠠᠵᠤ ᠦᠢᠯᠡᠰ ᠤᠨ ᠬᠦᠭᠵᠢᠯᠳᠡ ᠳᠤ ᠳᠠᠪᠴᠠᠩ ᠪᠤᠢ ᠪᠤᠯᠭᠠᠭᠰᠠᠨ ᠪᠠᠶᠢᠨ᠎ᠠ᠃ ᠣᠶᠢᠷ᠎ᠠ ᠶᠢᠨ ᠬᠤᠶᠠᠷ ᠵᠢᠯ ᠳᠤ᠂ ︽ᠪᠠᠶᠠᠨᠴᠢᠯᠠᠭᠤ  ᠭᠠᠴᠠᠭᠠᠨ ᠤ ᠬᠤᠣᠰ ᠪᠥᠬᠦᠲᠦ ᠲᠡᠮᠡᠭᠡ  ᠦᠰᠬᠡᠬᠦ ᠲᠥᠷᠥᠯ ᠵᠦᠢᠯ︾᠎ ᠨᠢ ᠦᠷ᠎ᠡ ᠠᠰᠢᠭ ᠣᠯᠬᠤ ᠪᠠᠷ ᠴᠢᠷᠮᠠᠶᠢᠵᠤ᠂  ᠤᠤᠯ ᠤᠨ 42 ᠢᠩᠭᠡ ᠤᠷᠤᠭᠤᠯᠭᠰᠠᠨ ᠠᠴᠠ ᠪᠠᠨ 72᠎  ᠳᠡᠮᠡᠭᠡ ᠲᠠᠢ ᠪᠤᠯᠵᠤ᠂  ᠪᠦᠬᠦᠨ ᠢ ᠮᠠᠯᠵᠢᠬᠤ ᠡᠷᠦᠬᠡ ᠳᠤ ᠳᠠᠭᠠᠭᠠᠴᠢᠯᠠᠭᠤᠯᠤᠨ ᠮᠠᠯᠴᠢᠳ ᠤᠨ ᠲᠡᠮᠡᠭᠡ  ᠮᠠᠯᠵᠢᠬᠤ ᠢᠳᠡᠪᠬᠢᠵᠢᠯ ᠢ ᠳᠠᠶᠢᠴᠢᠯᠠᠵᠤ᠂ ᠣᠷᠣᠯᠭ᠎ᠠ ᠪᠠᠨ ᠨᠡᠮᠡᠭᠳᠡᠭᠦᠯᠦᠨ  ᠪᠠᠶᠠᠵᠢᠬᠤ ᠶᠢ ᠠᠬᠢᠭᠤᠯᠤᠭᠰᠠᠨ ᠤ ᠬᠠᠮᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠴᠦ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠳᠤ ᠳᠤᠰ ᠭᠠᠴᠠᠭᠠᠨ ᠤ 13  ᠮᠠᠯᠵᠢᠬᠤ ᠡᠷᠦᠭᠡ ᠲᠡᠮᠡᠭᠡ ᠮᠠᠯᠵᠢᠵᠤ᠂  ᠪᠦᠬᠦ ᠭᠠᠴᠠᠭᠠᠨ ᠳᠤ ᠨᠡᠶᠢᠳᠡ 802 ᠳᠡᠮᠡᠭᠡ ᠲᠠᠢ᠃  ᠡᠬᠦᠨ ᠳᠤ 512 ᠢᠩᠭᠡ ᠪᠠᠶᠢᠵᠤ᠂ 221᠎ ᠨᠢ ᠰᠠᠭᠠᠯᠢ ᠶᠢᠨ ᠢᠩᠭᠡ ᠪᠤᠯᠤᠨ᠎ᠠ᠃      ᠳᠠᠷᠠᠭᠠᠴᠢ ᠶᠢᠨ ᠠᠯᠬᠤᠮ ᠳᠤ᠂  ᠦᠷᠭᠡᠨᠳᠡᠯ᠎ᠡ ᠪᠠᠯᠭᠠᠰᠤ ᠦᠷᠭᠦᠯᠵᠢᠯᠡᠨ ᠰᠠᠭᠤᠷᠢ ᠲᠥᠬᠦᠭᠡᠷᠦᠮᠵᠢ ᠪᠠᠨ ᠳᠡᠭᠦᠯᠳᠡᠷᠵᠢᠬᠦᠯᠬᠦ᠂  ᠳᠡᠮᠡᠭᠡ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠡᠮᠡᠭᠡ ᠮᠠᠯᠵᠢᠬᠤ ᠳᠤᠮᠤ ᠡᠷᠦᠬᠡ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂  ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂  ᠱᠠᠩᠨᠠᠵᠤ ᠤᠷᠮᠠᠰᠢᠭᠤᠯᠬᠤ ᠲᠣᠭᠲᠠᠴᠠ ᠶᠢᠨ ᠲᠠᠯ᠎ᠠ ᠪᠠᠷ ᠡᠷᠴᠢᠮ ᠢᠶᠠᠨ ᠴᠢᠩᠭᠠᠷᠠᠭᠤᠯᠤᠨ᠂ ᠮᠠᠯᠴᠢᠳ ᠢ ᠵᠥᠪ ᠢᠶᠠᠷ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠮᠠᠯᠴᠢᠨ ᠡᠷᠦᠬᠡ ᠶᠢ ᠵᠣᠷᠢᠭᠵᠢᠭᠤᠯᠤᠨ ᠲᠡᠮᠡᠭᠡ ᠦᠰᠬᠡᠬᠦ᠂ ᠢᠩᠭᠡ ᠰᠠᠭᠠᠬᠤ ᠵᠡᠷᠭᠡ ᠳᠤ ᠢᠳᠡᠪᠬᠢᠲᠡᠢ ᠣᠷᠣᠯᠴᠠᠭᠤᠯᠵᠤ᠂ ᠲᠡᠮᠡᠭᠡᠨ ᠤ ᠠᠵᠤ ᠦᠢᠯᠡᠰ ᠎ ᠢ ᠢᠳᠡᠪᠬᠢᠲᠡᠢ ᠪᠠᠷ ᠪᠣᠶᠢᠵᠢᠭᠤᠯᠤᠨ᠂ ᠲᠡᠮᠡᠭᠡᠨ ᠤ ᠠᠵᠤ ᠦᠢᠯᠡᠰ ᠢ ︽ᠲᠤᠰᠬᠠᠶᠢᠵᠢᠭᠤᠯᠬᠤ᠂ ᠬᠡᠪᠴᠢᠶᠡᠵᠢᠭᠦᠯᠬᠦ᠂ ᠠᠵᠤ ᠦᠶᠢᠯᠡᠰᠵᠢᠭᠦᠯᠬᠦ᠂ ᠨᠠᠷᠠᠲᠤ ᠲᠥᠷᠥᠯ ᠲᠡᠮᠳᠡᠭᠵᠢᠭᠦᠯᠬᠦ︾ ᠳᠠᠰᠢ ᠲᠠᠰᠤᠷᠠᠯᠲᠠ ᠦᠭᠡᠢ ᠬᠥᠭᠵᠢᠭᠦᠯᠵᠦ᠂ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ  ᠪᠡᠶᠡᠯᠡᠬᠦᠯᠬᠦ ᠪᠠᠷ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号