ᠬᠠᠮᠳᠤ ᠶᠢᠨ ᠭᠠᠯ ᠳᠠᠬᠢᠯᠠᠭ᠎ᠠ ᠪᠠᠷ ᠰᠦᠨᠢᠳ ᠲᠦᠮᠡᠨ ᠤ ᠪᠠᠨ ᠰᠠᠶᠢᠨ ᠰᠠᠶᠢᠬᠠᠨ ᠢ ᠬᠤᠷᠤᠶᠢᠯᠠᠯ᠎ᠠ
ᠨᠡᠶᠢᠲᠡᠯᠡᠭᠰᠡᠨ ᠴᠠᠭ᠄
2024/2/3
      ᠠᠷᠭ᠎ᠠ ᠶᠢᠨ ᠤᠯᠠᠷᠢᠯ ᠤᠨ 2 ᠰᠠᠷ᠎ᠠ ᠶᠢᠨ 2᠎ ᠂ ᠪᠢᠯᠢᠭ ᠤᠨ ᠤᠯᠠᠷᠢᠯ ᠤᠨ  ᠬᠦᠬᠡᠬᠡ ᠰᠠᠷ᠎ᠠ ᠶᠢᠨ ᠬᠤᠷᠢᠨ ᠭᠤᠷᠪᠠᠨ ᠤ ᠤᠷᠤᠢ ᠰᠥᠨᠢᠳ ᠠᠷᠠᠳ ᠤᠨ ᠤᠯᠠᠮᠵᠢᠯᠠᠯᠳᠤ ᠵᠠᠩ ᠦᠢᠯᠡ ᠶᠢᠨ ᠨᠡᠶᠢᠭᠡᠮᠯᠢᠭ ᠠᠴᠠ ᠭᠠᠯ ᠤᠨ ᠬᠤᠷᠢᠨ ᠭᠤᠷᠪᠠᠨ ᠤ ᠰᠦᠨᠢᠳ ᠤᠪᠤᠭ ᠠᠶᠢᠮᠠᠭ ᠤᠨ ᠬᠠᠮᠳᠤ ᠶᠢᠨ ᠭᠠᠯ ᠳᠠᠬᠢᠯᠭ᠎ᠠ ᠶᠢ  ᠬᠤᠰᠢᠭᠤ ᠤᠯᠠᠭᠠᠨᠮᠥ᠋ᠴᠢᠷ  ᠠᠭᠤᠳᠠᠮ ᠲᠠᠯᠠᠪᠠᠶ ᠳᠤ  ᠶᠠᠪᠤᠭᠳᠠᠭᠤᠯᠵᠠᠢ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠸᠠᠩ ᠵᠠᠨ ᠴᠢ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ᠂ ᠬᠤᠰᠢᠭᠤ ᠳᠡᠳ᠋ ᠳᠠᠷᠤᠭ᠎ᠠ ᠰᠠᠶᠢᠨᠴᠣᠭᠲᠤ  ᠰᠦᠨᠢᠳ ᠨᠤᠳᠤᠭ ᠤᠨ ᠢᠶᠠᠨ ᠦᠷᠭᠡᠨ ᠲᠦᠮᠡᠨ ᠲᠠᠢ ᠬᠠᠮᠳᠤ ᠳᠠᠬᠢᠯᠭ᠎ᠠ ᠶᠢᠨ ᠠᠵᠢᠯᠯᠠᠭ᠎ᠠ ᠳᠤ ᠤᠷᠤᠯᠴᠠᠵᠠᠢ᠃       ᠰᠦᠨᠢᠳ ᠲᠦᠮᠡᠨ ᠮᠠᠨᠢ ᠭᠠᠯ ᠳᠤ ᠪᠠᠨ ᠡᠷᠭᠦᠭᠦ ᠡᠪᠴᠢᠬᠦᠦ᠂ ᠢᠳᠡᠭᠡ ᠤᠮᠳᠠᠭᠠᠨ ᠤ ᠪᠠᠨ ᠳᠡᠭᠡᠵᠢ᠂ ᠳᠠᠯᠠᠯᠭ᠎ᠠ ᠶᠢᠨ ᠵᠦᠢᠯᠡᠰ ᠢᠶᠠᠨ ᠠᠪᠴᠤ᠂ ᠮᠤᠩᠭᠤᠯ ᠢᠶᠠᠷ ᠢᠶᠠᠨ ᠭᠤᠶᠤᠵᠠᠭᠠᠨ ᠬᠠᠮᠳᠤ ᠶᠢᠨ ᠭᠠᠯ ᠳᠠᠬᠢᠯᠭ᠎ᠠ ᠳᠤ ᠪᠠᠨ ᠤᠷᠤᠯᠴᠠᠵᠤ᠂  ᠭᠠᠯ ᠤᠨ ᠪᠤᠷᠬᠠᠨ ᠳᠤ ᠪᠠᠨ ᠰᠦᠵᠢᠭᠯᠡᠵᠦ᠂ ᠲᠡᠭᠷᠢ ᠳᠡᠭᠡᠳᠦᠰ ᠲᠤ ᠪᠠᠨ ᠮᠦᠷᠬᠦᠵᠦ᠂ ᠢᠷᠡᠵᠦ ᠠᠶᠢᠰᠤᠢ ᠰᠢᠨ᠎ᠡ ᠨᠢᠭᠡᠨ ᠵᠢᠯ ᠳᠤ ᠪᠠᠨ ᠬᠤᠷ᠎ᠠ ᠪᠤᠷᠤᠭᠠᠨ ᠳᠡᠭᠰᠢ᠂ ᠳᠠᠪᠤᠨ ᠬᠤᠰᠢᠭᠤ ᠮᠠᠯ ᠳᠠᠷᠭᠤ ᠬᠦᠴᠦ ᠲᠦᠭᠦᠷᠡᠩ ᠪᠠᠶᠢᠬᠤ ᠶᠢ ᠳᠠᠭᠠᠳᠬᠠᠨ᠂  ᠬᠡᠰᠢᠭ ᠪᠤᠶᠠᠨ ᠢᠶᠠᠨ ᠬᠤᠷᠤᠶᠢᠯᠠᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号