︽ᠪᠢᠴᠢᠬᠠᠨ ᠤᠯᠠᠭᠠᠨ ᠪᠣᠭᠴᠣ ᠰᠤᠷᠤᠯᠭ᠎ᠠ ᠶᠢᠨ ᠳᠠᠩᠭᠢᠮ︾ ᠠᠮᠠᠷᠠᠯᠳᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠳᠡᠬᠦᠰᠬᠦ ᠶᠤᠰᠤᠯᠠᠯ ᠵᠢᠴᠢ ᠴᠠᠭᠠᠨ ᠰᠠᠷ᠎ᠠ ᠶᠢ ᠤᠭᠳᠤᠬᠤ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/2/4

   ᠴᠠᠭᠠᠨ ᠰᠠᠷ᠎ᠠ ᠣᠶᠢᠷᠠᠳᠬᠤ  ᠳᠠᠰᠢᠷᠠᠮ ᠳᠤ᠂ ᠰᠠᠶᠢᠬᠠᠨᠲᠠᠯ᠎ᠠ ᠪᠠᠯᠭᠠᠰᠤᠨ ᠤ ᠷᠠᠰᠢᠶᠠᠨ ᠨᠡᠶᠢᠭᠡᠮ ᠲᠣᠭᠤᠷᠢᠭ ᠤᠨ

᠎ ᠬᠢᠨ ᠬᠤᠰᠢᠭᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠬᠠᠤᠯᠢ ᠴᠠᠭᠠᠵᠠ ᠶᠢᠨ ᠲᠣᠪᠴᠢᠶ᠎ᠠ᠂

ᠵᠠᠯᠠᠭᠤᠴᠤᠳ ᠤᠨ ᠰᠠᠶᠢᠨ ᠳᠤᠷ᠎ᠠ ᠶᠢᠨ ᠨᠡᠶᠢᠭᠡᠮᠯᠢᠭ᠂ ︽ᠢᠷᠡᠭᠡᠳᠦᠢ ᠶᠢᠨ ᠲᠠᠭᠤᠨ︾ ᠬᠡᠯᠡ ᠶᠠᠷᠢᠶᠠᠨ ᠤ ᠰᠤᠷᠭᠠᠯᠳᠠ

᠎ ᠶᠢᠨ ᠠᠩᠭᠢ ᠲᠠᠢ ᠬᠠᠮᠲᠤᠷᠠᠨ ︽ᠪᠢᠴᠢᠬᠠᠨ ᠤᠯᠠᠭᠠᠨ ᠪᠣᠭᠴᠣ ᠰᠤᠷᠤᠯᠭ᠎ᠠ ᠶᠢᠨ ᠳᠠᠩᠭᠢᠮ︾ ᠠᠮᠠᠷᠠᠯᠳᠠ ᠶᠢᠨ

ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠰᠤᠷᠤᠯᠭ᠎ᠠ ᠲᠡᠭᠦᠰᠬᠦ ᠶᠤᠰᠤᠯᠠᠯ ᠵᠢᠴᠢ ᠴᠠᠭᠠᠨ ᠰᠠᠷ᠎ᠠ ᠶᠢ

ᠤᠭᠲᠤᠬᠤ ᠠᠵᠢᠯᠯᠠᠭ᠎ᠠ ᠦᠷᠨᠢᠬᠦᠯᠵᠡᠢ᠃

  ᠳᠠᠭᠤᠤ ᠬᠦᠭᠵᠢᠮ᠂ ᠰᠢᠯᠦᠭ ᠨᠠᠶᠢᠷᠠᠭᠯᠠᠯ ᠵᠡᠷᠭᠡ ᠳᠤᠭᠯᠠᠯᠳᠠ ᠨᠢ ᠵᠠᠯᠠᠭᠤᠴᠤᠳ ᠪᠠᠭᠠᠴᠤᠳ ᠤᠨ ᠤᠷ᠎ᠠ ᠠᠪᠢᠶᠠᠰ

᠂ ᠦᠭᠡᠳᠡᠯᠡᠨ ᠳᠠᠪᠰᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢ ᠬᠠᠷᠠᠭᠤᠯᠤᠨ᠂ ᠠᠵᠢᠯᠯᠠᠭ᠎ᠠ ᠳᠤ ᠪᠠᠰᠠ᠂

ᠬᠤᠶᠠᠳᠤᠭᠠᠷ ᠬᠤᠭᠤᠴᠠᠭᠠᠨ ᠤ ᠡᠪᠦᠯ ᠤᠨ ᠠᠮᠠᠷᠠᠯᠲᠠ ᠶᠢᠨ ᠨᠠᠶᠢᠳᠠᠨ ᠬᠠᠮᠢᠶᠠᠷᠤᠭᠤᠯᠬᠤ ᠠᠩᠭᠢ ᠳᠤ ᠣᠷᠣᠯᠴᠠᠭᠰᠠᠨ

ᠪᠥᠬᠦ ᠭᠡᠦᠭᠡᠳ ᠵᠢᠴᠢ ᠣᠶᠤᠲᠠᠨ ᠰᠠᠶᠢᠨ ᠳᠤᠷᠠᠴᠤᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠤᠯᠭᠤᠵᠤ᠂

ᠬᠤᠰᠢᠭᠤ ᠬᠠᠤᠯᠢ ᠴᠠᠭᠠᠵᠠ ᠶᠢᠨ ᠳᠤᠪᠴᠢᠶᠠᠨ ᠤ ᠠᠵᠢᠯᠲᠠᠳ ᠪᠠᠰᠠ ᠬᠡᠦᠬᠡᠳ ᠤᠳ ᠲᠤ ︽ᠦᠨᠳᠦᠰᠦᠨ ᠬᠠᠤᠯᠢ ᠶᠢ

ᠰᠤᠷᠤᠯᠴᠠᠵᠤ᠂ ᠦᠨᠳᠦᠰᠦᠨ ᠬᠠᠤᠯᠢ ᠶᠢ ᠡᠷᠬᠢᠮᠯᠡᠨ᠂ ᠦᠨᠳᠦᠰᠦᠨ ᠬᠠᠤᠯᠢ ᠶᠢᠨ ᠪᠢᠴᠢᠬᠠᠨ ᠬᠠᠮᠠᠭᠠᠯᠠᠭᠴᠢ

ᠪᠣᠯᠬᠤ ᠪᠠᠷ ᠴᠢᠷᠮᠠᠶᠢᠶ᠎ᠠ︾ ᠬᠡᠬᠦ ᠬᠠᠤᠯᠢ ᠲᠦᠭᠡᠮᠡᠯᠵᠢᠬᠦᠯᠬᠦ ᠬᠢᠴᠢᠶᠡᠯ ᠤᠷᠤᠵᠠᠢ᠃

  ᠲᠣᠰ ᠤᠳᠠᠭᠠᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠨᠢ ᠬᠤᠪᠢᠰᠬᠠᠯᠴᠢ

ᠦᠵᠡᠯ ᠢᠶᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠯᠠᠮᠵᠢᠯᠠᠯᠲᠤ ᠰᠣᠶᠣᠯ᠂

ᠤᠷᠠᠨ ᠵᠢᠷᠤᠭ᠂ ᠭᠠᠷ ᠤᠷᠠᠯᠠᠯ᠂ ᠠᠮᠤᠷ ᠲᠦᠪᠰᠢᠨ ᠤ ᠬᠥᠮᠦᠵᠢᠯ ᠵᠡᠷᠭᠡ ᠣᠯᠠᠨ ᠬᠦᠷᠢᠶ᠎ᠡ ᠶᠢ ᠬᠠᠮᠤᠷᠴᠤ᠂

ᠬᠡᠦᠬᠡᠳ ᠤᠳ ᠬᠢᠴᠢᠶᠡᠯ ᠤᠨ ᠲᠠᠩᠬᠢᠮ ᠳᠤ ᠡᠯ᠎ᠡ ᠵᠦᠢᠯ ᠤᠨ ᠮᠡᠳᠡᠯᠭᠡ ᠰᠣᠷᠣᠭᠰᠠᠨ ᠢᠶᠠᠷ ᠪᠠᠷᠠᠬᠤ ᠦᠭᠡᠢ ᠪᠠᠰᠠ ᠭᠠᠷ

ᠬᠥᠳᠡᠯᠬᠦ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠨᠠᠶᠢᠵᠠ ᠲᠠᠢ

ᠲᠠᠨᠢᠯᠴᠠᠵᠤ᠂ ᠠᠮᠠᠷᠠᠯᠳᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠦᠩᠭᠡᠷᠡᠭᠦᠯᠦᠭᠰᠡᠨ ᠪᠠᠶᠢᠨ᠎ᠠ᠃

ᠬᠤᠶᠢᠰᠢᠳᠠ᠂ ᠷᠠᠰᠢᠶᠠᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠡᠬᠢ ᠪᠠᠶᠠᠯᠢᠭ ᠢᠶᠠᠨ ᠦᠷᠭᠦᠯᠵᠢᠯᠡᠨ

ᠨᠢᠭᠡᠳᠬᠡᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂  ᠠᠭᠤᠯᠭ᠎ᠠ ᠬᠡᠯᠪᠡᠷᠢ  ᠤᠯᠠᠨ ᠵᠠᠯᠠᠭᠤᠴᠤᠳ

ᠪᠠᠭᠠᠴᠤᠳ ᠤᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠪᠠ

ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ

ᠦᠰᠦᠨ ᠪᠣᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠤᠯᠭᠠᠬᠤ ᠪᠤᠯᠤᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号