ᠪᠠᠶ᠋ᠬᠠᠠᠭᠤᠯᠠ ᠭᠠᠴᠠᠭ᠎ᠠ ᠭᠤᠤᠯ ᠰᠡᠳᠦᠪᠳᠦ ᠰᠤᠶᠤᠯ ᠤᠨ ᠠᠵᠢᠯᠯᠠᠭ᠎ᠠ ᠪᠠᠷ ᠰᠠᠷ᠎ᠠ ᠰᠢᠨ᠎ᠡ ᠶᠢᠨ ᠪᠠᠶᠠᠷ ᠢᠶᠠᠨ ᠤᠭᠳᠤᠨ ᠪᠡᠯᠭᠡᠯᠡᠯ᠎ᠡ
ᠨᠡᠶᠢᠲᠡᠯᠡᠭᠰᠡᠨ ᠴᠠᠭ᠄
2024/2/4
    2 ᠰᠠᠷ᠎ᠠ ᠶᠢᠨ 3᠎ ᠤ ᠤᠷᠤᠢ᠂ ᠰᠠᠩᠪᠤᠯᠠᠭ ᠰᠤᠮᠤᠨ ᠤ ᠪᠠᠶ᠋ᠬᠠᠠᠭᠤᠯᠠ  ᠭᠠᠴᠠᠭ᠎ᠠ ︽ᠨᠠᠮ ᠳᠤ ᠪᠠᠨ ᠳᠠᠯᠠᠷᠬᠠᠵᠤ᠂ ᠨᠠᠮ ᠤᠨ ᠦᠬᠡ ᠶᠢ ᠰᠤᠨᠤᠰᠴᠤ᠂ ᠨᠠᠮ ᠢᠶᠠᠨ ᠳᠠᠭᠠᠬᠤ︾ ᠭᠤᠤᠯ ᠰᠡᠳᠦᠪᠳᠦ ᠮᠠᠯᠴᠢᠳ ᠤᠨ ᠰᠤᠶᠤᠯ ᠎ ᠤᠨ ᠠᠵᠢᠯᠯᠠᠭ᠎ᠠ ᠵᠤᠬᠢᠶᠠᠨ ᠪᠠᠶᠢᠭᠤᠯᠤᠨ ᠦᠷᠨᠢᠬᠦᠯᠵᠦ᠂ ᠮᠠᠯᠴᠢᠨ ᠲᠦᠮᠡᠨ ᠬᠠᠮᠳᠤᠪᠡᠷ ᠴᠠᠭᠠᠨ ᠰᠠᠷ᠎ᠠ ᠪᠠᠨ ᠤᠭᠳᠤᠨ ᠪᠡᠯᠭᠡᠯᠡᠯ᠎ᠡ᠃     ᠰᠠᠩᠪᠤᠯᠠᠭ ᠰᠤᠮᠤᠨ ᠤ ᠤᠳᠤᠷᠢᠳᠤᠯᠭ᠎ᠠ ᠺᠠᠳ᠋ᠷ᠂ ᠬᠦᠷᠰᠢ ᠵᠡᠷᠭᠡᠯᠡᠳᠡᠭᠡ ᠭᠠᠴᠠᠭᠠᠨ ᠤ ᠮᠠᠯᠴᠢᠨ ᠲᠦᠮᠡᠨ᠂ ᠪᠠᠶ᠋ᠬᠠᠠᠭᠤᠯᠠ ᠭᠠᠴᠠᠭᠠᠨ ᠤ ᠬᠤᠳᠠᠯᠠ ᠲᠦᠮᠡᠨ ᠨᠡᠶᠢᠳᠡ 200 ᠭᠠᠷᠤᠢ ᠬᠦᠮᠦᠨ ᠮᠤᠩᠭᠤᠯ ᠢᠶᠠᠷ ᠢᠶᠠᠨ ᠭᠤᠶᠤᠵᠠᠭᠠᠨ ᠪᠠᠶ᠋ᠬᠠᠠᠭᠤᠯᠠ ᠭᠠᠴᠠᠭᠠᠨ ᠤ ᠲᠦᠪ ᠲᠤ ᠴᠤᠭᠯᠠᠷᠠᠵᠤ᠂  ᠠᠷᠢᠭᠤᠨ ᠭᠠᠯ ᠤᠨ ᠪᠤᠷᠬᠠᠨ ᠳᠤ ᠪᠠᠨ ᠢᠳᠡᠭᠡ ᠰᠢᠬᠦᠰᠦ ᠎ ᠪᠠᠨ ᠡᠷᠭᠦᠨ᠂ ᠲᠦᠳᠡᠭ ᠭᠠᠯ ᠬᠦᠭᠵᠢᠭᠡᠨ᠂ ᠭᠠᠯ ᠢᠶᠠᠨ ᠳᠤᠭᠤᠷᠢᠨ ᠪᠦᠵᠢᠭᠯᠡᠵᠡᠭᠡᠵᠦ᠂ ᠪᠠᠶᠠᠷ ᠨᠠᠶᠢᠷ ᠤᠨ ᠠᠭᠤᠷ ᠠᠮᠢᠰᠬᠤᠯ ᠦᠨᠢᠷ ᠦᠳᠭᠡᠨ ᠪᠠᠶᠢᠯ᠎ᠠ᠃     ︽ᠤᠯᠠᠭᠠᠨ ᠪᠤᠭᠴᠤ︾ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠰᠠᠭᠤᠷᠢᠨ ᠤ ᠮᠤᠩᠭᠤᠯ ᠭᠡᠷ ᠎ ᠲᠤ᠂ ᠨᠠᠰᠤᠳᠠᠨ ᠪᠤᠭᠤᠷᠤᠯ ᠤᠳ ᠬᠤᠶᠢᠮᠤᠷ ᠲᠤ ᠨᠠᠯᠠᠶᠢᠨ ᠰᠠᠭᠠᠳᠠᠵᠤ᠂ ᠤᠯᠠᠨ ᠢᠶᠠᠷ ᠢᠶᠠᠨ ᠬᠠᠳᠠᠭ ᠰᠠᠮᠪᠠᠢ ᠪᠠᠷᠢᠨ ᠰᠢᠨ᠎ᠡ ᠶᠢᠨ ᠵᠤᠯᠭᠠᠯᠳᠠ ᠬᠢᠵᠦ᠂ ᠡᠭᠡᠰᠢᠭ ᠳᠠᠭᠤᠤ ᠡᠭᠦᠰᠬᠡᠨ ᠡᠩᠭᠡ ᠶᠢᠨ ᠢᠷᠦᠬᠡᠯ ᠡᠷᠬᠦᠵᠦ᠂ ᠦᠨᠳᠦᠰᠦᠳᠡᠨ ᠤ ᠰᠤᠶᠤᠯ ᠵᠠᠩᠰᠢᠯ ᠢᠶᠠᠨ ᠤᠯᠠᠮᠵᠢᠯᠠᠨ ᠪᠠᠳᠠᠷᠠᠭᠤᠯᠵᠤ᠂ 60 ᠨᠠᠰᠤᠨ ᠠᠴᠠ ᠳᠡᠭᠡᠭᠰᠢᠬᠢ ᠠᠬᠠᠮᠠᠳ ᠳᠤᠮᠤᠭᠠᠳᠠᠨ᠂ ᠨᠠᠰᠤᠳᠠᠨ ᠪᠤᠭᠤᠷᠤᠯᠴᠤᠳ ᠲᠤ ᠪᠠᠨ ᠰᠠᠷ᠎ᠠ ᠰᠢᠨ᠎ᠡ ᠶᠢᠨ ᠪᠡᠯᠡᠭ ᠤᠷᠢᠳᠴᠢᠯᠠᠨ  ᠭᠠᠷᠳᠠᠭᠤᠯᠵᠠᠢ᠃     ᠠᠵᠢᠯᠯᠠᠭ᠎ᠠ ᠳᠤ ᠪᠠᠰᠠ᠂  ᠰᠠᠭᠠᠯᠢ ᠰᠢᠮ᠎ᠡ ᠪᠠᠨ ᠪᠦᠷᠢᠨ ᠠᠰᠢᠭᠯᠠᠵᠤ᠂ ᠰᠢᠨ᠎ᠡ ᠮᠠᠶ᠋ᠢᠭ ᠤᠨ ᠰᠦ ᠰᠠᠭᠠᠯᠢ ᠶᠢᠨ ᠪᠦᠲᠦᠭᠡᠭᠳᠡᠬᠦᠨ ᠢᠶᠠᠷ ᠤᠷᠤᠯᠭ᠎ᠠ ᠪᠠᠨ ᠨᠡᠮᠡᠭᠳᠡᠬᠦᠯᠵᠦ  ᠪᠠᠶᠢᠭ᠎ᠠ  ᠰᠢᠨ᠎ᠡ ᠴᠠᠭ ᠤᠨ ᠮᠠᠯᠴᠢᠨ  ᠪᠦᠰᠡᠬᠦᠢ ᠶᠢᠨ ᠰᠦ  ᠴᠠᠭᠠᠨ  ᠢᠳᠡᠭᠡᠨ ᠤ ᠳᠡᠯᠭᠡᠨ ᠦᠵᠡᠬᠦᠯᠦᠯᠭᠡ ᠬᠢᠵᠦ᠂ ᠭᠠᠴᠠᠭᠠᠨ ᠤ ᠮᠠᠯᠴᠢᠳ ᠢᠶᠠᠨ ᠵᠤᠷᠢᠭᠵᠢᠭᠤᠯᠤᠨ ᠳᠠᠶᠢᠴᠢᠯᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号