ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2024/2/8
             ᠰᠦᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ[2024.1]                                                                                      ᠠᠷᠪᠠᠨ ᠳᠦᠷᠪᠡ                ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠤ ᠮᠠᠲ᠋ᠧᠷᠢᠶᠠᠯ                    ᠵᠠᠰᠠᠭ ᠤᠨ ᠣᠷᠳᠣᠨ ᠤ ᠠᠵᠢᠯ ᠤᠨ ᠢᠯᠡᠳᠭᠡᠯ  — 2024 ᠤᠨ ᠤ 1 ᠰᠠᠷ᠎ᠠ ᠶᠢᠨ 25᠎ ᠤ ᠡᠲᠤᠷ ᠰᠥᠨᠢᠳ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠲᠠᠭᠠᠨ ᠤ ᠬᠤᠷᠠᠯᠲᠤᠭᠠᠨ ᠲᠡᠭᠡᠷ᠎ᠡᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠸᠠᠩ ᠵᠠᠨ ᠴᠢᠲᠦᠯᠦᠬᠡᠯᠡᠭᠴᠢᠳ ᠡ᠄      ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠡᠨ ᠵᠦᠪᠯᠡᠬᠦ ᠪᠤᠯᠪᠡᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠴᠦ ᠰᠠᠨᠠᠯ ᠢᠶᠠᠨ ᠲᠤᠷᠠᠳᠬᠤ ᠪᠤᠯᠪᠡᠤ᠃      ᠨᠢᠬᠡ᠂ 2023 ᠤᠨ ᠤ ᠠᠵᠢᠯ ᠤᠨ ᠡᠷᠬᠢᠴᠠᠬᠦᠯᠦᠯ      2023 ᠤᠨ ᠪᠤᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠬᠤ ᠡᠬᠢᠯᠡᠯᠳᠡ ᠶᠢᠨ ᠵᠢᠯ᠂ ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠶᠢᠨ ᠣᠷᠢᠳᠣᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠣᠨ᠎ᠠ᠂ ᠠᠵᠣ ᠠᠬᠤᠢ ᠮᠠᠭᠤᠳᠠᠬᠤ ᠳᠠᠷᠣᠭᠠᠰᠣ ᠪᠣᠯᠣᠨ ᠲᠦᠭᠰᠢᠭᠦᠷᠢ ᠦᠷᠢᠰᠦᠯᠳᠦᠭᠡᠨ ᠨᠡᠮᠡᠭᠳᠡᠵᠦ ᠪᠠᠶᠢᠭ᠎ᠠ᠂ ᠬᠦᠭᠵᠢᠯᠳᠡ ᠎ ᠶᠢᠨ ᠡᠭᠦᠷᠭᠡ ᠬᠦᠨᠳᠦ ᠪᠠᠶᠢᠬᠤ ᠪᠣᠳᠠᠳᠣ ᠰᠢᠯᠭᠠᠯᠳᠠ ᠳᠤ ᠬᠠᠨᠳᠣᠵᠣ᠂ ᠬᠤᠰᠢᠭᠤ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠣ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠢ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠣᠨ᠂ ᠳᠡᠭᠡᠲᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ᠂ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠲᠣᠣᠷ᠎ᠠ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠭᠤᠣᠯ ᠰᠢᠵᠢᠮ ᠢ ᠪᠠᠳᠣ ᠴᠢᠩᠭ᠎ᠠ ᠡᠵᠡᠮᠳᠡᠵᠦ᠂ ᠬᠤᠶᠠᠷ ᠶᠡᠭᠡ ᠶᠠᠪᠣᠳᠠᠯ1᠎ ᠢ ᠰᠠᠶᠢᠳᠣᠷ ᠬᠢᠬᠦ ᠳᠤ ᠠᠩᠬᠠᠷᠣᠯ ᠢᠶᠠᠨ ᠲᠦᠪᠯᠡᠷᠡᠭᠦᠯᠦᠨ᠂ ᠪᠦᠬᠦ ᠬᠦᠴᠦ ᠪᠠᠷ ᠢᠶᠠᠨ ᠠᠵᠣ ᠠᠬᠤᠢ ᠶᠢ ᠲᠡᠮᠡᠴᠡᠵᠦ᠂ ᠰᠡᠳᠬᠢᠯ ᠢᠶᠠᠨ  ᠨᠢᠭᠡᠳᠭᠡᠵᠦ ᠬᠦᠴᠦᠨ ᠢᠶᠠᠨ ᠬᠠᠮᠳᠣᠳᠬᠠᠨ ᠨᠠᠶᠢᠳᠠᠪᠣᠷᠢᠵᠢᠭᠤᠯᠣᠯᠳᠠ ᠶᠢ ᠠᠳᠬᠤᠵᠣ᠂ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠢᠶᠠᠷ ᠲᠣᠭᠳᠠᠭᠠᠭᠰᠠᠨ ᠬᠠᠷᠠᠯᠳᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠪᠦᠬᠦ ᠵᠢᠯ ᠤᠨ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠎ ᠢ 49.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 7%᠎ ᠪᠠᠷ ᠨᠡᠮᠡᠭᠳᠡᠪᠡ︔ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠶᠢ 2.59 ᠳ᠋ᠦᠩᠰᠢᠭᠤᠷ ᠲᠦᠬᠦᠷᠢᠭ ᠪᠡᠶᠡᠯᠡᠭᠦᠯᠵᠦ᠂ 39.3%᠎ ᠪᠠᠷ ᠨᠡᠮᠡᠭᠳᠡᠵᠦ᠂ ᠵᠢᠯ ᠎ ᠤᠨ ᠡᠬᠢᠨ ᠤ ᠬᠠᠷᠠᠯᠳᠠ ᠡᠭᠦᠷᠭᠡ ᠶᠢᠨ 130%᠎ ᠶᠢ ᠪᠡᠶᠡᠯᠡᠭᠦᠯᠪᠡ︔ ᠵᠠᠷᠢᠮ ᠲᠦᠷᠦᠯ ᠵᠦᠢᠯ ᠤᠨ ᠨᠦᠯᠦᠭᠡ ᠶᠢ ᠴᠢᠷᠮᠠᠶᠢᠨ ᠦᠭᠡᠶᠢᠰᠭᠡᠵᠦ᠂ ᠳᠠᠯᠳᠡ ᠬᠦᠴᠦᠨ ᠢ ᠬᠦᠨᠵᠡᠭᠡᠢ ᠠᠭᠤᠳᠠᠯᠠᠵᠣ᠂ ᠲᠣᠭᠳᠠᠮᠠᠯ ᠬᠦᠷᠦᠩᠭᠡ ᠶᠢᠨ ᠨᠡᠮᠡᠭᠳᠡᠯ ᠎ ᠤᠨ ᠬᠤᠷᠳᠣᠴᠠ ᠶᠢᠨ ᠪᠠᠭᠤᠷᠠᠯᠳᠠ ᠶᠢᠨ ᠬᠡᠮᠵᠢᠶ᠎ᠡ ᠲᠦᠷᠦᠬᠦᠦ ᠭᠤᠷᠪᠠᠨ ᠣᠯᠠᠷᠢᠯ ᠤᠨ ᠬᠢ ᠠᠴᠠ 14.3 ᠵᠠᠭᠤᠨ ᠤ ᠬᠤᠪᠢ ᠶᠢᠨ ᠴᠡᠭ ᠪᠠᠭᠠᠰᠴᠣ᠂ ᠪᠦᠬᠦ ᠵᠢᠯ ᠳᠤ ᠳᠠᠷᠣᠭᠠᠰᠣ ᠶᠢ ᠰᠦᠷᠦᠨ ᠣᠷᠣᠭᠰᠢᠯᠠᠵᠣ᠂ 12 ᠳ᠋ᠦᠩᠰᠢᠭᠤᠷ ᠲᠦᠭᠦᠷᠢᠭ ᠢ ᠪᠡᠶᠡᠯᠡᠭᠦᠯᠪᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠤᠷᠢ 47061 ᠲᠦᠬᠦᠷᠢᠭ ᠪᠡ 18084 ᠲᠦᠬᠦᠷᠢᠭ ᠪᠡᠶᠡᠯᠡᠬᠦᠯᠵᠦ᠂ 5.5% ᠪᠤᠯᠤᠨ 6.4%᠎ ᠪᠠᠷ ᠨᠡᠮᠡᠭᠳᠡᠪᠡ︔ ᠨᠡᠶᠢᠬᠡᠮ ᠤᠨ ᠭᠡᠷᠡᠭᠯᠡᠭᠡᠨ ᠤ ᠲᠡᠸᠡᠷ ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠭᠡᠢ ᠦᠨ᠎ᠡ ᠶᠢ 9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.5%᠎ ᠪᠠᠷ ᠨᠡᠮᠡᠭᠳᠡᠵᠦ᠂ ᠠᠵᠣ ᠠᠬᠤᠢ ᠶᠢᠨ ᠡᠷᠬᠢᠯᠳᠡ ︽ᠬᠡᠮᠵᠢᠶ᠎ᠡ︾᠎ ᠶᠢᠨ ᠪᠠᠳᠣᠯᠠᠭ᠎ᠠ ᠲᠠᠢ ᠮᠦᠷᠳᠡᠭᠡᠨ ︽ᠴᠢᠨᠠᠷ︾᠎ ᠤᠨ ᠳᠡᠭᠡᠭᠰᠢᠯᠡᠯᠳᠡ ᠲᠠᠢ ᠪᠣᠯᠵᠣ᠂ ᠠᠵᠣ ᠠᠬᠤᠢ ᠶᠢᠨ ᠬᠦᠭᠵᠢᠯᠳᠡ ᠵᠣᠬᠢᠰᠳᠠᠢ ᠪᠠᠶᠢᠬᠤ ᠶᠢ ᠪᠠᠳᠣᠯᠠᠪᠠ᠃      ᠨᠢᠬᠡ ᠵᠢᠯ ᠤᠨ ᠲᠤᠷᠰᠢ᠂ ᠪᠢᠳᠡ ᠪᠡᠯᠡ ᠣᠷᠣᠭᠤᠯᠣᠯᠳᠠ ᠶᠢ ᠨᠡᠮᠡᠭᠳᠡᠭᠦᠯᠵᠦ᠂ ᠠᠵᠣ ᠠᠬᠤᠶᠢᠯᠠᠯ ᠳᠤ ᠬᠠᠷᠠᠭᠠᠯᠵᠠᠯ ᠦᠵᠡᠭᠦᠯᠦᠨ ᠬᠡᠯᠬᠢᠶ᠎ᠡ ᠶᠢ ᠦᠷᠭᠦᠯᠵᠢᠯᠡᠭᠦᠯᠵᠦ᠂ ᠬᠦᠭᠵᠢᠯᠳᠡ ᠶᠢᠨ ᠬᠦᠳᠡᠯᠭᠡᠬᠦ ᠬᠦᠴᠦᠨ ᠢ ᠲᠦᠷᠭᠡᠨ ᠪᠦᠷᠢᠯᠳᠦᠭᠦᠯᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢᠨ ᠲᠤᠭ᠎ᠠ ᠬᠡᠮᠵᠢᠶ᠎ᠡ ᠪᠠ ᠶᠠᠰᠣ ᠴᠢᠨᠠᠷ ᠢ ᠵᠡᠷᠭᠡᠪᠡᠷ ᠳᠡᠭᠡᠭᠰᠢᠯᠡᠭᠦᠯᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠪᠡᠯᠡ ᠣᠷᠣᠭᠤᠯᠣᠯᠳᠠ ᠶᠢ ᠠᠬᠢᠭᠤᠯᠬᠤ᠂ ᠨᠡᠮᠡᠭᠳᠡᠯ ᠢ ᠲᠣᠭᠳᠠᠪᠣᠷᠢᠵᠢᠭᠤᠯᠬᠤ ᠶᠢᠨ ᠬᠦᠳᠡᠯᠭᠡᠬᠦ ᠬᠦᠴᠦᠨ ᠪᠣᠯᠭᠠᠬᠤ ᠶᠢ ᠪᠠᠷᠢᠮᠳᠠᠯᠠᠵᠣ᠂ ᠬᠤᠰᠢᠭᠤ ᠱᠠᠳᠣᠨ ᠤ ᠣᠳᠣᠷᠢᠳᠣᠯᠭ᠎ᠠ ᠳᠠᠭᠠᠭᠠᠴᠢᠯᠠᠨ ᠠᠬᠢᠭᠤᠯᠵᠣ᠂ 16 ᠰᠠᠯᠠᠭ᠎ᠠ ᠮᠦᠴᠢᠷ ᠲᠦᠪᠯᠡᠷᠡᠭᠦᠯᠦᠨ ᠬᠤᠯᠪᠣᠭᠠᠯᠠᠵᠣ ᠬᠢᠨᠠᠨ ᠵᠦᠪᠰᠢᠶᠡᠷᠡᠵᠦ᠂ ᠠᠶᠢᠮᠠᠭ ᠬᠤᠰᠢᠭᠤ ᠬᠤᠶᠠᠷ ᠱᠠᠳᠣᠨ ᠤ ᠭᠤᠣᠯᠳᠠᠯᠭ᠎ᠠ ᠲᠠᠢ 37 ᠲᠦᠷᠦᠯ ᠵᠦᠢᠯ ᠢ ᠴᠠᠭ ᠲᠣᠬᠠᠢ ᠳᠤᠨᠢ ᠠᠵᠢᠯ ᠡᠬᠢᠯᠡᠭᠦᠯᠵᠦ ᠪᠦᠲᠦᠭᠡᠨ ᠪᠠᠶᠢᠭᠤᠯᠵᠣ᠂ ᠠᠵᠣ ᠠᠬᠤᠢ ᠶᠢᠨ ᠨᠡᠮᠡᠭᠳᠡᠯ ᠢ ᠳᠠᠶᠢᠴᠢᠯᠠᠬᠤ ᠳᠤ ᠰᠢᠨ᠎ᠡ ᠬᠦᠳᠡᠯᠭᠡᠬᠦ ᠬᠦᠴᠦᠨ ᠨᠡᠮᠡᠪᠡ᠃ 3 ᠲᠣᠰᠬᠠᠢ ᠲᠦᠷᠦᠯ ᠤᠨ ᠦᠷᠢ ᠰᠢᠷᠢ ᠶᠢᠨ ᠲᠦᠷᠦᠯ ᠵᠦᠢᠯ ᠨᠢ ᠣᠯᠣᠰ ᠎ ᠤᠨ ᠦᠭᠡᠷᠡᠴᠢᠯᠡᠯᠳᠡ ᠪᠡ ᠬᠦᠭᠵᠢᠭᠦᠯᠦᠯᠳᠡ ᠶᠢᠨ ᠵᠦᠪᠯᠡᠯ ᠤᠨ ᠬᠢᠨᠠᠨ ᠬᠠᠷᠭᠤᠭᠤᠯᠳᠠ ᠪᠠᠷ ᠪᠠᠳᠣᠯᠠᠭᠳᠠᠵᠣ᠂ 7800 ᠲᠦᠮᠡᠨ ᠲᠦᠭᠦᠷᠢᠭ ᠤᠨ ᠪᠡᠯᠡ ᠮᠦᠩᠭᠦ ᠶᠢ ᠨᠠᠶᠢᠳᠠᠪᠣᠷᠢᠵᠢᠭᠤᠯᠪᠠ᠃ ᠠᠷᠠᠳ ᠤᠨ ᠬᠤᠭᠤᠷᠣᠨᠳᠣᠬᠢ ᠪᠡᠯᠡ ᠣᠷᠣᠭᠤᠯᠣᠯᠳᠠ᠂ ᠠᠵᠣ ᠦᠢᠯᠡᠳᠪᠦᠷᠢ ᠶᠢᠨ ᠪᠡᠯᠡ ᠣᠷᠣᠭᠤᠯᠣᠯᠳᠠ ᠲᠣᠰᠪᠦᠷᠢ 324% ᠪᠠ 5.5%᠎ ᠪᠠᠷ ᠨᠡᠮᠡᠭᠳᠡᠪᠡ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠠᠵᠢᠯ ᠢ ᠰᠠᠶᠢᠳᠣᠷ ᠠᠬᠢᠭᠤᠯᠪᠠ᠃ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠭᠡᠨ ᠠᠴᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠣ᠂ ᠲᠣᠰᠬᠠᠢ ᠠᠩᠭᠢ ᠪᠦᠷᠢᠯᠳᠦᠭᠦᠯᠵᠦ᠂ ᠬᠤᠳᠠᠯᠳᠤᠭ᠎ᠠ ᠎ ᠪᠠᠷ ᠠᠷᠠᠯᠵᠢᠶᠠᠴᠢᠨ ᠣᠷᠢᠬᠤ᠂ ᠠᠵᠣ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠣᠷᠢᠬᠤ ᠳᠤ ᠴᠦᠮ ᠢᠳᠡᠪᠬᠢᠳᠠᠢ ᠣᠷᠣᠯᠴᠠᠵᠣ᠂ ︽ᠪᠣᠬᠢᠷᠳᠣᠯ ᠦᠭᠡᠢ ᠴᠠᠬᠢᠯᠭᠠᠨ + ᠲᠡᠷᠢᠭᠦᠨ ᠤ ᠰᠢᠯᠢᠳᠡᠭ ᠠᠴᠢᠶᠠᠯᠠᠬᠤ ᠴᠢᠳᠠᠪᠣᠷᠢ︾ ᠪᠣᠯᠣᠨ ︽ᠭᠤᠷᠪᠠᠳᠣᠭᠠᠷ ᠬᠤᠭᠤᠴᠠᠭᠠᠨ ᠤ ᠵᠢᠷᠦᠭᠡ ᠪᠣᠬᠢᠷᠳᠣᠯ ᠦᠭᠡᠢ ᠰᠢᠨ᠎ᠡ ᠡᠨᠧᠷᠬᠢ + ᠠᠵᠣ ᠦᠢᠯᠡᠰ︾᠎ ᠤᠨ ᠠᠷᠠᠯᠵᠢᠶᠠᠴᠢᠨ ᠣᠷᠢᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠳᠠᠳᠠᠢ ᠡᠷᠬᠢᠯᠡᠵᠦ᠂ ᠪᠦᠬᠦ ᠵᠢᠯ ᠳᠤ 101 ᠠᠵᠣ ᠠᠬᠤᠶᠢᠯᠠᠯ ︵ᠣᠳᠠᠭ᠎ᠠ︶  ᠎ ᠢ ᠵᠣᠯᠭᠠᠭᠤᠯᠵᠣ᠂ 20 ᠬᠤᠪᠢ ᠬᠡᠯᠡᠯᠴᠡᠭᠡᠷ ᠲᠣᠭᠳᠠᠵᠣ᠂ 229 ᠳ᠋ᠦᠩᠰᠢᠭᠤᠷ ᠲᠦᠭᠦᠷᠢᠭ ᠤᠨ ᠬᠡᠷ᠎ᠡ ᠲᠣᠭᠳᠠᠵᠣ᠂ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠪᠦᠬᠦ ᠲᠠᠯ᠎ᠠ ᠳᠤ ᠬᠦᠴᠦᠨ ᠴᠢᠳᠠᠯ ᠬᠤᠷᠠᠮᠳᠣᠭᠤᠯᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠲᠡᠭᠦᠯᠳᠡᠷ ᠪᠠᠶᠢᠨ᠎ᠠ᠃ ᠭᠠᠶᠢᠯᠢ ᠶᠢ ᠪᠣᠴᠠᠭᠠᠵᠣ ᠭᠠᠶᠢᠯᠢ ᠶᠢ ᠪᠠᠭᠠᠰᠬᠠᠨ ᠰᠦᠢᠳᠭᠡᠯ ᠢ ᠪᠠᠭᠤᠷᠠᠭᠤᠯᠬᠤ᠂ ᠠᠵᠢᠯ ᠤᠨ ᠪᠠᠶᠢᠷᠢ ᠶᠢ ᠲᠣᠭᠳᠠᠪᠣᠷᠢᠵᠢᠭᠤᠯᠣᠨ ᠨᠦᠬᠦᠪᠦᠷᠢ ᠦᠭᠬᠦ ᠵᠡᠷᠭᠡ ᠠᠵᠣ ᠠᠬᠤᠢ ᠶᠢ ᠲᠣᠭᠳᠠᠪᠣᠷᠢᠵᠢᠭᠤᠯᠬᠤ ᠲᠦᠷᠦ ᠶᠢᠨ ᠪᠣᠳᠣᠯᠭ᠎ᠠ ᠎ ᠶᠢᠨ ᠠᠷᠭ᠎ᠠ ᠬᠡᠮᠵᠢᠶ᠎ᠡ ᠶᠢ ᠬᠦᠨᠵᠡᠭᠡᠢ ᠨᠠᠶᠢᠳᠠᠪᠣᠷᠢᠵᠢᠭᠤᠯᠵᠣ᠂ ᠵᠠᠰᠠᠭ ᠪᠠᠩᠭᠢ ᠠᠵᠣ ᠠᠬᠤᠶᠢᠯᠠᠯ ᠢ ᠵᠣᠯᠭᠠᠭᠤᠯᠬᠤ ᠠᠵᠢᠯ ᠢ ᠪᠠᠶᠢᠩᠭᠤ ᠶᠢᠨ ᠴᠢᠨᠠᠷᠳᠠᠢ ᠨᠠᠷᠢᠯᠢᠭ ᠣᠨᠣᠪᠴᠢᠳᠠᠢ ᠦᠷᠨᠢᠭᠦᠯᠵᠦ᠂ ᠠᠵᠣ ᠠᠬᠤᠶᠢᠯᠠᠯ ᠤᠨ ᠦᠪᠡᠷ ᠤᠨ ᠦᠷᠳᠡᠭ ᠢ ᠬᠠᠮᠤᠭ ᠶᠡᠭᠡ ᠬᠡᠮᠵᠢᠶᠡᠨ ᠳᠤ ᠪᠠᠭᠤᠷᠠᠭᠤᠯᠵᠣ ᠦᠷ᠎ᠡ ᠠᠰᠢᠭ ᠢ ᠨᠡᠮᠡᠭᠳᠡᠭᠦᠯᠪᠡ᠃ ᠭᠠᠶᠢᠯᠢ ᠶᠢ ᠬᠦᠩᠭᠡᠯᠡᠵᠦ ᠰᠦᠢᠳᠭᠡᠯ ᠢ ᠪᠠᠭᠤᠷᠠᠭᠤᠯᠬᠤ ᠳᠤ 3610 ᠲᠦᠮᠡᠨ ᠲᠦᠭᠦᠷᠢᠭ ᠵᠠᠷᠣᠴᠠᠭᠤᠯᠵᠣ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠵᠢᠭᠡᠯᠡᠯᠭᠡ ᠶᠢᠨ ᠦᠯᠡᠳᠡᠪᠦᠷᠢ 17.6%᠎ ᠪᠠᠷ ᠨᠡᠮᠡᠭᠳᠡᠵᠦ᠂ ᠪᠠᠭ᠎ᠠ ᠵᠢᠵᠢᠭ ᠠᠵᠣ ᠠᠬᠤᠶᠢᠯᠠᠯ ᠳᠤ ᠲᠠᠯᠪᠢᠭᠰᠠᠨ ᠵᠢᠭᠡᠯᠡᠯᠭᠡ 19%᠎ ᠪᠠᠷ ᠨᠡᠮᠡᠭᠳᠡᠪᠡ᠃ ︽ᠲᠠᠷᠠᠬᠠᠢ ᠪᠣᠳᠠᠷᠬᠠᠢ ᠬᠤᠳᠠᠯᠳᠣᠭᠠᠴᠢᠳ ᠢ ᠵᠠᠬ᠎ᠠ ᠳᠡᠯᠭᠡᠭᠦᠷ ᠲᠤ ᠣᠷᠣᠭᠤᠯᠣᠨ ᠲᠦᠪᠯᠡᠷᠡᠭᠦᠯᠦᠨ ᠡᠵᠡᠩᠨᠡᠯᠳᠡ ᠬᠢᠯᠬᠡᠬᠦ︾ ︽ᠬᠤᠪᠢ ᠶᠢᠨ ᠡᠵᠡᠩᠨᠡᠯᠳᠡ ᠠᠴᠠ ᠠᠵᠣ ᠠᠬᠤᠶᠢᠯᠠᠯ ᠳᠡᠰᠢ ᠬᠤᠪᠢᠷᠠᠭᠤᠯᠬᠤ︾ ︽ᠳᠣᠮᠳᠠ ᠪᠠᠭ᠎ᠠ ᠠᠵᠣ ᠠᠬᠤᠶᠢᠯᠠᠯ ᠤᠨ ᠬᠡᠯᠪᠡᠷᠢ ᠶᠢ ᠨᠢ ᠬᠤᠪᠢᠷᠠᠭᠤᠯᠣᠨ ᠬᠡᠪᠴᠢᠶᠡᠵᠢᠯ ᠠᠴᠠ ᠳᠡᠭᠡᠭᠰᠢᠬᠢ ᠠᠵᠣ ᠠᠬᠤᠶᠢᠯᠠᠯ ᠪᠣᠯᠭᠠᠬᠤ︾ ᠠᠵᠢᠯ ᠢ ᠢᠳᠡᠪᠬᠢᠳᠠᠢ ᠠᠬᠢᠭᠤᠯᠵᠣ ᠂ ᠵᠠᠬ᠎ᠠ ᠳᠡᠯᠭᠡᠭᠦᠷ ᠤᠨ ᠭᠤᠣᠯ ᠴᠣᠭᠴᠠ 1084 ᠡᠷᠦᠭᠡ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠎ ᠶᠢᠨ ᠠᠵᠣ ᠠᠬᠤᠶᠢᠯᠠᠯ 3 ᠡᠷᠦᠭᠡ ᠶᠢ ᠰᠢᠨ᠎ᠡ ᠪᠠᠷ ᠨᠡᠮᠡᠵᠦ᠂ 3 ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ ᠶᠢ ᠠᠵᠣ ᠠᠬᠤᠶᠢᠯᠠᠯ ᠪᠣᠯᠭᠠᠨ ᠳᠡᠰ ᠳᠡᠪᠰᠢᠭᠦᠯᠵᠦ᠂ ᠠᠯᠳᠠ ᠵᠡᠰ ᠬᠤᠶᠠᠷ ᠠᠭᠤᠷᠬᠠᠢ ᠶᠢᠨ ᠠᠵᠢᠯ ᠢ ᠭᠠᠳᠠᠭᠰᠢ ᠨᠠᠶᠢᠳᠠᠵᠣ ᠪᠠᠶᠢᠭᠰᠠᠨ ᠠᠴᠠ ᠦᠪᠡᠷᠳᠡᠭᠡᠨ ᠮᠠᠯᠳᠠᠬᠤ ᠪᠣᠯᠵᠣ᠂ ᠪᠦᠬᠦ ᠬᠤᠰᠢᠭᠤᠨ ᠤ ᠪᠦᠬᠦᠶᠢᠯᠡ ᠭᠠᠶᠢᠯᠢ ᠎ ᠶᠢᠨ ᠣᠷᠣᠯᠭ᠎ᠠ 58.8%᠎ ᠪᠠᠷ ᠨᠡᠮᠡᠭᠳᠡᠪᠡ᠃       ᠨᠢᠭᠡ ᠵᠢᠯ ᠤᠨ ᠲᠣᠷᠰᠢ᠂ ᠪᠢᠳᠡ ᠴᠢᠨᠠᠷ ᠪᠣᠯᠣᠨ ᠦᠷ᠎ᠡ ᠠᠰᠢᠭ ᠢ ᠵᠡᠷᠭᠡᠪᠡᠷ ᠴᠢᠬᠤᠯᠠᠴᠢᠯᠠᠵᠣ᠂ ᠪᠣᠬᠢᠷᠳᠣᠯ ᠦᠭᠡᠢ ᠳᠡᠰᠢ ᠬᠦᠭᠵᠢᠭᠦᠯᠵᠦ᠂ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠪᠡ᠃ ᠰᠢᠨ᠎ᠡ ᠡᠨᠧᠷᠬᠢ ᠶᠢᠨ ᠠᠵᠣ ᠦᠢᠯᠡᠰ ᠤᠨ ᠣᠳᠣᠬᠢᠴᠢᠯᠠᠯᠳᠠ᠂ ᠰᠦᠷᠦᠭᠵᠢᠯᠳᠡ᠂ ᠠᠭᠤᠰᠣᠯᠴᠠᠭᠤᠯᠣᠯᠳᠠ ᠨᠢ ᠰᠢᠨ᠎ᠡ ᠬᠦᠭᠵᠢᠯᠳᠡ ᠶᠢᠨ ᠱᠠᠳᠣᠨ ᠳᠤ ᠣᠷᠣᠪᠠ᠃ ᠰᠠᠯᠬᠢᠨ ᠬᠦᠴᠦᠨ ᠤ ᠴᠠᠬᠢᠯᠭᠠᠨ ᠪᠣᠯᠣᠨ ᠨᠠᠷᠠᠨ ᠤ ᠡᠨᠧᠷᠬᠢ ᠶᠢᠨ ᠴᠠᠬᠢᠯᠭᠠᠨ ᠤ ᠠᠵᠣ ᠦᠢᠯᠡᠰ ᠬᠦᠴᠦᠷᠭᠡᠭᠵᠢᠪᠡ᠃ ᠭᠥᠸᠧ ᠲᠢᠶᠠᠨ ᠵᠢᠷᠦᠭᠡ 10 ᠰᠠᠶ᠎ᠠ ᠸᠠᠲ ᠤᠨ ︽ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ + ᠬᠠᠮᠳᠣ ᠶᠢᠨ ᠠᠵᠣ ᠠᠬᠤᠢ︾᠎ ᠶᠢᠨ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ ᠵᠢᠶᠠ ᠰᠢᠩ ᠤᠨ ᠢᠦᠢ ᠱᠦ ᠲᠣᠰᠬᠤᠨ ᠤ 800 ᠺᠢᠯᠣᠸᠠᠲ ᠤᠨ ᠲᠠᠷᠬᠠᠯᠳᠠ ᠶᠢᠨ ᠬᠡᠯᠪᠡᠷᠢ ᠲᠠᠢ ᠨᠠᠷᠠᠨ ᠤ ᠡᠨᠧᠷᠬᠢ ᠶᠢᠨ ᠴᠠᠬᠢᠯᠭᠠᠨ᠂ ᠬᠤᠸᠠ ᠶᠧᠦ ᠡᠷᠢᠶᠡᠨ ᠺᠣᠮᠫᠠᠨᠢ ᠶᠢᠨ 0.8 ᠲᠦᠮᠡᠨ ᠺᠢᠯᠣᠸᠠᠲ ᠎ ᠤᠨ ᠪᠦᠬᠦ ᠲᠤᠭ᠎ᠠ ᠪᠠᠷ ᠨᠢ ᠦᠪᠡᠷᠳᠡᠭᠡᠨ ᠴᠠᠬᠢᠯᠭᠠᠨ ᠬᠠᠩᠭᠠᠨ ᠦᠪᠡᠷᠳᠡᠭᠡᠨ ᠬᠡᠷᠡᠭᠯᠡᠬᠦ ᠵᠡᠷᠭᠡ ᠨᠢᠭᠡ ᠪᠦᠯᠦᠭ ᠰᠢᠨ᠎ᠡ ᠡᠨᠧᠷᠬᠢ ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠣᠷᠢ 116.14 ᠲᠦᠮᠡᠨ ᠺᠢᠯᠣᠸᠠᠲ ᠲᠤ ᠬᠦᠷᠴᠦ᠂ ᠪᠦᠬᠦ ᠵᠢᠯ ᠳᠤ 25.5 ᠳ᠋ᠦᠩᠰᠢᠭᠤᠷ ᠭᠷᠠᠳᠦ᠋ᠰ ᠴᠠᠬᠢᠯᠭᠠᠨ ᠬᠠᠩᠭᠠᠵᠣ᠂ 24.6%᠎ ᠪᠠᠷ ᠨᠡᠮᠡᠭᠳᠡᠵᠦ᠂ ᠰᠦᠷᠦᠭᠵᠢᠯ ᠤᠨ ᠦᠷ᠎ᠡ ᠠᠰᠢᠭ ᠡᠳᠦᠷ ᠢᠷᠡᠭᠦᠶ᠎ᠡ ᠲᠣᠪᠣᠶᠢᠮ᠎ᠠ ᠪᠣᠯᠪᠠ᠃ ᠰᠢᠨ᠎ᠡ ᠪᠠᠷ ᠲᠡᠮᠡᠴᠡᠨ ᠣᠯᠣᠭᠰᠠᠨ ᠰᠠᠯᠬᠢᠨ ᠬᠦᠴᠦᠨ ᠪᠠ ᠨᠠᠷᠠᠨ ᠤ ᠡᠨᠧᠷᠬᠢ ᠶᠢᠨ ᠴᠠᠬᠢᠯᠭᠠᠨ ᠎ ᠤ ᠲᠦᠷᠦᠯ ᠵᠦᠢᠯ ᠤᠨ ᠭᠦᠢᠴᠡᠳᠭᠡᠯ ᠲᠤᠭ᠎ᠠ ᠵᠠᠭᠤᠨ ᠲᠦᠮᠡ ᠶᠢ ᠳᠠᠪᠠᠵᠣ᠂ ᠰᠢᠨ᠎ᠡ ᠡᠨᠧᠷᠬᠢ ᠶᠢᠨ ᠵᠠᠬ᠎ᠠ ᠳᠡᠯᠭᠡᠭᠦᠷ ᠎ ᠢ ᠨᠡᠭᠡᠭᠡᠨ ᠠᠰᠢᠭᠯᠠᠬᠤ ᠬᠠᠨᠳᠣᠰᠢ ᠮᠠᠰᠢ ᠰᠠᠶᠢᠨ ᠪᠠᠶᠢᠨ᠎ᠠ᠃ ︽ᠪᠣᠬᠢᠷᠳᠣᠯ ᠦᠭᠡᠢ ᠴᠠᠬᠢᠯᠭᠠᠨ +  ᠴᠢᠨᠠᠷ ᠰᠠᠶᠢᠳᠠᠢ ᠦᠨᠳᠦᠷ ᠠᠴᠢᠶᠠᠯᠠᠬᠤ ᠴᠢᠳᠠᠪᠣᠷᠢ︾᠎ ᠶᠢᠨ ᠲᠣᠬᠢᠶᠠᠯ ᠢ ᠠᠳᠬᠤᠨ  ᠬᠦᠭᠵᠢᠭᠦᠯᠬᠦ ᠠᠷᠭ᠎ᠠ ᠪᠣᠳᠣᠯᠭ᠎ᠠ ᠶᠢ ᠰᠦᠪᠡᠭᠴᠢᠯᠡᠪᠡ᠃ 3 ᠲᠡᠮᠦᠷ ᠤᠨ ᠬᠠᠶᠢᠯᠣᠰᠢ ᠶᠢᠨ ᠲᠦᠷᠦᠯ ᠵᠦᠢᠯ ᠦᠪᠡᠷᠳᠡᠭᠡᠨ ᠵᠠᠰᠠᠬᠤ ᠣᠷᠣᠨ ᠤ ᠦᠨᠡᠯᠡᠨ ᠵᠢᠱᠢᠯᠳᠡ ᠶᠢ ᠳᠠᠮᠵᠢᠨ ᠪᠠᠳᠣᠯᠠᠭᠳᠠᠵᠣ᠂ ᠲᠦᠷᠦ ᠶᠢᠨ ᠪᠣᠳᠣᠯᠭ᠎ᠠ ᠳᠤ ᠬᠠᠮᠣᠷᠣᠭᠳᠠᠪᠠ᠃ ᠵᠢᠯ ᠤᠨ ᠭᠠᠷᠣᠯᠳᠠ 10 ᠲᠦᠮᠡᠨ ᠲᠣᠨ ᠬᠦᠷᠬᠦ ᠪᠢᠯᠢᠭ ᠲᠣᠶᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠰᠢᠨ ᠮᠧᠩ ᠰᠢᠨ ᠮᠠᠲ᠋ᠧᠷᠢᠶᠠᠯ᠂ ᠬᠤᠸᠠ ᠰᠢᠩ ᠠᠵᠣ ᠦᠢᠯᠡᠰ ᠤᠨ ᠬᠠᠶᠠᠭᠳᠠᠮᠠᠯ ᠭᠡᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠪᠠᠶᠢᠭᠤᠯᠵᠣ ᠳᠠᠭᠤᠰᠬᠠᠨ ᠠᠰᠢᠭᠯᠠᠯᠳᠠ ᠳᠤ ᠣᠷᠣᠭᠤᠯᠵᠣ᠂ ︽ᠭᠠᠳᠠᠭᠰᠢᠯᠠᠭᠤᠯᠣᠯᠳᠠ ᠎ ᠶᠢ ᠪᠠᠭᠠᠰᠬᠠᠨ ᠨᠡᠭᠦᠷᠡᠰᠦᠳᠦ᠋ᠷᠦᠭᠴᠢ ᠶᠢ ᠪᠠᠭᠠᠰᠬᠠᠬᠤ︾ ᠢᠳᠡᠪᠬᠢᠳᠠᠢ ᠠᠬᠢᠴᠠ ᠲᠠᠢ ᠪᠣᠯᠪᠠ᠃ 20 ᠲᠦᠮᠡᠨ ᠺᠢᠯᠣᠸᠠᠲ ᠤᠨ ᠴᠠᠬᠢᠯᠭᠠᠨ ᠲᠣᠣᠷ ᠤᠨ ᠪᠡᠶ᠎ᠡ ᠪᠠᠨ ᠳᠠᠭᠠᠭᠰᠠᠨ ᠡᠨᠧᠷᠬᠢ ᠨᠦᠭᠡᠴᠡᠯᠡᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠭᠦᠢᠴᠡᠳᠭᠡᠯ ᠲᠤᠭ᠎ᠠ ᠵᠦᠪᠰᠢᠶᠡᠷᠡᠯ ᠣᠯᠵᠣ᠂ ᠪᠦᠬᠦ ᠣᠷᠣᠨ ᠤ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠲᠦᠷᠦᠯ ᠵᠦᠢᠯ ᠳᠤ ᠲᠦᠷᠭᠡᠨ ᠣᠷᠣᠪᠠ᠃ ᠲᠣᠨᠣᠭᠯᠠᠯ ᠦᠢᠯᠡᠳᠬᠦ ᠠᠵᠣ ᠦᠢᠯᠡᠰ ᠪᠡᠯᠡᠳᠭᠡᠯ ᠲᠠᠢ ᠪᠠᠷ ᠣᠷᠣᠭᠰᠢᠯᠠᠪᠠ᠃ ᠪᠦᠬᠦ ᠣᠯᠣᠰ ᠤᠨ ᠣᠳᠣᠬᠠᠨ ᠤ ᠡᠭᠡ ᠬᠠᠭᠤᠷᠠᠢ ᠳᠡᠭᠡᠷᠡᠬᠢ ᠰᠠᠯᠬᠢᠨ ᠬᠦᠷᠳᠦᠨ ᠤ ᠰᠡᠩᠰᠡᠨ ᠤ ᠣᠷᠳᠣ ᠪᠠᠷ ᠨᠢᠭᠡᠳᠦᠭᠡᠷ ᠲᠤ ᠣᠷᠣᠬᠤ ︽ᠰᠠᠨ ᠢ ᠺᠣᠮᠫᠠᠨᠢ ᠶᠢᠨ ᠪᠣᠬᠢᠷᠳᠣᠯ ᠦᠭᠡᠢ ᠣᠶᠣᠨᠴᠢ ᠪᠠᠷ ᠦᠢᠯᠡᠳᠬᠦ ᠠᠵᠣ ᠦᠢᠯᠡᠰ ᠤᠨ ᠲᠣᠭᠤᠷᠢᠭ︾ ᠵᠠᠭᠤᠨ ᠡᠳᠦᠷ ᠲᠤ ᠠᠵᠢᠯ ᠡᠬᠢᠯᠡᠭᠦᠯᠬᠦ ᠶᠢ ᠪᠡᠶᠡᠯᠡᠭᠦᠯᠵᠦ᠂ ᠪᠦᠬᠦ ᠠᠶᠢᠮᠠᠭ ᠤᠨ ᠦᠵᠦᠭᠦᠷ ᠳᠡᠰ ᠤᠨ ᠰᠠᠯᠬᠢᠨ ᠬᠦᠴᠦᠨ ᠤ ᠮᠠᠰᠢᠨ ᠴᠣᠭᠴᠠᠯᠠᠪᠣᠷᠢ ᠶᠢ ᠦᠢᠯᠡᠳᠬᠦ ᠬᠤᠭᠤᠰᠣᠨ ᠢ ᠨᠦᠬᠦᠪᠦᠷᠢᠯᠡᠪᠡ᠃ ᠵᠦᠩ ᠴᠠ ᠰᠢᠨ᠎ᠡ ᠡᠨᠧᠷᠬᠢ ᠶᠢᠨ ᠬᠦᠨᠳᠦ ᠠᠵᠣ ᠦᠢᠯᠡᠳᠪᠦᠷᠢ ᠶᠢᠨ ᠴᠠᠬᠢᠯᠭᠠᠨ ᠬᠦᠳᠡᠯᠭᠡᠭᠦᠷᠲᠦ ᠣᠶᠣᠨᠴᠢ ᠢᠨᠵᠧᠨᠧᠷᠢᠩ ᠤᠨ ᠲᠣᠨᠣᠭᠯᠠᠯ ᠦᠢᠯᠡᠳᠬᠦ ᠲᠦᠷᠦᠯ ᠵᠦᠢᠯ ᠲᠣᠰ ᠵᠢᠯ ᠳᠡᠭᠡᠨ ᠠᠵᠢᠯ ᠡᠬᠢᠯᠡᠭᠦᠯᠦᠨ᠂ ᠠᠵᠢᠯ ᠢᠶᠠᠨ ᠳᠠᠭᠤᠰᠬᠠᠵᠣ᠂ ᠠᠰᠢᠭᠯᠠᠯᠳᠠ ᠳᠤ ᠣᠷᠣᠭᠤᠯᠬᠤ ᠶᠢ ᠴᠦᠮ ᠪᠡᠶᠡᠯᠡᠭᠦᠯᠵᠦ᠂ ᠰᠢᠨ᠎ᠡ ᠡᠨᠧᠷᠬᠢ ᠶᠢᠨ ᠬᠡᠯᠬᠢᠶ᠎ᠡ ᠦᠵᠦᠭᠦᠷ ᠳᠡᠰ ᠳᠡᠰᠢ ᠦᠷᠭᠦᠯᠵᠢᠯᠡᠬᠦ ᠶᠢ ᠠᠬᠢᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠬᠦᠴᠢᠷ ᠢ ᠳᠠᠪᠠᠨ ᠣᠷᠣᠭᠰᠢᠯᠠᠪᠠ᠃ ᠬᠡᠪᠴᠢᠶᠡᠵᠢᠯ ᠠᠴᠠ ᠳᠡᠭᠡᠭᠰᠢᠬᠢ 23 ᠠᠵᠣ ᠦᠢᠯᠡᠳᠪᠦᠷᠢ ᠶᠢᠨ ᠠᠵᠣ ᠠᠬᠤᠶᠢᠯᠠᠯ 32.5 ᠳ᠋ᠦᠩᠰᠢᠭᠤᠷ ᠲᠦᠭᠦᠷᠢᠭ ᠤᠨ ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠵᠦ᠂ 13.8% ᠎ ᠪᠠᠷ ᠨᠡᠮᠡᠭᠳᠡᠵᠦ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠣᠴᠠ ᠠᠳᠠᠯᠢ ᠬᠤᠭᠤᠴᠠᠭᠠᠨ ᠤ ᠬᠢ ᠠᠴᠠ 10.3%᠎ ᠪᠠᠷ ᠦᠰᠪᠡ᠃ ᠶᠢᠨ ᠰᠢ ᠠᠯᠳᠠᠨ ᠤ ᠠᠭᠤᠷᠬᠠᠢ ᠦᠢᠯᠡᠳᠪᠦᠷᠢᠯᠡᠯ ᠢᠶᠠᠨ ᠦᠷᠭᠡᠳᠭᠡᠨ ᠦᠷ᠎ᠡ ᠠᠰᠢᠭ ᠢᠶᠠᠨ ᠨᠡᠮᠡᠭᠳᠡᠭᠦᠯᠵᠦ᠂ ᠦᠢᠯᠡᠳᠪᠦᠷᠢᠯᠡᠯ ᠤᠨ ᠦᠷᠳᠡᠭ ᠢᠶᠠᠨ ᠵᠢᠯ ᠤᠨ ᠡᠬᠢᠨ ᠤ ᠲᠦᠯᠦᠪᠯᠡᠭᠡ ᠠᠴᠠ ᠲᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠢᠯᠢᠭᠡ ᠠᠭᠤᠷᠬᠠᠢ ᠶᠢᠨ ᠲᠣᠭᠤᠷᠢᠭ ᠬᠠᠶᠢᠨ ᠰᠢᠨᠵᠢᠯᠡᠵᠦ ᠪᠠᠶᠢᠭᠰᠠᠨ ᠠᠴᠠ ᠪᠠᠨ ᠨᠡᠭᠡᠭᠡᠨ ᠠᠰᠢᠭᠯᠠᠬᠤ ᠪᠣᠯᠣᠭᠰᠠᠨ ᠭᠠᠷ ᠭᠦᠢᠴᠡᠳᠭᠡᠯ ᠢᠶᠠᠨ ᠠᠮᠵᠢᠯᠳᠠᠳᠠᠢ ᠭᠦᠢᠴᠡᠳᠭᠡᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠣ ᠠᠬᠤᠢ ᠶᠢᠨ ᠳᠠᠪᠠᠭᠤᠯᠢᠭ ᠪᠣᠯᠭᠠᠬᠤ ᠶᠢ ᠣᠯᠠᠮ ᠨᠢᠭᠡ ᠠᠯᠬᠤᠮ ᠠᠬᠢᠭᠤᠯᠪᠠ᠃ ᠵᠢᠩ ᠳ᠋ᠦᠩ ᠹᠠᠩ ᠣᠶᠣᠨᠳᠣ ᠡᠨᠧᠷᠬᠢ ᠶᠢᠨ 20 ᠲᠦᠮᠡᠨ ᠺᠢᠯᠣᠸᠠᠲ ᠤᠨ ᠨᠠᠷᠠᠨ ᠤ ᠡᠨᠧᠷᠬᠢ ᠨᠦᠭᠡᠴᠡᠯᠡᠬᠦ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠲᠦᠷᠦᠯ ᠵᠦᠢᠯ ᠢ ᠲᠣᠭᠳᠠᠭᠰᠠᠨ ᠬᠤᠭᠤᠴᠠᠭᠠᠨ ᠳᠠᠭᠠᠨ ᠲᠦᠯᠦᠪᠵᠢᠭᠦᠯᠭᠡ ᠳᠤ ᠣᠷᠣᠭᠤᠯᠣᠨ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 3.6 ᠵᠠᠭᠤᠨ ᠤ ᠬᠤᠪᠢ ᠶᠢᠨ ᠴᠡᠭ ᠎ ᠢᠶᠠᠷ ᠳᠡᠭᠡᠭᠰᠢᠯᠡᠭᠦᠯᠪᠡ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠣᠴᠠ ᠢᠶᠠᠷ ᠪᠦᠬᠦ ᠠᠶᠢᠮᠠᠭ ᠲᠤ ᠵᠢᠷᠭᠤᠳᠣᠭᠠᠷ ᠲᠤ ᠣᠷᠣᠪᠠ᠃ ᠮᠠᠯ ᠠᠵᠣ ᠠᠬᠤᠢ ᠶᠢᠨ ᠨᠡᠷ᠎ᠡ ᠲᠡᠮᠳᠡᠭᠵᠢᠯᠳᠡ᠂ ᠬᠡᠪᠴᠢᠶᠡᠵᠢᠭᠦᠯᠦᠯᠳᠡ᠂ ᠠᠵᠣ ᠦᠢᠯᠡᠰᠵᠢᠯᠳᠡ ᠰᠢᠨ᠎ᠡ ᠰᠢᠪᠳᠣᠯᠣᠯᠳᠠ ᠶᠢ ᠪᠡᠶᠡᠯᠡᠭᠦᠯᠪᠡ᠃ ᠨᠡᠷᠡᠲᠦ ᠲᠡᠮᠳᠡᠭ ᠤᠨ ᠳᠠᠭᠠᠭᠤᠯᠭ᠎ᠠ ᠪᠠᠷ ᠮᠠᠯ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠬᠦᠭᠵᠢᠭᠦᠯᠵᠦ᠂ ︽ᠰᠦᠨᠢᠳ ᠢᠩᠭᠡᠨ ᠤ ᠰᠦ︾᠎ ᠶᠢ ᠪᠦᠬᠦ ᠣᠯᠣᠰ ᠤᠨ ᠨᠡᠷᠡᠲᠦ ᠣᠨᠴᠠᠯᠢᠭᠳᠣ ᠰᠢᠯᠢᠳᠡᠭ ᠮᠠᠯ ᠤᠨ ᠠᠰᠢᠭ ᠰᠢᠮ᠎ᠡ ᠶᠢᠨ ᠨᠡᠷᠡᠰ ᠤᠨ ᠳᠡᠮᠳᠡᠭᠯᠡᠯ ᠳᠤ ᠣᠷᠣᠭᠤᠯᠵᠣ᠂ ᠶᠠᠩ ᠶᠠᠩ ᠮᠠᠯᠵᠢᠯ ᠤᠨ ᠦᠢᠯᠡᠰ᠂ ᠮᠧᠩ ᠭᠥᠸᠧ ᠯᠧ ᠮᠢᠬᠠᠨ ᠤ ᠦᠢᠯᠡᠰ ᠦᠪᠡᠷᠳᠡᠭᠡᠨ ᠵᠠᠰᠠᠬᠤ ᠣᠷᠣᠨ ᠤ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ︽ᠦᠪᠦᠷ ᠮᠣᠩᠭᠤᠯ︾ ᠱᠣᠰᠢᠭ᠎ᠠ ᠳᠡᠮᠳᠡᠭ ᠤᠨ ᠬᠡᠷᠡᠴᠢᠯᠡᠭᠡ ᠶᠢ ᠬᠦᠷᠳᠡᠵᠦ᠂ ᠮᠧᠩ ᠭᠥᠸᠧ ᠯᠧ ᠮᠢᠬᠠᠨ ᠤ ᠦᠢᠯᠡᠰ ᠲᠤ ᠰᠢᠯᠢ ᠶᠢᠨ ᠭᠤᠣᠯ ᠤᠨ ᠬᠤᠨᠢ ᠶᠢᠨ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠬᠡᠷᠡᠭᠯᠡᠬᠦ ᠡᠷᠭᠡ ᠶᠢ ᠣᠯᠭᠤᠪᠠ᠃ ᠵᠢᠯ ᠤᠨ ᠲᠣᠳᠣᠷ᠎ᠠ 2 ᠲᠦᠮᠡᠨ ᠬᠤᠨᠢᠨ ᠤ ᠢᠷᠡᠯᠳᠡ ᠶᠢ ᠮᠦᠷᠳᠡᠬᠦ ᠠᠵᠢᠯ ᠢ ᠬᠡᠷᠡᠭᠵᠢᠭᠦᠯᠵᠦ᠂ ᠪᠦᠲᠦᠭᠡᠭᠳᠡᠭᠦᠨ ᠤ ᠶᠡᠷᠦᠩᠭᠡᠢ ᠦᠨ᠎ᠡ ᠦᠰᠦᠭᠡᠳ 5%᠎ ᠳᠤ ᠬᠦᠷᠪᠡ᠃ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠦᠭᠡᠷ ᠦᠰᠭᠡᠬᠦ︾ ︽ᠬᠤᠨᠢᠨ ᠤ ᠡᠭᠦᠯᠳᠡᠷ ᠢ ᠰᠢᠯᠢᠳᠡᠭᠵᠢᠭᠦᠯᠦᠨ ᠲᠡᠮᠡᠭᠡ ᠦᠰᠭᠡᠬᠦ︾ ᠦᠷ᠎ᠡ ᠠᠰᠢᠭ ᠢ ᠦᠷᠭᠦᠯᠵᠢᠯᠡᠨ ᠪᠠᠳᠣᠳᠬᠠᠵᠣ᠂ ᠮᠠᠯᠵᠢᠯ ᠤᠨ ᠣᠨ ᠳᠤ 8.98 ᠲᠦᠮᠡᠨ ᠢᠳᠡᠰᠢᠨ ᠤ ᠦᠭᠡᠷ᠂ 97.46 ᠲᠦᠮᠡᠨ ᠢᠳᠡᠰᠢᠨ ᠤ ᠬᠤᠨᠢ ᠮᠠᠯᠵᠢᠵᠣ᠂ ᠬᠤᠣᠰ ᠪᠦᠬᠦᠳᠦ ᠲᠡᠮᠡᠭᠡ 1 ᠲᠦᠮᠡ ᠶᠢ ᠳᠠᠪᠠᠪᠠ᠃ ᠰᠦᠨᠢᠳ ᠬᠤᠨᠢᠨ ᠤ ᠡᠭᠦᠯᠳᠡᠷ ᠢ ᠰᠠᠶᠢᠵᠢᠷᠠᠭᠤᠯᠬᠤ ᠬᠠᠷᠢᠴᠠᠯ 85% ᠪᠠᠶᠢᠭᠰᠠᠨ ᠠᠴᠠ 92% ᠪᠣᠯᠳᠠᠯ᠎ᠠ ᠳᠡᠭᠡᠭᠰᠢᠯᠡᠵᠦ᠂ ᠰᠢᠯᠢᠳᠡᠭ ᠡᠭᠦᠯᠳᠡᠷ ᠤᠨ ᠢᠳᠡᠰᠢᠨ ᠤ ᠦᠭᠡᠷ ᠤᠨ ᠬᠠᠷᠢᠴᠠᠯ 97%᠎ ᠳᠤ ᠬᠦᠷᠪᠡ᠃ ᠰᠦᠨᠢᠳ ᠬᠤᠨᠢᠨ ᠤ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠠᠯᠠᠪᠠᠢ 14᠎ ᠳᠤ ᠬᠦᠷᠴᠦ᠂ ᠭᠤᠣᠯ ᠰᠦᠷᠦᠭ ᠢ 132 ᠪᠣᠯᠭᠠᠨ ᠬᠦᠭᠵᠢᠭᠦᠯᠵᠦ᠂ 42 ᠰᠦᠨᠢᠳ ᠬᠤᠴᠠ ᠲᠦᠪᠯᠡᠷᠡᠭᠦᠯᠦᠨ ᠬᠠᠮᠢᠶᠠᠷᠬᠤ ᠴᠡᠭ ᠢ ᠪᠠᠳᠣᠳᠬᠠᠨ ᠳᠡᠭᠡᠭᠰᠢᠯᠡᠭᠦᠯᠵᠦ᠂ 1398 ᠢᠩᠭᠡ ᠠᠴᠠ ᠵᠢᠯ ᠳᠤ 1048 ᠲᠣᠨ ᠰᠦ ᠰᠠᠭᠠᠵᠣ᠂ ᠳᠡᠭᠡᠷ᠎ᠡ ᠵᠢᠯ ᠠᠴᠠ ᠲᠠᠬᠢᠨ ᠎ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ ᠣᠯᠣᠰ ᠤᠨ ᠲᠠᠯ᠎ᠠ ᠨᠣᠳᠤᠭ ᠤᠨ ᠢᠳᠡᠰᠢᠨ ᠤ ᠬᠤᠨᠢᠨ ᠤ ᠳᠠᠪᠠᠭᠤᠯᠢᠭ ᠣᠨᠴᠠᠯᠢᠭᠳᠣ ᠠᠵᠣ ᠦᠢᠯᠡᠰ ᠤᠨ ᠰᠦᠷᠦᠭᠵᠢᠯ ᠪᠣᠯᠣᠨ ᠰᠦᠨᠢᠳ ᠬᠤᠨᠢᠨ ᠤ ᠣᠳᠣᠮᠰᠢᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠵᠢᠴᠢ ᠭᠤᠣᠯ ᠦᠷᠡᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠎ ᠢ ᠡᠬᠢᠯᠡᠨ ᠬᠡᠷᠡᠭᠵᠢᠭᠦᠯᠵᠦ᠂ ᠰᠦᠨᠢᠳ ᠬᠤᠨᠢᠨ ᠤ ᠣᠯᠠᠨ ᠣᠳᠠᠭ᠎ᠠ ᠠᠷᠪᠢᠨ ᠲᠦᠯ ᠲᠣᠰᠬᠤ ᠰᠢᠨ᠎ᠡ ᠡᠭᠦᠯᠳᠡᠷ ᠢ ᠪᠣᠶᠢᠵᠢᠭᠤᠯᠬᠤ ᠪᠠ ᠦᠷᠡᠵᠢᠯ ᠤᠨ ᠲᠣᠷᠰᠢᠯᠳᠡ ᠶᠢᠨ ᠴᠡᠭ ᠢ ᠬᠤᠯᠪᠣᠭᠠᠯᠠᠬᠤ ᠠᠵᠢᠯ ᠢ ᠦᠷᠨᠢᠭᠦᠯᠵᠦ᠂ ᠰᠦᠨᠢᠳ ᠬᠤᠨᠢᠨ ᠤ ᠪᠣᠳᠠᠭᠠᠯᠢ ᠪᠡᠶ᠎ᠡ ᠶᠢᠨ ᠲᠦᠯᠯᠡᠬᠦ ᠴᠢᠳᠠᠪᠣᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃ ᠦᠢᠯᠡᠴᠢᠯᠡᠭᠡᠨ ᠤ ᠦᠢᠯᠡᠰ ᠤᠨ ᠶᠠᠰᠣ ᠴᠢᠨᠠᠷ᠂ ᠣᠯᠠᠨ ᠡᠰᠢᠵᠢᠯᠳᠡ᠂ ᠲᠦᠭᠦᠮᠴᠢᠯᠡᠯᠳᠡ ᠰᠢᠨ᠎ᠡ ᠪᠠᠶᠢᠳᠠᠯ ᠢ ᠢᠯᠡᠷᠡᠭᠦᠯᠪᠡ᠃ ᠰᠣᠶᠣᠯ ᠵᠢᠭᠤᠯᠴᠢᠯᠠᠯ ᠤᠨ ᠠᠵᠣ ᠦᠢᠯᠡᠰ ᠢ ᠬᠦᠭᠵᠢᠭᠦᠯᠬᠦ ᠪᠠᠷ ᠣᠯᠠᠮᠵᠢᠯᠠᠯᠳᠣ ᠦᠢᠯᠡᠴᠢᠯᠡᠭᠡᠨ ᠤ ᠦᠢᠯᠡᠰ ᠢ ᠰᠡᠷᠭᠦᠭᠡᠨ ᠬᠦᠭᠵᠢᠭᠡᠵᠦ᠂ ︽ᠲᠦᠮᠡᠨ ᠭᠠᠵᠠᠷ ᠤᠨ ᠴᠠᠢ ᠶᠢᠨ ᠵᠠᠮ᠂ ᠴᠢᠭᠤᠯᠣᠯᠳᠣ ᠬᠠᠭᠠᠯᠭ᠎ᠠ — ᠬᠦᠷᠢᠶ᠎ᠡ ᠠᠷᠠᠯᠵᠢᠶᠠᠨ ᠤ ᠵᠠᠮ︾ ᠲᠣᠭᠤᠢ ᠣᠨᠣᠬᠤ ᠠᠵᠢᠯᠯᠠᠭ᠎ᠠ᠂ ᠮᠠᠰᠢᠨ ᠲᠡᠷᠭᠡ ᠪᠠᠷ ᠲᠣᠭᠤᠷᠢᠨ ᠵᠣᠭᠠᠴᠠᠬᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ ᠠᠩᠬᠠᠳᠣᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠳᠣ︾ ᠳᠣᠮᠳᠠᠳᠣ ᠣᠯᠣᠰ ᠤᠨ ᠠᠳᠣᠭᠤᠨ ᠰᠣᠶᠣᠯ ᠤᠨ ᠲᠦᠪ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠳᠣ ᠣᠷᠣᠯᠳᠣᠭᠠᠨ ᠤ ᠰᠦᠨᠢᠳ ᠪᠠᠷᠠᠭᠤᠨ ᠬᠤᠰᠢᠭᠤᠨ ᠤ ᠦᠷᠳᠡᠭᠡᠨ ᠤ ᠣᠷᠣᠯᠳᠣᠭᠠᠨ ᠢ ᠠᠮᠵᠢᠯᠳᠠᠳᠠᠢ ᠡᠷᠬᠢᠯᠡᠵᠦ᠂ ᠵᠢᠭᠤᠯᠴᠢᠯᠠᠭᠰᠠᠳ ᠤᠨ ᠲᠤᠭ᠎ᠠ 10 ᠲᠦᠮᠡ ᠳᠤ ᠬᠦᠷᠴᠦ᠂ 3200 ᠲᠦᠮᠡᠨ ᠲᠦᠭᠦᠷᠢᠭ ᠤᠨ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠵᠣ᠂ ᠲᠣᠰᠪᠦᠷᠢ 10% ᠪᠠ 6.7%᠎ ᠪᠠᠷ ᠨᠡᠮᠡᠭᠳᠡᠵᠦ᠂ ᠵᠠᠰᠠᠮᠠᠯ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ︽ᠬᠤᠣᠰ ᠳᠡᠭᠡᠭᠰᠢᠯᠡᠯᠳᠡ︾᠎ ᠶᠢ ᠪᠡᠶᠡᠯᠡᠭᠦᠯᠪᠡ᠃ ᠰᠢᠶᠠᠨ ᠤ ᠬᠡᠪᠴᠢᠶᠡᠨ ᠤ ᠬᠤᠳᠠᠯᠳᠣᠭᠠᠨ ᠤ ᠶᠠᠪᠣᠳᠠᠯ ᠤᠨ ᠰᠢᠰᠲ᠋ᠧᠮ ᠤᠨ ᠪᠠᠶᠢᠭᠤᠯᠣᠯᠳᠠ ᠶᠢ ᠲᠠᠰᠣᠷᠠᠯᠳᠠ ᠦᠭᠡᠢ ᠬᠦᠨᠵᠡᠭᠡᠶᠢᠷᠡᠭᠦᠯᠵᠦ᠂ ᠰᠣᠮᠣ ᠪᠠᠯᠭᠠᠰᠣᠨ ᠤ ᠵᠠᠮ ᠬᠠᠷᠢᠯᠴᠠᠭ᠎ᠠ ᠰᠢᠣᠳᠠᠨ ᠢ ᠠᠭᠤᠰᠣᠯᠴᠠᠭᠤᠯᠣᠭᠰᠠᠨ ᠵᠢᠱᠢᠶ᠎ᠡ ᠦᠵᠡᠭᠦᠯᠬᠦ 2 ᠴᠡᠭ ᠢ ᠦᠭᠡᠷᠡᠴᠢᠯᠡᠨ ᠪᠠᠶᠢᠭᠤᠯᠵᠣ᠂ ᠭᠤᠷᠪᠠᠳᠣᠭᠠᠷ ᠳᠡᠰ ᠤᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠣᠨ ᠬᠦᠷᠭᠡᠬᠦ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠵᠢᠯ ᠤᠨ ᠲᠣᠳᠣᠷ᠎ᠠ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠯᠳᠡ ᠶᠢ 12.4 ᠲᠦᠮᠡᠨ ᠬᠤᠪᠢ ᠲᠣᠬᠢᠷᠠᠭᠤᠯᠣᠨ ᠬᠦᠷᠭᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠳᠣ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠭᠦᠨ ᠢ 20.6 ᠲᠦᠮᠡᠨ ᠬᠤᠪᠢ ᠭᠤᠪᠢᠭᠤᠯᠵᠣ᠂ ᠲᠣᠰᠪᠦᠷᠢ 10% ᠪᠠ 15%᠎ ᠪᠠᠷ ᠨᠡᠮᠡᠭᠳᠡᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠵᠣ᠂ ︽ᠰᠦᠨᠢᠳ ᠪᠠᠷᠠᠭᠤᠨ ᠬᠤᠰᠢᠭᠤᠨ ᠤ 2023 ᠰᠦᠯᠵᠢᠶᠡᠨ ᠳᠡᠭᠡᠷ᠎ᠡ ᠴᠠᠭᠠᠨ ᠰᠠᠷ᠎ᠠ ᠶᠢᠨ ᠪᠠᠷᠠᠭ᠎ᠠ ᠬᠤᠳᠠᠯᠳᠣᠨ ᠠᠪᠬᠤ ᠠᠵᠢᠯᠯᠠᠭ᠎ᠠ︾ ︽ᠲᠠᠪᠣᠨ ᠰᠠᠷ᠎ᠠ ᠎ ᠶᠢᠨ ᠨᠢᠭᠡᠨ︾᠎ ᠤ ᠪᠠᠶᠠᠷ ᠢᠶᠠᠨ ᠪᠡᠯᠭᠡᠯᠡᠬᠦ ᠠᠵᠢᠯᠯᠠᠭ᠎ᠠ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠣ᠂ ᠨᠡᠶᠢᠳᠡ 171.3 ᠲᠦᠮᠡᠨ ᠲᠦᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ᠃ ︽ᠢᠨᠲ᠋ᠧᠷᠨᠧᠲ ᠰᠦᠯᠵᠢᠶ᠎ᠡ +︾ ᠬᠡᠷᠡᠭᠯᠡᠭᠡᠨ ᠤ ᠰᠢᠰᠲ᠋ᠧᠮ ᠢ ᠲᠠᠰᠣᠷᠠᠯᠳᠠ ᠦᠭᠡᠢ ᠬᠦᠨᠵᠡᠭᠡᠶᠢᠷᠡᠭᠦᠯᠵᠦ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠠᠷᠠᠯᠵᠢᠶ᠎ᠠ ᠶᠢᠨ ᠮᠦᠩᠭᠦ 6 ᠳ᠋ᠦᠩᠰᠢᠭᠤᠷ ᠲᠦᠭᠦᠷᠢᠭ ᠲᠤ ᠬᠦᠷᠴᠦ᠂ 15%᠎ ᠪᠠᠷ ᠨᠡᠮᠡᠭᠳᠡᠪᠡ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠮᠦᠩᠭᠦᠨ ᠭᠦᠢᠯᠭᠡᠭᠡᠨ ᠤ ᠳᠠᠭᠠᠳᠬᠠᠯ᠂ ᠪᠠᠭᠤᠳᠠᠯ ᠢᠳᠡᠭᠡᠨ ᠣᠮᠳᠠᠭᠠᠨ ᠵᠡᠷᠭᠡ ᠣᠯᠠᠮᠵᠢᠯᠠᠯᠳᠣ ᠦᠢᠯᠡᠴᠢᠯᠡᠭᠡᠨ ᠤ ᠦᠢᠯᠡᠰ ᠲᠣᠭᠳᠠᠭᠤᠨ ᠢᠶᠠᠷ ᠬᠦᠭᠵᠢᠵᠦ᠂ ᠪᠦᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ 6.5%᠎ ᠪᠠᠷ ᠨᠡᠮᠡᠭᠳᠡᠵᠦ᠂ ᠠᠵᠣ ᠠᠬᠤᠢ ᠶᠢᠨ ᠨᠡᠮᠡᠭᠳᠡᠯ ᠢ 3.3 ᠵᠠᠭᠤᠨ ᠤ ᠬᠤᠪᠢ  ᠎ ᠶᠢᠨ ᠴᠡᠭ ᠢᠶᠠᠷ ᠳᠡᠭᠡᠭᠰᠢᠯᠡᠭᠦᠯᠪᠡ᠃ ᠨᠢᠭᠡ ᠵᠢᠯ ᠤᠨ ᠲᠣᠷᠰᠢ᠂ ᠪᠢᠳᠡ ᠴᠢᠷᠮᠠᠶᠢᠨ ᠠᠵᠢᠯᠯᠠᠵᠣ᠂ ᠶᠡᠷᠦᠩᠭᠡᠶᠢᠯᠡᠨ ᠵᠠᠰᠠᠨ ᠴᠡᠭᠴᠡᠯᠡᠵᠦ᠂ ᠠᠮᠢ ᠠᠬᠤᠢ ᠶᠢᠨ ᠬᠠᠯᠬᠠᠪᠴᠢ ᠶᠢ ᠲᠠᠰᠣᠷᠠᠯᠳᠠ ᠦᠭᠡᠢ ᠴᠣᠭᠴᠠᠯᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠡᠷ ᠢ ᠵᠠᠰᠠᠨ ᠰᠡᠷᠬᠦᠭᠡᠵᠦ ᠢᠯᠠᠯᠳᠠ ᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ ︽ᠰᠦᠨᠢᠳ ᠪᠠᠷᠠᠭᠤᠨ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠵᠠᠰᠠᠨ ᠰᠡᠷᠭᠦᠭᠡᠵᠦ ᠢᠯᠠᠯᠳᠠ ᠣᠯᠬᠤ ᠲᠦᠯᠦᠪᠵᠢᠭᠦᠯᠭᠡ ᠶᠢᠨ ᠲᠦᠰᠦᠯ︾᠎ ᠢ ᠨᠠᠶᠢᠷᠠᠭᠤᠯᠣᠨ ᠪᠢᠴᠢᠵᠦ᠂ ᠪᠦᠬᠦ ᠠᠶᠢᠮᠠᠭ ᠲᠤ ᠬᠠᠮᠤᠭ ᠲᠡᠷᠢᠭᠦᠨ ᠳᠤ ᠨᠡᠭᠦᠳᠡᠯ ᠡᠯᠡᠰᠦᠨ ᠳᠤ ᠬᠠᠯᠬᠠᠪᠴᠢ ᠲᠣᠬᠢᠷᠠᠭᠤᠯᠬᠤ ᠣᠨ ᠤ ᠡᠭᠦᠷᠭᠡ ᠶᠢ ᠪᠡᠶᠡᠯᠡᠭᠦᠯᠵᠦ᠂ ᠪᠦᠬᠦ ᠠᠶᠢᠮᠠᠭ ᠲᠠᠢ ᠵᠡᠷᠭᠡᠪᠡᠷ ᠨᠠᠮᠣᠷ ᠤᠨ ᠣᠯᠠᠷᠢᠯ ᠎ ᠤᠨ ᠡᠯᠡᠰᠦ ᠶᠢ ᠵᠠᠰᠠᠬᠤ ᠠᠵᠢᠯ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠦᠳᠡᠯᠮᠦᠷᠢ ᠬᠦᠴᠦ ᠭᠠᠷᠭᠠᠬᠤ ᠠᠯᠪᠠᠨ ᠵᠢᠷᠣᠮ ᠤᠨ ᠬᠦᠳᠡᠯᠮᠦᠷᠢ ᠶᠢᠨ ᠠᠵᠢᠯᠯᠠᠭ᠎ᠠ ᠶᠢ ᠡᠬᠢᠯᠡᠭᠦᠯᠵᠦ᠂ ᠡᠯᠡᠰᠦᠷᠭᠡᠭ ᠭᠠᠵᠠᠷ ᠢ ᠵᠠᠰᠠᠬᠤ᠂ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠨᠢᠭᠡᠳᠦᠯᠳᠠᠢ ᠲᠦᠯᠦᠪᠯᠡᠵᠦ᠂ 8.9 ᠲᠦᠮᠡᠨ ᠮᠣ᠋ ᠭᠠᠵᠠᠷ ᠤᠨ ᠡᠯᠡᠰᠦ ᠶᠢ ᠵᠠᠰᠠᠬᠤ᠂ 11.4 ᠲᠦᠮᠡᠨ ᠮᠣ᠋ ᠲᠠᠴᠢᠷᠰᠢᠭᠰᠡᠨ ᠲᠠᠯ᠎ᠠ ᠨᠣᠳᠤᠭ ᠤᠨ ᠠᠮᠢ ᠠᠬᠤᠢ ᠶᠢ ᠰᠡᠷᠭᠦᠭᠡᠬᠦ᠂ 1 ᠲᠦᠮᠡᠨ ᠮᠣ᠋ ᠣᠢ ᠰᠢᠭᠤᠢ ᠶᠢᠨ ᠠᠮᠢ ᠠᠬᠤᠢ ᠶᠢ ᠪᠦᠲᠦᠭᠡᠨ ᠪᠠᠶᠢᠭᠤᠯᠬᠤ ᠶᠢ ᠪᠡᠶᠡᠯᠡᠭᠦᠯᠪᠡ᠃ ︽ᠬᠦᠳᠡᠯᠮᠦᠷᠢ ᠪᠠᠷ ᠳᠡᠳᠭᠦᠮᠵᠢ ᠶᠢ ᠣᠷᠣᠯᠠᠭᠤᠯᠬᠤ︾᠎ ᠪᠠᠷ ᠬᠦᠳᠡᠯᠮᠦᠷᠢ ᠬᠦᠴᠦ ᠭᠠᠷᠭᠠᠵᠣ᠂ ᠲᠦᠷᠢᠶᠡᠰᠦᠯᠡᠭᠦᠯᠦᠭᠰᠡᠨ ᠣᠷᠣᠯᠭ᠎ᠠ 17 ᠲᠦᠮᠡᠨ ᠲᠦᠭᠦᠷᠢᠭ ᠲᠤ ᠬᠦᠷᠴᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠪᠡ᠃ ᠨᠡᠭᠡᠭᠡᠨ ᠠᠰᠢᠭᠯᠠᠬᠤ ᠬᠤᠭᠤᠴᠠᠭᠠᠨ ᠳᠤ ᠪᠠᠶᠢᠭ᠎ᠠ ᠠᠭᠤᠷᠬᠠᠢ ᠨᠡᠶᠢᠳᠡ 2046 ᠲᠦᠮᠡᠨ ᠲᠦᠭᠦᠷᠢᠭ ᠤᠨ ᠪᠡᠯᠡ ᠣᠷᠣᠭᠤᠯᠵᠣ᠂ 2.13 ᠳᠡᠭᠰᠢ ᠳᠦᠷᠪᠡᠯᠵᠢᠨ ᠺᠢᠯᠣᠮᠧᠲᠷ ᠤᠨ ᠲᠠᠯᠠᠪᠠᠢ ᠶᠢ ᠵᠠᠰᠠᠵᠣ᠂ ᠣᠨ ᠤ ᠡᠭᠦᠷᠭᠡ ᠶᠢᠨ 177%᠎ ᠶᠢ ᠪᠡᠶᠡᠯᠡᠭᠦᠯᠪᠡ᠃ 4.54 ᠳᠡᠭᠰᠢ ᠳᠦᠷᠪᠡᠯᠵᠢᠨ ᠺᠢᠯᠣᠮᠧᠲᠷ ᠤᠨ ᠡᠵᠡᠨ ᠦᠭᠡᠢ ᠬᠠᠶᠠᠭᠳᠠᠮᠠᠯ ᠠᠭᠤᠷᠬᠠᠢ ᠶᠢᠨ ᠨᠦᠭᠡ ᠶᠢ ᠵᠠᠰᠠᠬᠤ ᠲᠦᠷᠦᠯ ᠵᠦᠢᠯ ᠡᠴᠦᠰ ᠤᠨ ᠪᠠᠶᠢᠴᠠᠭᠠᠯᠳᠠ ᠪᠠᠨ ᠪᠡᠶᠡᠯᠡᠭᠦᠯᠵᠦ᠂ ᠪᠦᠬᠦ ᠠᠶᠢᠮᠠᠭ ᠲᠤ ᠬᠠᠮᠤᠭ ᠲᠡᠷᠢᠭᠦᠨ ᠳᠤ ᠪᠦᠬᠦ ᠣᠷᠣᠨ ᠪᠦᠰᠡ ᠎ ᠶᠢ ᠪᠦᠬᠦᠨ ᠢ ᠵᠠᠰᠠᠨ ᠴᠡᠭᠴᠡᠯᠡᠬᠦ ᠬᠠᠷᠠᠯᠳᠠ ᠶᠢ ᠪᠡᠶᠡᠯᠡᠭᠦᠯᠪᠡ᠃ ᠡᠷᠭᠡᠪᠰᠢ ᠭᠦᠢᠴᠡᠳᠭᠡᠬᠦ ᠬᠢᠵᠠᠭᠠᠷᠯᠠᠯ ᠢ ᠲᠠᠰᠣᠷᠠᠯᠳᠠ ᠦᠭᠡᠢ ᠴᠢᠩᠭᠠᠳᠬᠠᠪᠠ᠃ ᠮᠠᠨ ᠤ ᠣᠯᠣᠰ ᠤᠨ ᠣᠮᠠᠷᠠᠳᠣ ᠶᠢᠨ ᠴᠢᠬᠤᠯᠠ ᠠᠮᠢ ᠠᠬᠤᠢ ᠶᠢᠨ ᠠᠮᠣᠷ ᠳᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠣᠯᠣᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠭᠤᠷᠪᠠᠨ ᠣᠷᠣᠨ᠂ ᠭᠤᠷᠪᠠᠨ ᠱᠣᠭᠤᠮ︾2᠎ ᠢ ᠴᠢᠩᠭ᠎ᠠ ᠰᠠᠬᠢᠵᠣ᠂ ︽ᠭᠤᠷᠪᠠᠨ ᠬᠤᠷᠢᠭ᠎ᠠ ᠱᠣᠭᠤᠮ ᠨᠢᠭᠡ ᠨᠠᠷᠢᠨ ᠳᠠᠩᠰᠠ︾ 3᠎ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠭᠤᠷᠢᠭ ᠬᠤᠪᠢᠶᠠᠨ ᠬᠠᠮᠢᠶᠠᠷᠣᠨ ᠡᠵᠡᠮᠳᠡᠬᠦ ᠶᠢ ᠴᠢᠩᠭᠠᠳᠬᠠᠵᠣ᠂ ᠦᠨᠳᠦᠰᠦᠨ ᠲᠠᠯ᠎ᠠ ᠨᠣᠳᠤᠭ ᠢ ᠬᠤᠪᠢᠶᠠᠷᠢᠯᠠᠨ ᠲᠣᠭᠳᠠᠭᠠᠬᠤ ᠪᠠ ᠲᠣᠬᠢᠷᠠᠭᠤᠯᠣᠯᠳᠠ ᠬᠢᠭᠰᠡᠨ ᠦᠷ᠎ᠡ ᠪᠦᠲᠦᠮᠵᠢ ᠨᠢ ᠦᠪᠡᠷᠳᠡᠭᠡᠨ ᠵᠠᠰᠠᠬᠤ ᠣᠷᠣᠨ ᠤ ᠰᠢᠯᠭᠠᠨ ᠬᠤᠷᠢᠶᠠᠯᠳᠠ ᠪᠠᠷ ᠪᠠᠳᠣᠯᠠᠭᠳᠠᠪᠠ᠃ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠬᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠨᠣᠳᠤᠭ ᠪᠡᠯᠴᠢᠭᠡᠷ ᠎ ᠢ ᠬᠠᠮᠠᠭᠠᠯᠠᠬᠤ ᠦᠨᠳᠦᠰᠦᠨ ᠲᠦᠷᠢᠮ ᠢ ᠴᠢᠩᠭ᠎ᠠ ᠬᠡᠷᠡᠭᠵᠢᠭᠦᠯᠵᠦ᠂ ᠰᠡᠯᠬᠦᠨ ᠮᠠᠯᠵᠢᠬᠤ ᠠᠵᠢᠯ ᠪᠦᠬᠦ ᠠᠶᠢᠮᠠᠭ ᠲᠤ ᠭᠤᠷᠪᠠᠳᠣᠭᠠᠷ ᠲᠤ ᠣᠷᠣᠪᠠ᠃ ︽ᠬᠤᠣᠰ ᠨᠡᠭᠦᠷᠡᠰᠦᠳᠦ᠋ᠷᠦᠭᠴᠢ︾᠎ ᠶᠢᠨ ᠬᠠᠷᠠᠯᠳᠠ ᠶᠢ ᠲᠣᠭᠳᠠᠪᠣᠷᠢᠵᠢᠭᠤᠯᠵᠣ᠂ ᠡᠨᠧᠷᠬᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠣᠯᠳᠠ ᠶᠢᠨ ᠬᠤᠣᠰ ᠡᠵᠡᠮᠳᠡᠯ ᠳᠡᠰᠢ ᠬᠤᠪᠢᠷᠠᠭᠤᠯᠬᠤ ᠶᠢ ᠠᠬᠢᠭᠤᠯᠵᠣ᠂ ᠡᠨᠧᠷᠬᠢ ᠶᠢᠨ ᠬᠤᠷᠣᠭᠳᠠᠯ ᠎ ᠤᠨ ᠶᠡᠷᠦᠩᠭᠡᠢ ᠬᠡᠮᠵᠢᠶ᠎ᠡ ᠪᠣᠯᠣᠨ ᠡᠷᠴᠢᠮ ᠤᠨ ︽ᠬᠤᠣᠰ ᠪᠠᠭᠤᠷᠠᠯᠳᠠ︾᠎ ᠶᠢ ᠪᠡᠶᠡᠯᠡᠭᠦᠯᠪᠡ᠃ ︽ᠰᠦᠨᠢᠳ ᠪᠠᠷᠠᠭᠤᠨ ᠬᠤᠰᠢᠭᠤᠨ ᠤ VCS+CCB ᠲᠠᠯ᠎ᠠ ᠨᠣᠳᠤᠭ ᠤᠨ ᠨᠡᠭᠦᠷᠡᠰᠦᠳᠦ᠋ᠷᠦᠭᠴᠢ ᠶᠢ ᠰᠢᠩᠭᠡᠭᠡᠬᠦ ᠲᠦᠷᠦᠯ ᠵᠦᠢᠯ ᠢ ᠨᠡᠭᠡᠭᠡᠨ ᠬᠦᠭᠵᠢᠭᠦᠯᠬᠦ ᠬᠡᠷᠡᠭᠵᠢᠭᠦᠯᠵᠦ ᠪᠣᠯᠬᠤᠶᠢᠴᠠ ᠰᠣᠳᠣᠯᠣᠯᠳᠠ ᠶᠢᠨ ᠮᠡᠳᠡᠭᠦᠯᠦᠯᠳᠡ︾4᠎ ᠶᠢ ᠲᠣᠭᠳᠠᠭᠠᠵᠣ᠂ ᠰᠢᠨᠵᠢᠯᠡᠬᠦ ᠣᠬᠠᠭᠠᠨᠴᠢ ᠪᠠᠷ ᠪᠣᠯᠭᠤᠮᠵᠢᠳᠠᠢ ᠪᠠᠷ ᠨᠡᠭᠦᠷᠡᠰᠦᠳᠦ᠋ᠷᠦᠭᠴᠢ ᠶᠢ ᠰᠢᠩᠭᠡᠭᠡᠬᠦ ᠠᠷᠭ᠎ᠠ ᠣᠬᠠᠭᠠᠨ ᠢ ᠰᠣᠳᠣᠯᠵᠣ᠂ ᠨᠡᠭᠦᠷᠡᠰᠦᠳᠦ᠋ᠷᠦᠭᠴᠢ ᠶᠢ ᠲᠣᠭᠳᠠᠪᠣᠷᠢᠵᠢᠭᠤᠯᠣᠨ ᠰᠢᠩᠭᠡᠭᠡᠨ ᠠᠪᠬᠤ ᠶᠢ ᠵᠣᠷᠢᠭᠳᠠᠢ ᠲᠣᠷᠰᠢᠬᠤ ᠵᠠᠩᠭᠢᠯᠠᠭ᠎ᠠ ᠶᠢᠨ ᠠᠯᠬᠤᠮ ᠢ ᠠᠯᠬᠤᠪᠠ᠃ ︽ᠲᠠᠪᠤ ᠶᠢ ᠲᠣᠶᠢᠯᠪᠣᠷᠢᠳᠠᠢ ᠪᠠᠶᠢᠴᠠᠭᠠᠬᠤ ᠠᠵᠢᠯᠯᠠᠭ᠎ᠠ︾᠎ ᠶᠢ ᠬᠦᠨᠵᠡᠭᠡᠢ ᠠᠬᠢᠭᠤᠯᠵᠣ᠂ ᠵᠦᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ ᠨᠦᠭᠡᠴᠡ ᠪᠡᠯᠡ ᠮᠦᠩᠭᠦ᠂ ︽ᠬᠠᠭᠠᠰ ᠳᠣᠳᠠᠭᠤ ᠬᠠᠶᠠᠭᠳᠠᠭᠰᠠᠨ︾ ᠢᠨᠵᠧᠨᠧᠷᠢᠩ᠂ ᠨᠡᠭᠡᠭᠡᠨ ᠬᠦᠭᠵᠢᠭᠦᠯᠬᠦ ᠲᠣᠭᠤᠷᠢᠭ ᠤᠨ ᠪᠦᠲᠦᠭᠡᠨ ᠪᠠᠶᠢᠭᠤᠯᠣᠯᠳᠠ ᠎ ᠶᠢᠨ 4 ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠦᠪᠰᠢᠶᠡᠷᠡᠭᠰᠡᠨ ᠪᠣᠯᠪᠠᠴᠣ ᠬᠠᠩᠭᠠᠭᠠᠳᠣᠢ ᠭᠠᠵᠠᠷ ᠰᠢᠷᠣᠢ ᠶᠢ ᠴᠡᠭᠴᠡᠯᠡᠨ ᠰᠢᠢᠳᠪᠦᠷᠢᠯᠡᠬᠦ ᠪᠠ ᠰᠣᠯᠠ ᠳᠠᠯᠪᠢᠵᠣ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠣᠨ ᠤ ᠡᠭᠦᠷᠭᠡ ᠪᠠᠨ ᠳᠠᠪᠠᠭᠤᠯᠣᠨ ᠪᠡᠶᠡᠯᠡᠭᠦᠯᠪᠡ᠃ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠎ ᠢ ᠬᠦᠨᠵᠡᠭᠡᠢ ᠠᠬᠢᠭᠤᠯᠪᠠ᠃ ᠠᠭᠠᠷ ᠮᠠᠨᠳᠠᠯ ᠤᠨ ᠪᠣᠬᠢᠷᠳᠣᠯ ᠢ ᠶᠡᠷᠦᠩᠭᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠣ᠂ ᠭᠤᠣᠯ ᠪᠣᠯᠬᠤ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠳᠠ ᠶᠢ ᠲᠣᠭᠳᠠᠭᠤᠨ ᠢᠶᠠᠷ ᠪᠠᠷᠢᠮᠵᠢᠶ᠎ᠠ ᠳᠤ ᠬᠦᠷᠭᠡᠵᠦ᠂ ᠪᠦᠬᠦ ᠵᠢᠯ ᠤᠨ ᠣᠷᠴᠢᠨ ᠲᠣᠭᠤᠷᠢᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠪᠣᠯᠣᠭᠰᠠᠨ ᠡᠳᠦᠷ ᠤᠨ ᠲᠤᠭ᠎ᠠ ᠶᠢᠨ ᠬᠠᠷᠢᠴᠠᠯ 91.9%᠂ PM2.5᠎ ᠶᠢᠨ ᠳᠣᠮᠳᠠᠴᠢ ᠦᠳᠭᠡᠴᠡ 11 ᠮᠢᠺᠷᠣᠭ᠍ᠷᠠᠮ/ ᠪᠣᠰᠤᠭ᠎ᠠ ᠳᠦᠷᠪᠡᠯᠵᠢᠨ ᠮᠧᠲᠷ ᠲᠤ ᠬᠦᠷᠪᠡ᠃ ᠭᠤᠣᠯ ᠨᠠᠭᠤᠷ ᠤᠨ ᠲᠠᠷᠤᠭ᠎ᠠ ᠶᠢᠨ ᠲᠦᠷᠢᠮ ᠢ ᠦᠷᠭᠦᠯᠵᠢᠯᠡᠨ ᠬᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠣᠷᠣᠰᠬᠠᠯ ᠤᠨ ᠣᠰᠣᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠨᠢᠭᠡᠳᠦᠯᠳᠠᠢ ᠲᠦᠯᠦᠪᠯᠡᠵᠦ᠂ 3 ᠲᠦᠪᠯᠡᠷᠡᠭᠦᠯᠦᠭᠰᠡᠨ ᠣᠣᠭᠤᠬᠤ ᠣᠰᠣᠨ ᠤ ᠡᠬᠢ ᠰᠣᠷᠪᠣᠯᠵᠢ ᠶᠢᠨ ᠭᠠᠵᠠᠷ ᠤᠨ ᠲᠦᠷᠢᠮᠵᠢᠭᠰᠡᠨ ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠲᠣᠭᠳᠠᠭᠤᠨ ᠢᠶᠠᠷ ᠠᠵᠢᠯᠯᠠᠵᠣ᠂ ᠮᠠᠯᠵᠢᠬᠤ ᠲᠠᠷᠢᠶᠠᠯᠠᠬᠤ ᠣᠷᠣᠨ ᠤ ᠠᠮᠢᠳᠣᠷᠠᠯ ᠤᠨ ᠪᠣᠬᠢᠷ ᠣᠰᠣ ᠶᠢ ᠵᠠᠰᠠᠬᠤ ᠲᠦᠷᠦᠯ ᠵᠦᠢᠯ ᠨᠢ ᠦᠪᠡᠷᠳᠡᠭᠡᠨ ᠵᠠᠰᠠᠬᠤ ᠣᠷᠣᠨ ᠤ ᠲᠣᠰᠬᠠᠢ ᠲᠦᠷᠦᠯ ᠤᠨ ᠪᠡᠯᠡ ᠮᠦᠩᠭᠦᠨ ᠤ ᠲᠦᠷᠦᠯ ᠵᠦᠢᠯ ᠤᠨ ᠨᠢᠭᠡᠴᠡ ᠶᠢᠨ ᠬᠦᠮᠦᠷᠭᠡ ᠳᠤ ᠰᠣᠩᠭᠤᠭᠳᠠᠪᠠ᠃ ᠬᠦᠷᠦᠰᠦ ᠰᠢᠷᠣᠢ ᠶᠢᠨ ᠣᠷᠴᠢᠨ ᠲᠣᠭᠤᠷᠢᠨ ᠤ ᠶᠠᠰᠣ ᠴᠢᠨᠠᠷ ᠶᠡᠷᠦᠩᠭᠡᠢ ᠳᠡᠭᠡᠨ ᠲᠣᠭᠳᠠᠭᠤᠨ ᠪᠠᠶᠢᠵᠣ᠂ ᠠᠶᠣᠯᠳᠠᠢ ᠬᠠᠶᠠᠭᠳᠠᠮᠠᠯ ᠪᠣᠳᠠᠰ ᠲᠤ ᠬᠤᠯᠪᠣᠭᠳᠠᠬᠤ 15 ᠠᠵᠣ ᠠᠬᠤᠶᠢᠯᠠᠯ ᠤᠨ 11 ᠠᠰᠠᠭᠤᠳᠠᠯ ᠪᠣᠯᠣᠨ ᠳᠠᠯᠳᠠ ᠭᠡᠮ ᠢ ᠪᠦᠬᠦᠨ ᠢ ᠵᠠᠰᠠᠨ ᠰᠠᠶᠢᠵᠢᠷᠠᠭᠤᠯᠵᠣ᠂ ᠠᠶᠣᠯᠳᠠᠢ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠨᠣᠷᠮ᠎ᠠ 100%᠎ ᠳᠤ ᠬᠦᠷᠴᠦ᠂ ᠪᠦᠬᠦ ᠵᠢᠯ ᠳᠤ ᠬᠦᠨᠳᠦ ᠶᠡᠭᠡ ᠣᠷᠴᠢᠨ ᠲᠣᠭᠤᠷᠢᠨ ᠤ ᠪᠣᠬᠢᠷᠳᠣᠯ ᠪᠠ ᠠᠮᠢ ᠠᠬᠤᠢ ᠡᠪᠳᠡᠭᠳᠡᠭᠰᠡᠨ ᠬᠡᠷᠡᠭ ᠡᠭᠦᠰᠦᠭᠰᠡᠨ ᠦᠭᠡᠢ᠃ ᠲᠦᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ᠲᠣᠰᠬᠠᠭᠰᠠᠨ 15 ᠵᠦᠢᠯ ᠤᠨ ᠠᠰᠠᠭᠤᠳᠠᠯ ᠤᠨ 10 ᠵᠦᠢᠯ ᠢ ᠨᠢᠭᠡᠨᠳᠡ ᠴᠡᠭᠴᠡᠯᠡᠨ ᠵᠠᠰᠠᠵᠣ ᠳᠠᠭᠤᠰᠬᠠᠨ᠂ ᠦᠯᠡᠳᠡᠭᠰᠡᠨ 1 ᠵᠦᠢᠯ ᠤᠨ 2024 ᠣᠨ ᠤ ᠡᠭᠦᠷᠭᠡ ᠪᠠ 4 ᠵᠦᠢᠯ ᠤᠨ 2025 ᠣᠨ ᠤ ᠡᠭᠦᠷᠭᠡ ᠶᠢ ᠶᠠᠭ ᠲᠦᠷᠭᠡᠳᠭᠡᠨ ᠠᠬᠢᠭᠤᠯᠵᠣ ᠪᠠᠶᠢᠨ᠎ᠠ᠃       ᠨᠢᠭᠡ ᠵᠢᠯ ᠤᠨ ᠲᠣᠷᠰᠢ᠂ ᠪᠢᠳᠡ ᠨᠢᠭᠡᠳᠦᠯᠳᠠᠢ ᠲᠦᠯᠦᠪᠯᠡᠨ ᠨᠡᠶᠢᠳᠡ ᠳᠤᠨᠢ ᠬᠠᠷᠠᠭᠠᠯᠵᠠᠵᠣ᠂ ᠬᠠᠮᠳᠣᠪᠡᠷ ᠠᠬᠢᠭᠤᠯᠣᠨ᠂ ᠬᠤᠳᠠ ᠬᠦᠳᠡᠭᠡ ᠶᠢᠨ ᠲᠦᠷᠢ ᠲᠦᠷᠬᠦ ᠶᠢ ᠣᠯᠠᠮ ᠰᠠᠶᠢᠵᠢᠷᠠᠭᠤᠯᠪᠠ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠪᠦᠬᠦ ᠲᠠᠯ᠎ᠠ ᠪᠠᠷ ᠲᠦᠷᠭᠡᠨ ᠠᠬᠢᠭᠤᠯᠪᠠ᠃ ᠠᠷᠪᠠᠨ ︽ᠲᠠᠬᠢᠨ ᠪᠠᠶᠢᠴᠠᠭᠠᠯᠳᠠ︾ ᠎ ᠶᠢᠨ ᠲᠣᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠳᠣᠳᠠᠢ ᠦᠷᠨᠢᠭᠦᠯᠵᠦ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠳᠡ ᠪᠣᠯᠣᠨ ᠬᠠᠪᠰᠣᠷᠣᠨ ᠳᠡᠳᠭᠦᠬᠦ ᠠᠵᠢᠯ ᠢ ᠣᠯᠠᠷᠢᠯ ᠢᠶᠠᠷ ᠬᠦᠳᠡᠯᠦᠩᠭᠦᠢ ᠠᠬᠢᠭᠤᠯᠵᠣ᠂ ᠨᠡᠶᠢᠳᠡ 1.1 ᠲᠦᠮᠡᠨ ᠡᠷᠦᠭᠡ ︵ᠣᠳᠠᠭ᠎ᠠ︶᠎ ᠳᠤ ᠬᠦᠷᠴᠦ ᠪᠠᠶᠢᠴᠠᠭᠠᠯᠳᠠ ᠬᠢᠵᠦ᠂ 16 ᠡᠷᠦᠭᠡ ᠶᠢᠨ 41 ᠶᠠᠳᠠᠭᠤᠷᠠᠵᠣ ᠮᠡᠳᠡᠬᠦ ᠬᠦᠮᠦᠰ ᠢ ᠢᠯᠭᠠᠨ ᠲᠣᠭᠳᠠᠭᠠᠬᠤ ᠶᠢᠨ ᠬᠠᠮᠳᠣ ᠬᠠᠪᠰᠣᠷᠣᠨ ᠳᠡᠳᠭᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠳᠠᠢ ᠨᠠᠶᠢᠳᠠᠪᠣᠷᠢᠵᠢᠭᠤᠯᠵᠣ᠂ ᠮᠠᠯᠵᠢᠬᠤ ᠲᠠᠷᠢᠶᠠᠯᠠᠬᠤ ᠡᠷᠦᠭᠡ ᠶᠢᠨ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢ ᠪᠠᠭᠳᠠᠭᠠᠭᠰᠠᠨ 1.2 ᠲᠦᠮᠡᠨ ᠬᠦᠮᠦᠨ ᠳᠤ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠲᠣᠰᠢᠶᠠᠨ ᠦᠭᠴᠦ᠂ ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠬᠤᠷᠢᠭ᠎ᠠ ᠱᠣᠭᠤᠮ ᠢ ᠪᠠᠳᠣ ᠰᠠᠬᠢᠵᠣ᠂ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢᠨ ᠲᠣᠮᠳᠠᠴᠢ ᠴᠡᠪᠡᠷ ᠣᠷᠣᠯᠭ᠎ᠠ 25553 ᠲᠦᠭᠦᠷᠢᠭ ᠲᠤ ᠬᠦᠷᠴᠦ᠂ ᠳᠡᠭᠡᠷ᠎ᠡ ᠵᠢᠯ ᠠᠴᠠ 8.6%᠎ ᠪᠠᠷ ᠨᠡᠮᠡᠭᠳᠡᠪᠡ᠃ ᠪᠦᠬᠦ ᠬᠤᠰᠢᠭᠤᠨ ᠤ ᠬᠠᠪᠰᠣᠷᠣᠨ ᠳᠡᠳᠭᠦᠬᠦ ᠲᠦᠷᠦᠯ ᠵᠦᠢᠯ ᠤᠨ ᠶᠡᠷᠦᠩᠭᠡᠢ ᠡᠳ᠋ ᠬᠦᠷᠦᠩᠭᠡ ᠶᠢᠨ ᠬᠡᠪᠴᠢᠶ᠎ᠡ 7.95 ᠳ᠋ᠦᠩᠰᠢᠭᠤᠷ ᠲᠦᠭᠦᠷᠢᠭ ᠲᠤ ᠬᠦᠷᠴᠦ᠂ ᠡᠭᠦᠨ ᠳᠤ ᠡᠵᠡᠩᠨᠡᠯᠳᠡ ᠶᠢᠨ ᠲᠦᠷᠦᠯ ᠤᠨ ᠲᠦᠷᠦᠯ ᠵᠦᠢᠯ ᠤᠨ ᠡᠳ᠋ ᠬᠦᠷᠦᠩᠭᠡ 4  ᠳ᠋ᠦᠩᠰᠢᠭᠤᠷ ᠲᠦᠭᠦᠷᠢᠭ᠂ ᠵᠢᠯ ᠤᠨ ᠲᠣᠳᠣᠷ᠎ᠠ 1157 ᠲᠦᠮᠡᠨ ᠲᠦᠭᠦᠷᠢᠭ ᠤᠨ ᠠᠰᠢᠭ ᠣᠷᠣᠯᠭ᠎ᠠ ᠣᠯᠵᠣ᠂ ᠪᠦᠬᠦ ᠬᠤᠰᠢᠭᠤᠨ ᠤ 2002 ᠡᠷᠦᠭᠡ ᠶᠢᠨ ᠶᠠᠳᠠᠭᠤ ᠠᠴᠠ ᠠᠩᠭᠢᠵᠢᠷᠠᠭᠰᠠᠨ 4859 ᠬᠦᠮᠦᠨ ᠠᠮᠠ ᠳᠤ ᠬᠠᠷᠠᠭᠠᠯᠵᠠᠯ ᠬᠦᠷᠳᠡᠭᠡᠵᠦ᠂ ᠳᠣᠮᠳᠠᠴᠢ ᠠᠰᠢᠭ ᠣᠷᠣᠯᠭ᠎ᠠ ᠶᠢᠨ ᠨᠣᠷᠮ᠎ᠠ 4.76%᠎ ᠳᠤ ᠬᠦᠷᠪᠡ᠃ ᠵᠢᠯ ᠎ ᠤᠨ ᠲᠣᠳᠣᠷ᠎ᠠ ᠡᠯ᠎ᠡ ᠲᠦᠷᠦᠯ ᠤᠨ ᠵᠣᠯᠭᠠᠭᠤᠯᠬᠤ ᠪᠡᠯᠡ ᠮᠦᠩᠭᠦ᠂ ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ ᠪᠣᠯᠣᠨ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠣᠷᠣᠨ ᠳᠡᠳᠭᠦᠬᠦ ᠪᠡᠯᠡ ᠮᠦᠩᠭᠦ 1.32 ᠳ᠋ᠦᠩᠰᠢᠭᠤᠷ ᠲᠦᠭᠦᠷᠢᠭ ᠢ ᠣᠷᠣᠭᠤᠯᠵᠣ᠂ 60 ᠲᠦᠷᠦᠯ ᠵᠦᠢᠯ ᠢ ᠬᠡᠷᠡᠭᠵᠢᠭᠦᠯᠵᠦ᠂ ᠬᠦᠳᠡᠭᠡ ᠲᠣᠰᠬᠤᠨ ᠤ ᠬᠦᠭᠵᠢᠯᠳᠡ᠂ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠳᠠ᠂ ᠬᠦᠳᠡᠭᠡ ᠲᠣᠰᠬᠤᠨ ᠤ ᠵᠠᠰᠠᠯᠳᠠ ᠰᠢᠨ᠎ᠡ ᠳᠠᠪᠰᠢᠯᠳᠠ ᠲᠠᠢ ᠪᠣᠯᠵᠣ᠂ ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ ᠶᠢᠨ ᠵᠢᠷᠭᠤᠭᠠᠨ ︽ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ︾5 ᠪᠣᠳᠠᠳᠠᠢ ᠦᠷ᠎ᠡ ᠪᠦᠲᠦᠮᠵᠢ ᠣᠯᠵᠣ᠂ ᠳᠣᠮᠳᠠᠳᠣ ᠣᠯᠣᠰ ᠤᠨ ᠠᠭᠠᠷ ᠠᠶᠠᠯᠠᠯ ᠤᠨ ᠪᠦᠯᠦᠭᠯᠡᠯ ᠤᠨ ︽ᠠᠭᠠᠷ ᠠᠶᠠᠯᠠᠯ +︾ ᠬᠠᠪᠰᠣᠷᠣᠨ ᠳᠡᠳᠭᠦᠬᠦ ᠰᠢᠰᠲ᠋ᠧᠮ ᠢ ᠲᠠᠰᠣᠷᠠᠯᠳᠠ ᠦᠭᠡᠢ ᠬᠦᠨᠵᠡᠭᠡᠶᠢᠷᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠦᠷᠨᠢᠭᠦᠯᠵᠦ᠂ 156 ᠵᠣᠷᠯᠣᠩ ᠰᠢᠨ᠎ᠡ ᠪᠠᠷ ᠪᠠᠶᠢᠭᠤᠯᠵᠣ᠂ 135 ᠢᠵᠢ ᠲᠠᠷᠠᠬᠠᠢ ᠬᠡᠯᠪᠡᠷᠢ ᠶᠢᠨ ᠪᠣᠬᠢᠷ ᠣᠰᠣ ᠰᠢᠢᠳᠪᠦᠷᠢᠯᠡᠬᠦ ᠲᠦᠬᠦᠭᠡᠷᠦᠮᠵᠢ ᠶᠢ ᠣᠭᠰᠠᠷᠠᠵᠣ᠂ ᠮᠠᠯᠵᠢᠬᠤ ᠲᠠᠷᠢᠶᠠᠯᠠᠬᠤ ᠣᠷᠣᠨ ᠤ ᠠᠮᠢᠳᠣᠷᠠᠯ ᠤᠨ ᠬᠤᠭ ᠨᠣᠪᠰᠢ ᠶᠢ ᠬᠤᠷᠢᠶᠠᠨ ᠳᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠬᠦᠭᠦᠯᠦᠭᠰᠡᠨ ᠨᠣᠷᠮ᠎ᠠ 71%᠎ ᠳᠤ ᠬᠦᠷᠪᠡ᠃ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ 3 ᠭᠠᠴᠠᠭ᠎ᠠ ᠨᠢ ᠪᠦᠬᠦ ᠠᠶᠢᠮᠠᠭ ᠤᠨ ᠳᠣᠮᠳᠠᠬᠢ ᠬᠤᠭᠤᠴᠠᠭᠠᠨ ᠤ ᠦᠨᠡᠯᠡᠨ ᠵᠢᠱᠢᠯᠳᠡ ᠶᠢ ᠦᠩᠭᠡᠷᠡᠭᠡᠪᠡ᠃ ᠮᠠᠰᠢᠨ ᠮᠧᠬᠠᠨᠢᠭ ᠤᠨ ᠬᠦᠮᠦᠷᠭᠡ ᠶᠢᠨ ᠪᠦᠲᠦᠭᠡᠨ ᠪᠠᠶᠢᠭᠤᠯᠣᠯᠳᠠ᠂ ᠮᠠᠰᠢᠨ ᠮᠧᠬᠠᠨᠢᠭ ᠤᠨ ᠲᠦᠬᠦᠭᠡᠷᠦᠮᠵᠢ ᠬᠤᠳᠠᠯᠳᠣᠨ ᠠᠪᠬᠤ ᠵᠡᠷᠭᠡ ᠨᠢᠭᠡ ᠪᠦᠯᠦᠭ ᠲᠠᠷᠢᠶᠠᠯᠠᠩ ᠮᠠᠯ ᠠᠵᠣ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠎ ᠤᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠳᠡᠵᠢᠭᠡᠯ ᠡᠪᠡᠰᠦ ᠪᠣᠷᠳᠤᠭ᠎ᠠ ᠨᠦᠭᠡᠴᠡᠯᠡᠨ ᠬᠦᠷᠭᠡᠬᠦ᠂ ᠬᠤᠭ ᠨᠣᠪᠰᠢ ᠶᠢ ᠬᠤᠷᠢᠶᠠᠵᠣ ᠰᠢᠯᠵᠢᠭᠦᠯᠦᠨ ᠰᠢᠢᠳᠪᠦᠷᠢᠯᠡᠬᠦ ᠵᠡᠷᠭᠡ ᠲᠠᠯ᠎ᠠ ᠪᠠᠷ 1 ᠲᠦᠮᠡ ᠭᠠᠷᠣᠢ ᠣᠳᠠᠭᠠᠨ ᠤ ᠦᠢᠯᠡᠴᠢᠯᠡᠭᠡᠨ ᠤ ᠠᠵᠢᠯ ᠦᠷᠨᠢᠭᠦᠯᠵᠦ᠂ 1.4 ᠲᠦᠮᠡᠨ ᠮᠠᠯᠵᠢᠬᠤ ᠲᠠᠷᠢᠶᠠᠯᠠᠬᠤ ᠡᠷᠦᠭᠡ ᠶᠢ ᠬᠠᠮᠣᠷᠪᠠ᠃ ᠲᠡᠷᠢᠭᠦᠨ ᠎ ᠤ ᠨᠡᠶᠢᠳᠡᠯᠢᠭ ᠵᠢᠱᠢᠶ᠎ᠡ ᠶᠢ ᠰᠠᠶᠢᠳᠣᠷ ᠰᠣᠩᠭᠤᠨ ᠲᠠᠨᠢᠯᠴᠠᠭᠤᠯᠵᠣ᠂ ᠡᠷᠢᠶᠡᠨᠨᠠᠭᠤᠷ ᠰᠣᠮᠣᠨ ᠤ ᠷᠠᠰᠢᠶᠠᠨᠳᠣ ᠭᠠᠴᠠᠭ᠎ᠠ ︽ᠪᠦᠬᠦ ᠣᠷᠣᠨ ᠤ ᠨᠠᠮ ᠤᠨ ᠪᠠᠶᠢᠭᠤᠯᠣᠯᠳᠠ ᠶᠢ ᠠᠳᠬᠤᠵᠣ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠎ ᠶᠢ ᠠᠬᠢᠭᠤᠯᠣᠭᠰᠠᠨ ᠲᠡᠷᠢᠭᠦᠨ ᠤ ᠬᠠᠮᠳᠣ︾᠎ ᠶᠢᠨ ᠢᠷᠠᠭᠤ ᠠᠯᠳᠠᠷ ᠢ ᠬᠦᠷᠳᠡᠵᠦ᠂ ᠰᠠᠶᠢᠬᠠᠨᠳᠠᠯ᠎ᠠ ᠪᠠᠯᠭᠠᠰᠣᠨ ᠤ ᠳᠦᠬᠦᠮ ᠭᠠᠴᠠᠭ᠎ᠠ 2023 ᠣᠨ ᠤ ᠪᠦᠬᠦ ᠣᠷᠣᠨ ᠤ ᠭᠠᠴᠠᠭ᠎ᠠ ᠲᠣᠰᠬᠤᠨ ᠤ ᠬᠠᠮᠳᠣ ᠶᠢᠨ ᠠᠵᠣ ᠠᠬᠤᠢ ᠶᠢᠨ ᠬᠦᠭᠵᠢᠯᠳᠡ ᠶᠢᠨ ᠨᠡᠶᠢᠳᠡᠯᠢᠭ ᠵᠢᠱᠢᠶ᠎ᠡ ᠶᠢᠨ ᠲᠣᠰᠬᠤᠨ ᠢᠶᠠᠷ ᠦᠨᠡᠯᠡᠭᠳᠡᠵᠦ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠳᠣᠷ ᠪᠠᠳᠠᠷᠠᠭᠤᠯᠪᠠ᠃ ᠬᠤᠳᠠ ᠪᠠᠯᠭᠠᠰᠣᠨ ᠤ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠪᠡ᠃ ︽ᠭᠤᠷᠪᠠᠨ ᠬᠢᠵᠠᠭᠠᠷᠯᠠᠬᠤ ᠱᠣᠭᠤᠮ︾6᠎ ᠤᠨ ᠬᠠᠮᠢᠶᠠᠷᠣᠨ ᠡᠵᠡᠮᠳᠡᠬᠦ ᠬᠦᠴᠦᠨ ᠢ ᠨᠡᠮᠡᠭᠳᠡᠭᠦᠯᠵᠦ᠂ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠦᠯᠦᠪᠵᠢᠭᠦᠯᠭᠡ ᠵᠢᠴᠢ ᠨᠠᠷᠢᠨ ᠲᠦᠯᠦᠪᠵᠢᠭᠦᠯᠭᠡ ᠶᠢ ᠣᠯᠠᠮ ᠨᠢᠭᠡ ᠠᠯᠬᠤᠮ ᠨᠦᠬᠦᠪᠦᠷᠢᠯᠡᠨ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠣᠷᠣᠨ ᠵᠠᠢ ᠶᠢᠨ ᠪᠠᠶᠢᠷᠢᠰᠢᠯ ᠨᠡᠩ ᠵᠦᠢ ᠵᠣᠬᠢᠰᠳᠠᠢ ᠪᠣᠯᠵᠣ᠂ ᠲᠦᠯᠦᠪᠵᠢᠭᠦᠯᠭᠡ ᠶᠢᠨ ᠰᠢᠰᠲ᠋ᠧᠮ ᠨᠡᠩ ᠲᠡᠭᠦᠯᠳᠡᠷᠵᠢᠪᠡ᠃ ᠬᠤᠳᠠ ᠶᠢ ᠰᠢᠨᠡᠴᠢᠯᠡᠬᠦ ᠠᠵᠢᠯᠯᠠᠭ᠎ᠠ ᠶᠢ ᠶᠡᠬᠡᠪᠡᠷ ᠠᠬᠢᠭᠤᠯᠵᠣ᠂ ᠦᠢᠯᠡᠴᠢᠯᠡᠭᠡᠨ ᠤ ᠴᠢᠳᠠᠪᠬᠢ ᠶᠢ ᠴᠢᠷᠮᠠᠶᠢᠨ ᠳᠡᠭᠡᠭᠰᠢᠯᠡᠭᠦᠯᠵᠦ᠂ ᠳᠡᠭᠡᠲᠦ ᠱᠠᠳᠣᠨ ᠤ 9148 ᠲᠦᠮᠡᠨ ᠲᠦᠭᠦᠷᠢᠭ ᠤᠨ ᠪᠡᠯᠡ ᠮᠦᠩᠭᠦ ᠶᠢ ᠢᠳᠡᠪᠬᠢᠳᠠᠢ ᠲᠡᠮᠡᠴᠡᠨ ᠣᠯᠵᠣ᠂ ᠰᠠᠶᠢᠬᠠᠨᠳᠠᠯ᠎ᠠ ᠪᠠᠯᠭᠠᠰᠣᠨ ᠤ ᠪᠣᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢ ᠦᠷᠭᠡᠳᠭᠡᠨ ᠪᠠᠶᠢᠭᠤᠯᠬᠤ᠂ ᠠᠮᠢᠳᠣᠷᠠᠯ ᠤᠨ ᠬᠤᠭ ᠨᠣᠪᠰᠢ ᠶᠢ ᠰᠢᠳᠠᠭᠠᠨ ᠰᠢᠢᠳᠪᠦᠷᠢᠯᠡᠬᠦ ᠵᠡᠷᠭᠡ ᠨᠢᠭᠡ ᠪᠦᠯᠦᠭ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠬᠡᠷᠡᠭᠵᠢᠭᠦᠯᠵᠦ᠂ 359 ᠪᠣᠷᠣ ᠭᠡᠷ ᠤᠨ ᠲᠣᠭᠤᠷᠢᠭ ᠢ ᠦᠭᠡᠷᠡᠴᠢᠯᠡᠬᠦ᠂ 7.1 ᠺᠢᠯᠣᠮᠧᠲᠷ ᠤᠨ ᠳᠣᠯᠠᠭᠠᠯᠭ᠎ᠠ ᠬᠠᠩᠭᠠᠬᠤ ᠬᠤᠭᠤᠯᠠᠢ ᠲᠣᠣᠷ᠂ 9.6 ᠺᠢᠯᠣᠮᠧᠲᠷ ᠤᠨ ᠣᠰᠣ ᠬᠠᠩᠭᠠᠬᠤ ᠬᠤᠭᠤᠯᠠᠢ ᠲᠣᠣᠷ᠂ 9.3 ᠺᠢᠯᠣᠮᠧᠲᠷ ᠤᠨ ᠪᠣᠬᠢᠷ ᠣᠰᠣᠨ ᠤ ᠬᠤᠭᠤᠯᠠᠢ ᠲᠣᠣᠷ ᠢ ᠦᠭᠡᠷᠡᠴᠢᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠪᠡ᠃ ᠬᠤᠳᠠ ᠶᠢᠨ ᠣᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠤᠨ ᠲᠠᠯᠠᠪᠠᠢ᠂ ᠬᠤᠨᠢᠨ ᠪᠣᠶᠢᠯᠠᠰᠣ ᠶᠢᠨ ᠦᠵᠡᠮᠵᠢ ᠶᠢᠨ ᠪᠦᠰᠡ᠂ ᠬᠤᠳᠠ ᠶᠢᠨ ᠡᠮᠦᠨ᠎ᠡ ᠭᠡᠰᠡᠭ ᠤᠨ ᠣᠷᠣᠴᠠ ᠶᠢᠨ ᠭᠡᠷᠡᠯᠳᠦᠭᠦᠯᠭᠡ᠂ ᠣᠰᠣ ᠪᠠᠷ ᠴᠡᠪᠡᠷᠯᠡᠬᠦ ᠵᠣᠷᠯᠣᠩ ᠤᠨ ᠦᠭᠡᠷᠡᠴᠢᠯᠡᠯᠳᠡ ᠵᠡᠷᠭᠡ ᠨᠢᠭᠡ ᠪᠦᠯᠦᠭ ᠰᠠᠭᠤᠷᠢᠰᠢᠬᠤ ᠳᠤ ᠲᠣᠬᠢᠷᠠᠮᠵᠢᠳᠠᠢ ᠲᠦᠷᠦᠯ ᠵᠦᠢᠯ ᠢ ᠪᠦᠲᠦᠭᠡᠨ ᠪᠠᠶᠢᠭᠤᠯᠪᠠ᠃ ᠣᠯᠣᠰ ᠤᠨ ᠠᠷᠢᠭᠤᠨ ᠴᠡᠪᠡᠷ ᠬᠤᠳᠠ ᠪᠠᠯᠭᠠᠰᠣ᠂ ᠦᠪᠡᠷᠳᠡᠭᠡᠨ ᠵᠠᠰᠠᠬᠤ ᠣᠷᠣᠨ ᠤ ᠪᠣᠯᠪᠠᠰᠣᠨ ᠰᠢᠶᠠᠨ ᠬᠤᠳᠠ ᠶᠢ ᠡᠭᠦᠳᠦᠨ ᠪᠠᠶᠢᠭᠤᠯᠣᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠳᠣᠳᠬᠠᠵᠣ᠂ ᠣᠷᠴᠢᠨ ᠲᠣᠭᠤᠷᠢᠨ ᠤ ᠠᠷᠢᠭᠤᠨ ᠴᠡᠪᠡᠷ᠂ ᠴᠡᠴᠡᠷᠯᠢᠭ ᠤᠨ ᠨᠣᠭᠤᠭᠠᠷᠠᠭᠤᠯᠣᠯᠳᠠ᠂ ᠬᠤᠳᠠ ᠶᠢᠨ ᠬᠠᠮᠢᠶᠠᠷᠣᠯᠳᠠ ᠶᠢᠨ ᠦᠢᠯᠡᠴᠢᠯᠡᠭᠡ ᠶᠢᠨ ᠰᠢᠨ᠎ᠡ ᠳᠡᠭᠡᠭᠰᠢᠯᠡᠯᠳᠡ ᠶᠢ ᠪᠠᠶᠢᠭᠤᠯᠣᠨ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠨ ᠠᠬᠢᠭᠤᠯᠵᠣ᠂ ᠰᠠᠭᠤᠷᠢᠰᠢᠬᠤ ᠳᠤ ᠲᠣᠬᠢᠷᠠᠮᠵᠢᠳᠠᠢ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠳᠠᠢ ᠬᠤᠳᠠ ᠪᠠᠯᠭᠠᠰᠣᠨ ᠤ ᠣᠷᠴᠢᠨ ᠨᠦᠬᠦᠴᠡᠯ ᠢ ᠣᠯᠠᠮ ᠰᠠᠶᠢᠵᠢᠷᠠᠭᠤᠯᠪᠠ᠃ ᠬᠤᠳᠠ ᠬᠦᠳᠡᠭᠡᠨ ᠤ ᠰᠠᠭᠤᠷᠢ ᠶᠢ ᠲᠠᠰᠣᠷᠠᠯᠳᠠ ᠦᠭᠡᠢ ᠲᠡᠭᠦᠯᠳᠡᠷᠵᠢᠭᠦᠯᠪᠡ᠃ ᠡᠷᠢᠶᠡᠨ ᠬᠤᠳᠠ ᠠᠴᠠ ᠭᠤᠸᠠᠩᠵᠸᠣ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠬᠤᠳᠠ ᠠᠴᠠ ᠰᠠᠶᠢᠬᠠᠨᠳᠠᠯ᠎ᠠ ᠬᠦᠷᠬᠦ ᠭᠡᠰᠡᠭ ᠢ ᠦᠭᠡᠷᠡᠴᠢᠯᠡᠨ ᠦᠷᠭᠡᠳᠭᠡᠵᠦ ᠪᠠᠶᠢᠭᠤᠯᠬᠤ ᠲᠦᠷᠦᠯ ᠵᠦᠢᠯ ᠪᠠᠶᠢᠴᠠᠭᠠᠯᠳᠠ ᠶᠢ ᠦᠩᠭᠡᠷᠡᠭᠡᠨ ᠲᠡᠷᠭᠡ ᠨᠡᠪᠳᠡᠷᠡᠵᠦ᠂ ᠪᠦᠬᠦ ᠬᠤᠰᠢᠭᠤᠨ ᠤ ᠦᠨᠳᠦᠷ ᠬᠤᠷᠳᠣᠴᠠᠳᠣ ᠵᠠᠰᠠᠮᠠᠯ ᠵᠠᠮ ᠤᠨ ᠣᠷᠳᠣ 210.2 ᠺᠢᠯᠣᠮᠧᠲᠷ ᠲᠤ ᠬᠦᠷᠴᠦ᠂ ᠪᠦᠬᠦ ᠠᠶᠢᠮᠠᠭ ᠲᠤ ᠨᠢᠭᠡᠳᠦᠭᠡᠷ ᠲᠤ ᠣᠷᠣᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 118.7 ᠺᠢᠯᠣᠮᠧᠲᠷ ᠳᠡᠪᠢᠰᠴᠦ᠂ 108 ᠺᠢᠯᠣᠮᠧᠲᠷ ᠵᠠᠮ ᠢ ᠠᠷᠠᠴᠢᠯᠠᠬᠤ ᠢᠨᠵᠧᠨᠧᠷᠢᠩ ᠢ ᠪᠡᠶᠡᠯᠡᠭᠦᠯᠵᠦ᠂ ᠪᠠᠯᠭᠠᠰᠣᠨ ᠲᠣᠳᠣᠷᠠᠬᠢ ᠨᠡᠶᠢᠳᠡ ᠶᠢᠨ ᠮᠠᠰᠢᠨ ᠲᠡᠷᠭᠡ᠂ ᠬᠤᠳᠠ ᠬᠦᠳᠡᠭᠡ ᠶᠢᠨ ᠬᠤᠣᠰ ᠴᠢᠭᠯᠡᠯᠲᠦ ᠨᠡᠶᠢᠳᠡ ᠶᠢᠨ ᠮᠠᠰᠢᠨ ᠲᠡᠷᠭᠡ ᠲᠣᠭᠳᠠᠭᠤᠨ ᠢᠶᠠᠷ ᠠᠵᠢᠯᠯᠠᠵᠣ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠲᠦᠪᠰᠢᠨ ᠲᠠᠰᠣᠷᠠᠯᠳᠠ ᠦᠭᠡᠢ ᠳᠡᠭᠡᠭᠰᠢᠯᠡᠪᠡ᠃ 198 ᠺᠢᠯᠣᠮᠧᠲᠷ ᠤᠨ ᠰᠢᠨ᠎ᠡ ᠡᠨᠧᠷᠬᠢ ᠶᠢ ᠴᠠᠬᠢᠯᠭᠠᠨ ᠪᠣᠯᠭᠠᠵᠣ ᠬᠤᠪᠢᠷᠠᠭᠤᠯᠬᠤ ᠢᠨᠵᠧᠨᠧᠷᠢᠩ ᠢ ᠪᠡᠶᠡᠯᠡᠭᠦᠯᠵᠦ᠂ 26 ᠺᠢᠯᠣᠮᠧᠲᠷ ᠤᠨ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠢ ᠦᠭᠡᠷᠡᠴᠢᠯᠡᠨ ᠳᠡᠰ ᠳᠡᠪᠰᠢᠭᠦᠯᠵᠦ᠂ ᠣᠷᠴᠢᠮ ᠤᠨ 20 ᠵᠢᠯ ᠳᠤ ᠴᠠᠬᠢᠯᠭᠠᠨ ᠦᠭᠡᠢ ᠪᠠᠶᠢᠭᠰᠠᠨ 355 ᠮᠠᠯᠵᠢᠬᠤ ᠡᠷᠦᠭᠡ ᠳᠤ ᠴᠠᠬᠢᠯᠭᠠᠨ ᠲᠣᠣᠷ ᠨᠡᠪᠳᠡᠷᠡᠭᠦᠯᠵᠦ ᠦᠭᠪᠡ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠢ ᠪᠠᠳᠣᠯᠠᠬᠤ ᠪᠠ ᠬᠢᠯᠢ ᠶᠢᠨ ᠮᠠᠯᠵᠢᠬᠤ ᠣᠷᠣᠨ ᠤ ᠲᠠᠷᠠᠬᠠᠢ ᠬᠡᠯᠪᠡᠷᠢ ᠶᠢᠨ ᠣᠰᠣ ᠬᠠᠩᠭᠠᠬᠤ ᠪᠠᠳᠣᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 99 ᠬᠤᠳᠳᠤᠭ ᠮᠠᠯᠳᠠᠵᠣ᠂ 43 ᠣᠰᠣ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ 1389 ᠬᠦᠮᠦᠨ ᠠᠮᠠ ᠳᠤ ᠣᠰᠣ ᠬᠠᠩᠭᠠᠬᠤ ᠪᠠᠳᠣᠯᠠᠭ᠎ᠠ ᠶᠢᠨ ᠬᠢᠷᠢ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃ 4G ᠴᠢᠮᠡᠭᠡ ᠬᠤᠯᠪᠣᠭᠠᠨ ᠤ 4 ᠰᠠᠭᠤᠷᠢ ᠦᠷᠳᠡᠭᠡ᠂ 5G ᠴᠢᠮᠡᠭᠡ ᠬᠤᠯᠪᠣᠭᠠᠨ ᠤ 148 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠣ᠂ ᠮᠠᠯᠵᠢᠬᠤ ᠣᠷᠣᠨ ᠳᠤ ᠴᠢᠮᠡᠭᠡ ᠬᠤᠯᠪᠣᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃       ᠨᠢᠭᠡ ᠵᠢᠯ ᠤᠨ ᠲᠣᠷᠰᠢ᠂ ᠪᠢᠳᠡ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠨᠡᠭᠡᠭᠡᠯᠳᠡ ᠶᠢ ᠦᠷᠭᠡᠳᠭᠡᠵᠦ᠂ ᠬᠤᠰᠢᠭᠤ ᠰᠢᠶᠠᠨ ᠤ ᠬᠡᠪᠴᠢᠶᠡᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠦᠪᠡᠷᠳᠡᠭᠡᠨ ᠵᠠᠰᠠᠬᠤ ᠣᠷᠣᠨ ᠤ 3.0 ᠭᠡᠪ ᠎ ᠤᠨ ᠨᠠᠶᠢᠳᠠᠪᠣᠷᠢᠵᠢᠭᠤᠯᠣᠯᠳᠠ ᠶᠢ ᠪᠦᠲᠦᠮᠵᠢᠳᠠᠢ ᠠᠬᠢᠭᠤᠯᠵᠣ᠂ 261 ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦᠨ ᠢ ᠪᠡᠶᠡᠯᠡᠭᠦᠯᠬᠦ ᠶᠢᠨ ᠬᠠᠮᠳᠣ ᠦᠷᠭᠦᠯᠵᠢᠯᠡᠨ ᠰᠢᠯᠢᠳᠡᠭᠵᠢᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠨᠡᠯᠡᠨ ᠰᠢᠯᠭᠠᠬᠤ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠣ᠂ ᠦᠨᠡᠯᠡᠯᠳᠡ ᠪᠠᠷ ᠰᠢᠯᠢᠳᠡᠭᠵᠢᠭᠦᠯᠬᠦ ᠶᠢ ᠠᠬᠢᠭᠤᠯᠵᠣ᠂ ᠦᠨᠡᠯᠡᠯᠳᠡ ᠪᠠᠷ ᠰᠠᠶᠢᠵᠢᠷᠠᠭᠤᠯᠬᠤ ᠶᠢ ᠠᠬᠢᠭᠤᠯᠵᠣ᠂ 2023 ᠣᠨ ᠤ ᠦᠪᠡᠷᠳᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠨᠡᠯᠡᠯᠳᠡ ᠶᠢ ᠮᠡᠳᠡᠭᠦᠯᠬᠦ ᠠᠵᠢᠯ ᠤᠨ ᠡᠭᠦᠷᠭᠡ ᠶᠢ ᠠᠮᠵᠢᠯᠳᠠᠳᠠᠢ ᠪᠡᠶᠡᠯᠡᠭᠦᠯᠪᠡ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠣᠯᠳᠠ ᠶᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠪᠣᠯᠭᠠᠨ ᠠᠳᠬᠤᠵᠣ᠂ ᠭᠠᠷᠠᠭ ᠲᠤ ᠲᠣᠬᠢᠷᠠᠭᠤᠯᠬᠤ᠂ ᠰᠠᠷ᠎ᠠ ᠳᠤ ᠨᠡᠶᠢᠳᠡᠯᠡᠬᠦ᠂ ᠣᠯᠠᠷᠢᠯ ᠳᠤ ᠬᠢᠨᠠᠨ ᠦᠨᠡᠯᠡᠬᠦ ᠠᠵᠢᠯ ᠤᠨ ᠵᠣᠬᠢᠴᠠᠮᠵᠢ ᠶᠢ ᠪᠠᠶᠢᠭᠤᠯᠵᠣ᠂ ᠵᠠᠰᠠᠭ ᠤᠨ ᠶᠠᠪᠣᠳᠠᠯ ᠤᠨ ᠢᠳᠡᠭᠡᠮᠵᠢ ᠶᠢᠨ ᠪᠠᠶᠢᠭᠤᠯᠣᠯᠳᠠ ᠶᠢ ᠴᠢᠩᠭᠠᠳᠬᠠᠬᠤ᠂ ᠢᠳᠡᠭᠡᠯ ᠠᠯᠳᠠᠪᠠᠯ ᠬᠠᠣᠯᠢ ᠲᠦᠷᠢᠮ ᠶᠣᠰᠣᠭᠠᠷ ᠵᠠᠯᠬᠠᠭᠠᠨ ᠴᠡᠭᠡᠷᠯᠡᠭᠦᠯᠵᠦ᠂ ᠢᠳᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠳᠡ ᠶᠢ ᠦᠷᠭᠡᠳᠭᠡᠬᠦ ᠪᠠᠷ ᠳᠠᠮᠵᠢᠨ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠣᠷᠣᠨ ᠤ 103 ᠬᠤᠰᠢᠭᠤ ᠰᠢᠶᠠᠨ ᠬᠤᠳᠠ ᠲᠣᠭᠤᠷᠢᠭ ᠤᠨ ᠲᠡᠷᠢᠭᠦᠨ ᠳᠤ ᠵᠢᠭᠰᠠᠭᠠᠭᠳᠠᠪᠠ᠃ ︽ᠲᠦᠷᠪᠡᠨ ᠭᠦᠢᠴᠡᠳᠭᠡᠬᠦ︾ ᠠᠵᠢᠯ ᠢ ᠲᠡᠷᠢᠭᠦᠨ ᠳᠤ ᠲᠠᠯᠪᠢᠵᠣ᠂ ᠵᠢᠱᠢᠶ᠎ᠡ ᠦᠵᠡᠭᠦᠯᠵᠦ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠪᠣᠯᠣᠨ ᠪᠦᠬᠦ ᠶᠠᠪᠣᠴᠠ ᠶᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠲᠣᠰᠪᠦᠷᠢ ᠪᠦᠬᠦ ᠠᠶᠢᠮᠠᠭ ᠤᠨ ᠳᠡᠭᠰᠢᠳᠭᠡᠭᠰᠡᠨ ᠬᠢᠷᠢ ᠲᠦᠪᠰᠢᠨ ᠠᠴᠠ 0.45 ᠪᠠ 7.7 ᠵᠠᠭᠤᠨ ᠤ ᠬᠤᠪᠢ ᠶᠢᠨ ᠴᠡᠭ ᠢᠶᠠᠷ ᠦᠨᠳᠦᠷ ᠪᠣᠯᠪᠠ᠃ 202 ᠲᠦᠷᠦᠯ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠵᠦᠢᠯᠡᠰ ᠢ ︽ᠭᠠᠷ ᠣᠳᠠᠰᠣᠨ ᠳᠡᠭᠡᠷ᠎ᠡ ᠭᠦᠢᠴᠡᠳᠭᠡᠬᠦ︾᠎ ᠶᠢ ᠪᠡᠶᠡᠯᠡᠭᠦᠯᠵᠦ᠂ ᠦᠷᠭᠦᠯᠵᠢ ᠠᠰᠢᠭᠯᠠᠬᠤ 9 ᠬᠡᠷᠡᠭᠯᠡᠭᠡᠨ ᠢ ︽ᠮᠦᠩᠭᠡ ᠰᠣᠪᠠᠭ︾᠎ ᠲᠤ ᠣᠷᠣᠭᠤᠯᠵᠣ᠂ ᠪᠦᠬᠦ ᠠᠶᠢᠮᠠᠭ ᠲᠤ ᠬᠠᠮᠤᠭ ᠲᠡᠷᠢᠭᠦᠨ ᠎ ᠳᠤ ︽ᠣᠶᠣᠨᠴᠢ ᠨᠠᠰᠣᠳᠠᠶᠢᠴᠣᠳ ᠢ ᠠᠰᠠᠷᠠᠬᠤ ᠲᠣᠰᠬᠠᠢ ᠲᠣᠭᠤᠷᠢᠭ︾᠎ ᠢ ᠭᠠᠷᠭᠠᠵᠣ᠂ ︽ᠨᠢᠭᠡᠯᠡ ᠣᠳᠠᠭ᠎ᠠ ᠳᠤ ᠭᠦᠢᠴᠡᠳᠭᠡᠬᠦ︾᠎ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠢᠴᠡᠳᠭᠡᠭᠰᠡᠨ ᠵᠦᠢᠯ 6993 ᠬᠤᠪᠢ ᠎ ᠳᠤ ᠬᠦᠷᠴᠦ᠂ ᠨᠡᠶᠢᠳᠡ 33 ᠭᠤᠣᠯᠳᠠᠯᠭ᠎ᠠ ᠲᠠᠢ ᠲᠦᠷᠦᠯ ᠵᠦᠢᠯ᠂ 32 ᠵᠢᠵᠢᠭ ᠠᠵᠣ ᠠᠬᠤᠶᠢᠯᠠᠯ ᠳᠤ ᠬᠠᠪᠰᠣᠷᠣᠨ ᠭᠦᠢᠴᠡᠳᠭᠡᠬᠦ᠂ ᠣᠷᠣᠯᠠᠨ ᠭᠦᠢᠴᠡᠳᠭᠡᠬᠦ᠂ ᠣᠴᠢᠵᠣ ᠦᠢᠯᠡᠴᠢᠯᠡᠬᠦ ᠦᠢᠯᠡᠴᠢᠯᠡᠭᠡ ᠬᠠᠩᠭᠠᠪᠠ︔ ᠰᠦᠨᠢᠳ ᠣᠷᠣᠯᠠᠨ ᠭᠦᠢᠴᠡᠳᠭᠡᠬᠦ ᠣᠨᠴᠠᠯᠢᠭᠳᠣ ᠵᠠᠰᠠᠭ ᠤᠨ ᠶᠠᠪᠣᠳᠠᠯ ᠤᠨ ᠦᠢᠯᠡᠴᠢᠯᠡᠭᠡ ᠨᠢ ᠪᠦᠬᠦ ᠣᠷᠣᠨ ᠤ ᠲᠣᠰᠬᠤᠨ ᠤ ᠳᠡᠰ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠭᠡᠬᠦ ᠨᠡᠶᠢᠳᠡᠯᠢᠭ ᠵᠢᠱᠢᠶ᠎ᠡ ᠪᠠᠷ ᠦᠨᠡᠯᠡᠭᠳᠡᠵᠦ᠂ ᠪᠦᠬᠦ ᠠᠶᠢᠮᠠᠭ ᠤᠨ ᠲᠣᠣᠷ ᠰᠦᠯᠵᠢᠶᠡᠨ ᠤ ᠨᠡᠶᠢᠳᠡ ᠶᠢᠨ ᠠᠰᠠᠷᠠᠮᠵᠢ ᠶᠢᠨ ᠰᠢᠯᠢᠳᠡᠭ ᠵᠢᠱᠢᠶ᠎ᠡ ᠪᠣᠯᠪᠠ᠃ 12345 ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠣᠳᠠᠰᠣ ᠨᠢ ᠨᠡᠶᠢᠳᠡ 1711 ᠬᠤᠪᠢ ᠬᠡᠷᠡᠭ ᠢ ᠭᠦᠢᠴᠡᠳᠭᠡᠵᠦ᠂ ᠰᠢᠢᠳᠪᠦᠷᠢᠯᠡᠭᠰᠡᠨ ᠨᠣᠷᠮ᠎ᠠ ᠪᠣᠯᠣᠨ ᠬᠠᠨᠣᠮᠵᠢ ᠶᠢᠨ ᠬᠡᠮᠵᠢᠶ᠎ᠡ ᠴᠦᠮ 100%᠎ ᠳᠤ ᠬᠦᠷᠪᠡ᠃ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠪᠡ᠃ ᠬᠤᠶᠠᠷ ᠶᠡᠭᠡ ᠶᠠᠪᠣᠳᠠᠯ ᠢ ᠰᠠᠶᠢᠳᠣᠷ ᠬᠢᠬᠦ ᠎ ᠳᠤ ᠠᠩᠬᠠᠷᠣᠯ ᠢᠶᠠᠨ ᠲᠦᠪᠯᠡᠷᠡᠭᠦᠯᠵᠦ  ᠂ ᠠᠰᠠᠭᠤᠳᠠᠯ ᠤᠨ ᠵᠢᠯᠣᠭᠤᠳᠣᠮᠵᠢ ᠶᠢ ᠪᠠᠳᠣ ᠪᠠᠬᠢ ᠪᠣᠢ ᠪᠣᠯᠭᠠᠵᠣ᠂ ᠦᠭᠡᠷᠡᠴᠢᠯᠡᠯᠳᠡ ᠶᠢᠨ ᠡᠷᠴᠢ ᠬᠦᠴᠦ ᠶᠢ ᠪᠠᠳᠣᠯᠠᠵᠣ᠂ ᠠᠵᠣ ᠠᠬᠤᠢ ᠶᠢᠨ ᠬᠦᠭᠵᠢᠯᠳᠡ᠂ ᠠᠮᠢ ᠠᠬᠤᠢ ᠶᠢᠨ ᠪᠣᠯᠪᠠᠰᠣᠨ᠂ ᠨᠡᠶᠢᠭᠡᠮ ᠤᠨ ᠵᠠᠰᠠᠯᠳᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠣᠯᠣᠨ ᠵᠠᠩᠭᠢᠯᠠᠭ᠎ᠠ ᠶᠢᠨ ᠭᠤᠭᠴᠣᠭᠠᠨ ᠳᠤ ᠦᠭᠡᠷᠡᠴᠢᠯᠡᠯᠳᠡ ᠶᠢᠨ ᠡᠭᠦᠷᠭᠡ ᠶᠢ ᠰᠦᠪᠡᠭᠴᠢᠯᠡᠵᠦ᠂ ︽ᠬᠠᠪᠰᠣᠷᠣᠨ ᠭᠦᠢᠴᠡᠳᠭᠡᠬᠦ ᠣᠷᠣᠯᠠᠨ ᠭᠦᠢᠴᠡᠳᠭᠡᠬᠦ︾ ︽ᠣᠷᠴᠢᠨ ᠲᠣᠭᠤᠷᠢᠨ ᠢ ᠬᠠᠮᠠᠭᠠᠯᠠᠬᠤ ᠬᠠᠮᠢᠶᠠᠷᠣᠭᠴᠢ︾ ᠵᠡᠷᠭᠡ ᠨᠢᠭᠡ ᠪᠦᠯᠦᠭ ᠬᠦᠳᠦᠯᠦᠨ ᠳᠠᠭᠠᠭᠤᠯᠬᠤ ᠴᠢᠨᠠᠷᠳᠠᠢ ᠦᠭᠡᠷᠡᠴᠢᠯᠡᠯᠳᠡ ᠶᠢᠨ ᠠᠷᠭ᠎ᠠ ᠠᠪᠴᠠᠯ ᠢ ᠲᠣᠭᠳᠠᠭᠠᠵᠣ᠂ ︽ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ︾ ︽ᠨᠡᠶᠢᠭᠡᠮ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠣᠯᠳᠠ︾ ᠵᠡᠷᠭᠡ ᠲᠠᠯ᠎ᠠ ᠪᠠᠷ ᠨᠢᠭᠡ ᠪᠦᠯᠦᠭ ᠡᠭᠦᠳᠦᠯᠳᠡ ᠲᠠᠢ ᠦᠭᠡᠷᠡᠴᠢᠯᠡᠯᠳᠡ ᠶᠢᠨ ᠲᠣᠷᠰᠢᠯᠭ᠎ᠠ ᠶᠢ ᠪᠦᠷᠢᠯᠳᠦᠭᠦᠯᠵᠦ᠂ ᠦᠭᠡᠷᠡᠴᠢᠯᠡᠯᠳᠡ ᠪᠡ ᠬᠦᠭᠵᠢᠭᠦᠯᠦᠯᠳᠡ ᠶᠢ ᠬᠦᠨᠵᠡᠭᠡᠢ ᠠᠭᠤᠰᠣᠯᠴᠠᠭᠤᠯᠬᠤ ᠶᠢ ᠴᠢᠷᠮᠠᠶᠢᠨ ᠠᠬᠢᠭᠤᠯᠪᠠ᠃ ᠭᠠᠳᠠᠭᠰᠢ ᠨᠡᠭᠡᠭᠡᠯᠳᠡ ᠬᠢᠬᠦ ᠶᠢ ᠲᠠᠰᠣᠷᠠᠯᠳᠠ ᠦᠭᠡᠢ ᠬᠦᠨᠵᠡᠭᠡᠶᠢᠷᠡᠭᠦᠯᠪᠡ᠃ ᠣᠯᠣᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ ᠪᠠᠶᠢᠯᠳᠣᠬᠤ ᠪᠣᠳᠣᠯᠭ᠎ᠠ ᠶᠢᠨ ᠲᠣᠯᠭᠠᠭᠤᠷᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠵᠢᠯ ᠤᠨ ᠲᠣᠳᠣᠷ᠎ᠠ ᠭᠤᠣᠯᠳᠠᠯᠭ᠎ᠠ ᠲᠠᠢ ᠠᠵᠣ ᠠᠬᠤᠶᠢᠯᠠᠯ ᠢ 44 ︵ᠣᠳᠠᠭ᠎ᠠ︶ ᠵᠣᠬᠢᠶᠠᠨ ᠪᠠᠶᠢᠭᠤᠯᠣᠨ ᠳᠣᠮᠳᠠᠳᠣ ᠮᠣᠩᠭᠤᠯ ᠤᠨ ᠦᠵᠡᠭᠦᠯᠦᠯᠭᠡ ᠶᠢᠨ ᠴᠣᠭᠯᠠᠭᠠᠨ᠂ ᠦᠪᠦᠷ ᠮᠣᠩᠭᠤᠯ ᠤᠨ ᠰᠢᠯᠢᠳᠡᠭ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠳᠡᠯᠭᠡᠨ ᠪᠣᠷᠣᠯᠠᠭᠤᠯᠭ᠎ᠠ ᠶᠢᠨ ᠬᠤᠷᠠᠯ᠂ ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ ᠶᠢᠨ ᠬᠡᠷᠡᠭᠯᠡᠭᠡ ᠪᠠᠷ ᠬᠠᠪᠰᠣᠷᠣᠨ ᠳᠡᠳᠭᠦᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠣ᠂ ᠣᠣ ᠰᠢᠤᠸᠠᠢ ᠴᠦᠨ ᠺᠣᠮᠫᠠᠨᠢ ᠎ ᠶᠢᠨ ᠪᠦᠲᠦᠭᠡᠭᠳᠡᠭᠦᠨ ᠢ ᠮᠣᠩᠭᠤᠯ ᠣᠯᠣᠰ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠬᠠᠪᠰᠣᠷᠴᠣ᠂ ᠰᠦᠨᠢᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠪᠡᠭᠡᠵᠢᠩ ᠤᠨ 1017 ᠭᠠᠵᠠᠷ ᠵᠦᠢ ᠶᠢᠨ ᠪᠠᠶᠢᠷᠢᠰᠢᠯ ᠎ ᠤᠨ ᠣᠷᠳᠣᠨ ᠳᠤ ᠣᠷᠣᠭᠤᠯᠬᠤ ᠪᠠᠷ ᠲᠠᠨᠢᠯᠴᠠᠭᠤᠯᠵᠣ᠂ ᠪᠦᠬᠦ ᠵᠢᠯ ᠳᠤ ᠭᠠᠳᠠᠭᠠᠳᠣ ᠠᠷᠠᠯᠵᠢᠶᠠᠨ ᠤ ᠣᠷᠣᠭᠤᠯᠵᠣ ᠭᠠᠷᠭᠠᠭᠰᠠᠨ ᠶᠡᠷᠦᠩᠭᠡᠢ ᠲᠤᠭ᠎ᠠ ᠪᠣᠯᠣᠨ ᠪᠠᠷᠠᠭᠠᠨ ᠤ ᠳᠡᠭᠡᠭᠡᠪᠦᠷᠢ ᠶᠢᠨ ᠬᠡᠮᠵᠢᠶ᠎ᠡ ᠲᠣᠰᠪᠦᠷᠢ 2878 ᠲᠦᠮᠡᠨ ᠲᠦᠭᠦᠷᠢᠭ᠂ 652 ᠲᠣᠨ ᠢ ᠪᠡᠶᠡᠯᠡᠭᠦᠯᠵᠦ᠂ ᠬᠢᠵᠢᠭ ᠤᠨ ᠪᠠᠶᠢᠳᠠᠯ ᠡᠭᠦᠰᠬᠦ ᠠᠴᠠ ᠡᠮᠦᠨᠡᠬᠢ ᠬᠢᠷᠢ ᠲᠦᠪᠰᠢᠨ ᠎ ᠳᠡᠭᠡᠨ ᠬᠦᠷᠪᠡ᠃ ᠰᠢᠨᠵᠢᠯᠡᠭᠡ ᠮᠡᠷᠭᠡᠵᠢᠯ ᠤᠨ ᠡᠭᠦᠳᠦᠯᠳᠡ ᠶᠢᠨ ᠦᠷ᠎ᠡ ᠪᠦᠲᠦᠮᠵᠢ ᠶᠢ ᠲᠦᠷᠭᠡᠨ ᠲᠦᠪᠯᠡᠷᠡᠭᠦᠯᠪᠡ᠃ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ᠂ ᠰᠢᠨ᠎ᠡ ᠮᠡᠲ᠋ᠧᠷᠢᠶᠠᠯ ᠤᠨ ᠠᠰᠢᠭᠯᠠᠯᠳᠠ ᠵᠡᠷᠭᠡ ᠬᠦᠷᠢᠶ᠎ᠡ ᠴᠠᠷ᠎ᠠ ᠪᠠᠷ ᠭᠤᠣᠯᠳᠠᠯᠭ᠎ᠠ ᠪᠣᠯᠭᠠᠵᠣ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ 8 ᠲᠦᠷᠦᠯ ᠵᠦᠢᠯ ᠢ ᠭᠤᠶᠣᠴᠢᠯᠠᠨ ᠮᠡᠳᠡᠭᠦᠯᠵᠦ᠂ ᠵᠢᠦᠢ ᠹᠧᠩ ᠵᠧᠩ ᠪᠧᠢ ᠡᠳᠦᠷ ᠤᠨ ᠲᠡᠵᠢᠭᠡᠯ ᠪᠣᠷᠳᠤᠭ᠎ᠠ ᠶᠢ ᠬᠤᠯᠢᠵᠣ ᠲᠣᠬᠢᠷᠠᠭᠤᠯᠬᠤ ᠰᠣᠳᠣᠯᠣᠯᠳᠠ ᠵᠢᠴᠢ ᠦᠢᠯᠡᠳᠪᠦᠷᠢᠯᠡᠨ ᠲᠦᠭᠡᠮᠡᠯᠵᠢᠭᠦᠯᠬᠦ ᠲᠦᠷᠦᠯ ᠵᠦᠢᠯ ᠨᠢ ᠲᠣᠰᠬᠠᠢ ᠮᠡᠷᠭᠡᠵᠢᠯᠳᠡᠨ ᠤ ᠬᠢᠨᠠᠨ ᠦᠨᠡᠯᠡᠯᠳᠡ ᠪᠠᠷ ᠪᠠᠳᠣᠯᠠᠭᠳᠠᠵᠣ᠂ 60 ᠲᠦᠮᠡᠨ ᠲᠦᠭᠦᠷᠢᠭ ᠤᠨ ᠱᠠᠩᠨᠠᠯ ᠤᠨ ᠪᠡᠯᠡ ᠮᠦᠩᠭᠦ ᠬᠦᠷᠳᠡᠪᠡ᠃ ᠵᠦᠩ ᠺᠧ ᠯᠢᠩ ᠱᠧᠩ᠂ ᠯᠢᠦᠢ ᠾᠧ ᠠᠮᠢᠳᠣ ᠪᠣᠳᠠᠰ ᠵᠡᠷᠭᠡ 7 ᠠᠵᠣ ᠠᠬᠤᠶᠢᠯᠠᠯ ᠨᠢ ᠦᠪᠡᠷᠳᠡᠭᠡᠨ ᠵᠠᠰᠠᠬᠤ ᠣᠷᠣᠨ ᠤ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠢᠶᠠᠷ ᠦᠨᠡᠯᠡᠭᠳᠡᠵᠦ᠂ ᠦᠨᠡᠯᠡᠭᠳᠡᠭᠰᠡᠨ ᠬᠠᠷᠢᠴᠠᠯ ᠨᠢ ᠪᠦᠬᠦ ᠠᠶᠢᠮᠠᠭ ᠤᠨ 27%᠎ ᠶᠢ ᠡᠵᠡᠯᠡᠪᠡ᠃ ᠠᠶᠢᠮᠠᠭ ᠤᠨ ᠳᠡᠰ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ 4 ᠠᠵᠣ ᠠᠬᠤᠶᠢᠯᠠᠯ ᠢ ᠠᠮᠵᠢᠯᠳᠠᠳᠠᠢ ᠭᠤᠶᠣᠴᠢᠯᠠᠨ ᠮᠡᠳᠡᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠣᠮᠳᠠ ᠪᠠᠭ᠎ᠠ ᠠᠵᠣ ᠠᠬᠤᠶᠢᠯᠠᠯ ᠢᠶᠠᠷ 6 ᠠᠵᠣ ᠠᠬᠤᠶᠢᠯᠠᠯ ᠎ ᠢ ᠪᠣᠶᠢᠵᠢᠭᠤᠯᠪᠠ᠃ ᠲᠦᠷᠦᠯ ᠵᠦᠢᠯ ᠢᠶᠠᠷ ᠬᠠᠮᠳᠣᠷᠠᠯᠴᠠᠬᠤ᠂ ᠨᠠᠶᠢᠳᠠᠨ ᠨᠡᠭᠡᠭᠡᠨ ᠠᠰᠢᠭᠯᠠᠭᠤᠯᠬᠤ ᠵᠡᠷᠭᠡ ᠬᠡᠯᠪᠡᠷᠢ ᠎ ᠪᠠᠷ ᠲᠣᠰᠬᠠᠢ ᠮᠡᠷᠭᠡᠵᠢᠯ ᠤᠨ ᠴᠢᠳᠠᠪᠣᠷᠢᠳᠠᠨ ᠢᠶᠠᠷ 10 ᠬᠦᠮᠦᠨ ᠢ ᠣᠷᠢᠵᠣ ᠣᠷᠣᠭᠤᠯᠣᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠰᠢᠨ᠎ᠡ ᠶᠢ ᠡᠭᠦᠳᠦᠨ ᠬᠦᠭᠵᠢᠭᠦᠯᠬᠦ ᠳᠤ ᠬᠦᠨᠵᠡᠭᠡᠢ ᠠᠭᠤᠰᠣᠯᠴᠠᠭᠤᠯᠪᠠ᠃       ᠨᠢᠭᠡ ᠵᠢᠯ ᠤᠨ ᠲᠣᠷᠰᠢ᠂ ᠪᠢᠳᠡ ᠣᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠪᠡ᠃ ᠪᠦᠬᠦ ᠵᠢᠯ ᠳᠤ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠬᠦᠷᠢᠶ᠎ᠡ ᠴᠠᠷ᠎ᠠ ᠳᠤ ᠬᠡᠷᠡᠭᠯᠡᠭᠰᠡᠨ ᠪᠡᠯᠡ ᠮᠦᠩᠭᠦ 11.3 ᠳ᠋ᠦᠩᠰᠢᠭᠤᠷ ᠲᠦᠭᠦᠷᠢᠭ ᠲᠤ ᠬᠦᠷᠴᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 64%᠎ ᠶᠢ ᠡᠵᠡᠯᠡᠪᠡ᠃ ᠰᠣᠷᠭᠠᠨ ᠬᠦᠮᠦᠵᠢᠯ ᠡᠮ ᠡᠮᠨᠡᠯᠭᠡ᠂ ᠵᠡᠮᠳᠡᠭᠴᠣᠳ ᠢ ᠬᠠᠪᠰᠣᠷᠣᠨ ᠳᠡᠳᠭᠦᠬᠦ᠂ ᠰᠠᠭᠤᠷᠢ ᠪᠦᠲᠦᠭᠡᠨ ᠪᠠᠶᠢᠭᠤᠯᠣᠯᠳᠠ ᠶᠢᠨ ᠪᠠᠳᠣᠯᠠᠭ᠎ᠠ ᠵᠡᠷᠭᠡ ᠠᠷᠠᠳ ᠤᠨ ᠠᠮᠢᠳᠣᠷᠠᠯ ᠤᠨ 8 ᠪᠣᠳᠠᠳᠣ ᠶᠠᠪᠣᠳᠠᠯ ᠢ ᠪᠦᠬᠦᠨ ᠢ ᠪᠡᠶᠡᠯᠡᠭᠦᠯᠪᠡ᠃ ᠰᠣᠷᠭᠠᠨ ᠬᠦᠮᠦᠵᠢᠯ ᠤᠨ ᠠᠵᠢᠯ ᠦᠢᠯᠡᠰ ᠢ ᠲᠡᠷᠢᠭᠦᠨ ᠳᠤ ᠬᠦᠭᠵᠢᠭᠦᠯᠪᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠳᠤ ᠲᠦᠭᠡᠮᠡᠯ ᠬᠠᠷᠠᠭᠠᠯᠵᠠᠯᠳᠣ ᠠᠮᠣᠷ ᠲᠦᠪᠰᠢᠨ ᠤ ᠴᠢᠨᠠᠷᠯᠢᠭ ᠬᠦᠭᠵᠢᠯᠳᠡ ᠶᠢ ᠲᠦᠭᠡᠮᠡᠯᠵᠢᠭᠦᠯᠵᠦ᠂ ᠠᠯᠪᠠᠨ ᠠᠴᠠ ᠡᠷᠬᠢᠯᠡᠭᠰᠡᠨ ᠭᠡᠣᠭᠡᠳ ᠤᠨ ᠴᠡᠴᠡᠷᠯᠢᠭ ᠤᠨ ᠡᠵᠡᠯᠡᠬᠦ ᠬᠠᠷᠢᠴᠠᠯ 90%᠎ ᠳᠤ ᠬᠦᠷᠴᠦ᠂ ᠲᠦᠭᠡᠮᠡᠯ ᠬᠠᠷᠠᠭᠠᠯᠵᠠᠯᠳᠣ ᠭᠡᠣᠭᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 100%᠎ ᠳᠤ ᠬᠦᠷᠴᠦ᠂ ᠦᠪᠡᠷᠳᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠳᠤ ᠣᠷᠣᠭᠰᠢᠳᠠᠢ ᠪᠠᠳᠣᠯᠠᠭᠳᠠᠪᠠ᠃ 2023 ᠣᠨ ᠤ ᠦᠨᠳᠦᠷ ᠳᠣᠮᠳᠠᠳᠣ ᠶᠢᠨ ᠰᠢᠯᠭᠠᠯᠳᠠ ᠶᠢᠨ ᠬᠢᠷᠢ ᠪᠦᠲᠦᠮᠵᠢ ᠪᠦᠬᠦ ᠠᠶᠢᠮᠠᠭ ᠲᠤ ᠲᠡᠷᠢᠭᠦᠯᠡᠵᠦ᠂ ᠲᠦᠷᠪᠡᠨ ᠵᠢᠯ ᠳᠠᠷᠠᠭᠠᠯᠠᠨ ᠲᠡᠷᠢᠭᠦᠯᠡᠪᠡ᠃ ᠡᠩ ᠤᠨ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠶᠢᠨ ᠵᠢᠩᠭᠢᠨᠢ ᠠᠩᠭᠢ ᠳᠤ ᠳᠡᠪᠰᠢᠭᠰᠡᠨ ᠶᠡᠷᠦᠩᠭᠡᠢ ᠨᠣᠷᠮ᠎ᠠ 60%᠎ ᠳᠤ ᠬᠦᠷᠴᠦ᠂ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠳᠠᠪᠣᠷᠢ ᠢᠯᠡᠳᠳᠡ ᠳᠡᠭᠡᠭᠰᠢᠯᠡᠪᠡ᠃ ᠠᠵᠢᠯ ᠮᠡᠷᠭᠡᠵᠢᠯ ᠎ ᠤᠨ ᠰᠣᠷᠭᠠᠨ ᠬᠦᠮᠦᠵᠢᠯ ᠤᠨ ᠰᠣᠷᠭᠠᠭᠤᠯᠢ ᠪᠠ ᠠᠵᠣ ᠠᠬᠤᠶᠢᠯᠠᠯ ᠤᠨ ᠬᠠᠮᠳᠣᠷᠠᠯᠴᠠᠭ᠎ᠠ᠂ ᠠᠵᠣ ᠦᠢᠯᠡᠰ ᠪᠠ ᠰᠣᠷᠭᠠᠨ ᠬᠦᠮᠦᠵᠢᠯ ᠤᠨ ᠠᠭᠤᠰᠣᠯᠴᠠᠯ ᠢ ᠰᠠᠶᠢᠳᠣᠷ ᠬᠦᠭᠵᠢᠭᠦᠯᠵᠦ᠂ 60 ᠭᠠᠷᠣᠢ ᠬᠦᠮᠦᠨ ᠳᠤ ᠡᠯ᠎ᠡ ᠲᠦᠷᠦᠯ ᠎ ᠤᠨ ᠠᠵᠢᠯ ᠮᠡᠷᠭᠡᠵᠢᠯ ᠤᠨ ᠣᠷ᠎ᠠ ᠴᠢᠳᠠᠪᠣᠷᠢ ᠶᠢᠨ ᠪᠣᠯᠪᠠᠰᠣᠷᠠᠯ ᠬᠦᠷᠳᠡᠭᠡᠬᠦ ᠪᠠ ᠣᠷ᠎ᠠ ᠴᠢᠳᠠᠪᠣᠷᠢ ᠶᠢᠨ ᠳᠡᠰ ᠲᠣᠭᠳᠠᠭᠠᠬᠤ ᠠᠵᠢᠯ ᠢ ᠦᠷᠨᠢᠭᠦᠯᠪᠡ᠃ ᠶᠡᠷᠦᠩᠭᠡᠶᠢᠯᠡᠭᠰᠡᠨ ᠳᠡᠭᠡᠲᠦ ᠵᠡᠷᠭᠡ ᠶᠢᠨ ᠳᠣᠮᠳᠠᠳᠣ ᠰᠣᠷᠭᠠᠭᠤᠯᠢ ᠪᠣᠯᠣᠨ ᠲᠠᠪᠣᠳᠣᠭᠠᠷ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠶᠡᠷᠦᠩᠭᠡᠶᠢᠯᠡᠭᠰᠡᠨ ᠠᠰᠠᠷ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠵᠢᠴᠢ ᠲᠠᠮᠢᠷ ᠤᠨ ᠲᠠᠯᠠᠪᠣᠷ ᠵᠡᠷᠭᠡ 6 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠠᠵᠢᠯ ᠣᠯᠭᠤᠯᠳᠠ ᠶᠢᠨ ᠪᠠᠶᠢᠳᠠᠯ ᠲᠣᠭᠳᠠᠭᠤᠨ ᠢᠶᠠᠷ ᠰᠠᠶᠢᠵᠢᠷᠠᠪᠠ᠃ ᠠᠵᠢᠯ ᠣᠯᠭᠤᠯᠳᠠ ᠶᠢ ᠲᠡᠷᠢᠭᠦᠨ ᠪᠠᠶᠢᠷᠢᠨ ᠎ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠣ᠂ ᠬᠦᠴᠢᠷᠳᠡᠯᠳᠠᠢ ᠣᠯᠠᠨ ᠲᠦᠮᠡᠨ ᠳᠤ ᠠᠵᠢᠯ ᠣᠯᠭᠤᠵᠣ ᠬᠠᠪᠰᠣᠷᠣᠨ ᠳᠡᠳᠭᠦᠬᠦ ᠠᠵᠢᠯ ᠢ ᠴᠢᠩᠭᠠᠳᠬᠠᠵᠣ᠂ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠳᠠᠶᠢᠴᠢᠯᠠᠬᠤ ᠶᠢ ᠠᠬᠢᠭᠤᠯᠪᠠ᠃ ᠵᠢᠯ ᠤᠨ ᠲᠣᠳᠣᠷ᠎ᠠ ᠡᠯ᠎ᠡ ᠲᠦᠷᠦᠯ ᠤᠨ ᠠᠵᠢᠯ ᠣᠯᠭᠤᠯᠳᠠ ᠶᠢᠨ ᠨᠦᠬᠦᠪᠦᠷᠢ ᠮᠦᠩᠭᠦ 1426 ᠲᠦᠮᠡᠨ ᠲᠦᠭᠦᠷᠢᠭ ᠢ ᠨᠠᠶᠢᠳᠠᠪᠣᠷᠢᠵᠢᠭᠤᠯᠵᠣ᠂ 5 ᠲᠠᠯᠠᠪᠠᠢ ᠠᠵᠢᠯᠳᠠᠨ ᠡᠯᠰᠡᠬᠦ ᠴᠣᠭᠯᠠᠭᠠᠨ ᠢ ᠡᠷᠬᠢᠯᠡᠵᠦ᠂ 23 ᠬᠤᠭᠤᠴᠠᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠣᠷᠠᠯ ᠢ ᠦᠷᠨᠢᠭᠦᠯᠵᠦ᠂ ᠬᠤᠳᠠ ᠪᠠᠯᠭᠠᠰᠣᠨ ᠤ ᠠᠵᠢᠯ ᠠᠯᠳᠠᠭᠰᠠᠳ ᠲᠠᠬᠢᠨ ᠠᠵᠢᠯ ᠣᠯᠣᠭᠰᠠᠨ᠂ ᠠᠵᠢᠯ ᠣᠯᠬᠤ ᠳᠤ ᠬᠦᠴᠢᠷ ᠲᠠᠢ ᠬᠦᠮᠦᠰ ᠠᠵᠢᠯ ᠣᠯᠣᠭᠰᠠᠨ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠭᠰᠠᠨ ᠨᠣᠷᠮ᠎ᠠ ᠲᠣᠰᠪᠦᠷᠢ ᠠᠶᠢᠮᠠᠭ ᠤᠨ ᠱᠠᠳᠣᠨ ᠤ ᠪᠠᠭᠤᠯᠭᠠᠭᠰᠠᠨ ᠬᠠᠷᠠᠯᠳᠠᠳᠣ ᠡᠭᠦᠷᠭᠡ ᠶᠢᠨ 159%᠂ 125%᠂124%᠎ ᠶᠢ ᠪᠡᠶᠡᠯᠡᠭᠦᠯᠵᠦ᠂ ᠬᠤᠳᠠ ᠪᠠᠯᠭᠠᠰᠣᠨ ᠤ ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠣᠷᠮ᠎ᠠ 2.15%᠎ ᠳᠤ ᠬᠦᠷᠴᠦ᠂ ᠦᠪᠡᠷᠳᠡᠭᠡᠨ ᠵᠠᠰᠠᠬᠤ ᠣᠷᠣᠨ ᠤ ᠬᠢᠵᠠᠭᠠᠷᠯᠠᠭᠰᠠᠨ ᠬᠠᠷᠠᠯᠳᠠ ᠠᠴᠠ 2.85 ᠵᠠᠭᠤᠨ ᠤ ᠬᠤᠪᠢ ᠶᠢᠨ ᠴᠡᠭ ᠢᠶᠠᠷ ᠲᠣᠣᠷ᠎ᠠ ᠪᠣᠯᠪᠠ᠃ 2500 ᠲᠦᠮᠡᠨ ᠲᠦᠭᠦᠷᠢᠭ ᠤᠨ ᠪᠡᠯᠡ ᠣᠷᠣᠭᠤᠯᠣᠭᠰᠠᠨ ᠣᠯᠠᠨ ᠨᠡᠶᠢᠳᠡ ᠶᠢᠨ ᠪᠣᠳᠠᠳᠣ ᠰᠣᠷᠢᠯᠳᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠶᠢ ᠠᠮᠵᠢᠯᠳᠠᠳᠠᠢ ᠪᠡᠶᠡᠯᠡᠭᠦᠯᠵᠦ᠂ ᠵᠢᠯ ᠳᠤ ᠪᠣᠳᠠᠳᠣ ᠰᠣᠷᠢᠯᠳᠠ ᠬᠢᠬᠦ ᠴᠢᠳᠠᠪᠣᠷᠢ ᠨᠢ 3000 ᠬᠦᠮᠦᠨ ︵ᠣᠳᠠᠭ᠎ᠠ︶᠎ ᠢ ᠳᠠᠪᠠᠪᠠ᠃ ᠴᠠᠯᠢᠩ ᠬᠦᠯᠦᠰᠦ ᠶᠢ ᠦᠷᠢᠳᠦᠬᠦ ᠶᠢ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠶᠢ ᠦᠷᠭᠦᠯᠵᠢᠯᠡᠨ ᠠᠬᠢᠭᠤᠯᠵᠣ᠂ ︽ᠬᠤᠶᠠᠷ ᠮᠦᠩᠭᠦ ᠭᠤᠷᠪᠠᠨ ᠲᠦᠷᠢᠮ︾7᠎ ᠤᠨ ᠲᠦᠷᠢᠮ ᠲᠣᠭᠳᠠᠭᠠᠯ ᠢ ᠴᠢᠩᠭ᠎ᠠ ᠨᠠᠶᠢᠳᠠᠪᠣᠷᠢᠵᠢᠭᠤᠯᠵᠣ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠭᠡ ᠠᠰᠢᠭ ᠎ ᠢ ᠦᠨᠡᠨᠬᠦ ᠪᠠᠳᠣᠯᠠᠵᠣ᠂ ᠪᠦᠬᠦ ᠵᠢᠯ ᠳᠤ ᠬᠦᠳᠡᠯᠮᠦᠷᠢ ᠠᠵᠢᠯᠳᠠᠨ ᠤ ᠮᠠᠷᠭᠤᠯᠳᠣᠭᠠᠨ ᠢ ᠬᠦᠨᠳᠡᠯᠡᠨ ᠠᠴᠠ ᠲᠠᠰᠣᠯᠬᠤ 253 ᠬᠡᠷᠡᠭ ᠢ ᠬᠦᠯᠢᠶᠡᠨ ᠠᠪᠴᠣ ᠰᠢᠢᠳᠪᠦᠷᠢᠯᠡᠨ᠂ 442 ᠲᠦᠮᠡᠨ ᠲᠦᠭᠦᠷᠢᠭ ᠤᠨ ᠪᠡᠯᠡ ᠮᠦᠩᠭᠦ ᠬᠤᠯᠪᠣᠭᠳᠠᠵᠣ᠂ ᠬᠡᠷᠡᠭ ᠰᠢᠢᠳᠪᠦᠷᠢᠯᠡᠭᠰᠡᠨ ᠨᠣᠷᠮ᠎ᠠ100%᠂ ᠡᠶᠡᠳᠡᠭᠦᠯᠦᠭᠰᠡᠨ ᠨᠣᠷᠮ᠎ᠠ 80%᠎ ᠳᠤ ᠬᠦᠷᠴᠦ᠂ ᠡᠶ᠎ᠡ ᠵᠣᠬᠢᠴᠠᠯᠳᠣ ᠬᠦᠳᠡᠯᠮᠦᠷᠢ ᠶᠢᠨ ᠬᠠᠷᠢᠴᠠᠭ᠎ᠠ ᠶᠢ ᠣᠯᠠᠮ ᠨᠢᠭᠡ ᠠᠯᠬᠤᠮ ᠪᠦᠷᠢᠯᠳᠦᠭᠦᠯᠪᠡ᠃ ᠡᠷᠡᠭᠦᠯ ᠡᠩᠭᠡ ᠪᠠᠷᠠᠭᠤᠨ ᠰᠦᠨᠢᠳ ᠤᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠪᠠ᠃ 2 ᠡᠭᠡᠯᠵᠢ ᠶᠢᠨ ᠬᠤᠯᠣᠭᠠᠨ᠎ᠠ ᠬᠢᠵᠢᠭ ᠤᠨ ᠬᠢᠵᠢᠭ ᠤᠨ ᠪᠠᠶᠢᠳᠠᠯ ᠢ ᠴᠠᠭ ᠲᠣᠬᠠᠢ ᠳᠤᠨᠢ ᠢᠯᠡᠷᠡᠭᠦᠯᠵᠦ᠂ ᠣᠨᠢᠨ ᠳᠡᠭᠡᠷ᠎ᠡ ᠨᠢ ᠬᠠᠮᠢᠶᠠᠷᠣᠨ ᠡᠵᠡᠮᠳᠡᠵᠦ᠂ ᠦᠷᠭᠡᠨ ᠣᠯᠠᠨ ᠡᠮᠴᠢ ᠠᠵᠢᠯᠳᠠᠨ᠂ ᠲᠣᠳᠣᠭᠠᠳᠣ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠨ ᠱᠠᠳᠣᠨ ᠤ ᠠᠵᠢᠯᠳᠠᠳ ᠵᠠᠷᠯᠢᠭ ᠢ ᠰᠣᠨᠣᠰᠣᠮᠠᠭᠴᠠ ᠬᠦᠳᠡᠯᠦᠯᠴᠡᠵᠦ᠂ ᠡᠮᠦᠨ᠎ᠡ ᠹᠷᠣᠨᠲ ᠲᠤ ᠭᠠᠪᠰᠢᠭᠠᠶᠢᠯᠠᠵᠣ᠂ ᠣᠯᠠᠨ ᠲᠦᠮᠡᠨ ᠤ ᠠᠮᠢ ᠨᠠᠰᠣᠨ ᠤ ᠠᠮᠣᠷ ᠲᠦᠪᠰᠢᠨ ᠪᠠ ᠪᠡᠶ᠎ᠡ ᠶᠢᠨ ᠡᠷᠡᠭᠦᠯ ᠮᠡᠨᠳᠦ ᠶᠢ ᠡᠷᠡᠰ ᠪᠠᠳᠣ ᠪᠠᠳᠣᠯᠠᠪᠠ᠃ ᠨᠢᠭᠳᠠ ᠬᠡᠯᠪᠡᠷᠢ ᠶᠢᠨ ᠡᠮᠴᠢᠯᠡᠭᠡᠨ ᠤ ᠬᠠᠮᠳᠣ ᠶᠢᠨ ᠴᠣᠭᠴᠠ ᠶᠢᠨ ᠪᠠᠶᠢᠭᠤᠯᠣᠯᠳᠠ ᠶᠢ ᠲᠦᠷᠭᠡᠨ ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠳᠣᠷᠠᠯᠴᠠᠭ᠎ᠠ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠬᠤᠰᠢᠭᠤᠨ ᠤ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠫᠠᠶᠢᠰᠠ ᠡᠯᠬᠦᠨ ᠪᠠᠶᠢᠭᠤᠯᠣᠭᠳᠠᠵᠣ᠂ ᠡᠪᠦᠳᠦᠭ ᠤᠨ ᠦᠶ᠎ᠡ ᠰᠣᠯᠢᠬᠤ ᠮᠡᠰᠡ ᠵᠠᠰᠠᠯ ᠵᠡᠷᠭᠡ 20 ᠭᠠᠷᠣᠢ ᠲᠦᠷᠦᠯ ᠤᠨ ᠰᠢᠨ᠎ᠡ ᠮᠡᠷᠭᠡᠵᠢᠯ ᠢ ᠡᠮᠴᠢᠯᠡᠭᠡᠨ ᠎ ᠳᠤ ᠬᠡᠷᠡᠭᠯᠡᠵᠦ᠂ ᠣᠯᠠᠨ ᠲᠦᠮᠡᠨ ᠤ ᠬᠦᠷᠢᠶᠡᠯᠡᠯ ᠢ ᠣᠯᠣᠭᠰᠠᠨ ᠮᠣᠩᠭᠤᠯ ᠡᠮᠨᠡᠯᠭᠡ ᠶᠢᠨ ᠪᠡᠶ᠎ᠡ ᠰᠡᠳᠬᠢᠯ ᠬᠠᠷᠢᠯᠴᠠᠨ ᠦᠢᠯᠡᠳᠦᠯᠴᠡᠬᠦ ᠵᠠᠰᠠᠯ ᠤᠨ ᠡᠷᠡᠭᠦᠯ ᠮᠠᠨᠳᠣ ᠶᠢᠨ ᠬᠢᠴᠢᠶᠡᠯ ᠤᠨ ᠲᠢᠩᠭᠢᠮ ᠢ ᠮᠠᠨ ᠤ ᠬᠤᠰᠢᠭᠤᠨ ᠳᠠᠭᠠᠨ ᠡᠷᠬᠢᠯᠡᠬᠦ ᠶᠢ ᠪᠡᠶᠡᠯᠡᠭᠦᠯᠪᠡ᠃ ᠭᠤᠣᠯᠳᠠᠯᠭ᠎ᠠ ᠲᠠᠢ ᠬᠦᠮᠦᠰ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠪᠣᠯᠣᠨ ᠡᠮᠴᠢᠯᠡᠭᠡᠨ ᠤ ᠦᠢᠯᠡᠴᠢᠯᠡᠭᠡ ᠶᠢ ᠴᠢᠩᠭᠠᠳᠬᠠᠵᠣ᠂ 40 ᠭᠡᠷ ᠪᠦᠯᠢ ᠶᠢᠨ ᠡᠮᠴᠢ ᠶᠢᠨ ᠪᠦᠯᠬᠦᠮ ᠢ ᠪᠠᠶᠢᠭᠤᠯᠵᠣ᠂ 3.7 ᠲᠦᠮᠡᠨ ᠬᠦᠮᠦᠨ ᠳᠤ ᠭᠡᠷ᠎ᠡ ᠲᠣᠭᠳᠠᠭᠰᠠᠨ ᠡᠮᠴᠢᠯᠡᠭᠡᠨ ᠤ ᠦᠢᠯᠡᠴᠢᠯᠡᠭᠡ ᠬᠠᠩᠭᠠᠵᠣ᠂ ᠨᠠᠰᠣᠳᠠᠶᠢᠴᠣᠳ᠂ ᠭᠡᠣᠭᠡᠳ ᠤᠨ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠶᠢ ᠪᠦᠷᠭᠦᠬᠦᠯᠦᠭᠰᠡᠨ ᠨᠣᠷᠮ᠎ᠠ ᠦᠷᠭᠦᠯᠵᠢᠯᠡᠨ ᠳᠡᠭᠡᠭᠰᠢᠯᠡᠵᠦ᠂ ︽ᠬᠤᠶᠠᠷ ᠦᠮᠠᠨ︾᠎ ᠤ ᠰᠢᠭᠰᠢᠨ ᠪᠠᠶᠢᠴᠠᠭᠠᠯᠳᠠ ᠳᠤ ᠪᠠᠶᠢᠴᠠᠭᠠᠬᠤ ᠵᠣᠬᠢᠰᠳᠠᠢ ᠶᠢ ᠪᠦᠬᠦᠨ ᠢ ᠪᠠᠶᠢᠴᠠᠭᠠᠬᠤ ᠶᠢ ᠪᠡᠶᠡᠯᠡᠭᠦᠯᠪᠡ᠃ ᠬᠢᠳᠠᠳ ᠮᠣᠩᠭᠤᠯ ᠡᠮ ᠡᠮᠨᠡᠯᠭᠡ ᠶᠢᠨ ᠲᠣᠬᠢᠷᠠᠮᠵᠢᠳᠠᠢ ᠮᠡᠷᠭᠡᠵᠢᠯ ᠢ ᠢᠳᠡᠪᠬᠢᠳᠠᠢ ᠲᠦᠭᠡᠮᠡᠯᠵᠢᠭᠦᠯᠵᠦ᠂ ᠰᠢᠯᠢᠳᠡᠭ ᠶᠠᠰᠣ ᠴᠢᠨᠠᠷ ᠲᠠᠢ ᠬᠢᠳᠠᠳ ᠮᠣᠩᠭᠤᠯ ᠡᠮᠨᠡᠯᠭᠡ ᠶᠢᠨ ᠭᠠᠵᠠᠷ ᠤᠨ ᠬᠠᠷᠢᠴᠠᠯ 75%᠎ ᠳᠤ ᠬᠦᠷᠪᠡ᠃ ᠠᠷᠠᠳ ᠤᠨ ᠠᠮᠢᠳᠣᠷᠠᠯ ᠤᠨ ᠪᠠᠳᠣᠯᠠᠭ᠎ᠠ ᠶᠢ ᠴᠢᠩᠭᠠᠳᠬᠠᠪᠠ᠃ ᠴᠢᠩᠭ᠎ᠠ ᠬᠢᠨᠠᠯᠳᠠ ᠲᠠᠯᠪᠢᠵᠣ᠂ ᠠᠷᠠᠳ ᠲᠤ ᠬᠠᠷᠠᠭᠠᠯᠵᠠᠯ ᠬᠦᠷᠳᠡᠭᠡᠬᠦ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠨᠠᠶᠢᠳᠠᠪᠣᠷᠢᠵᠢᠭᠤᠯᠬᠤ ᠶᠢ ᠪᠠᠳᠣᠯᠠᠵᠣ᠂ ᠮᠠᠯᠴᠢᠨ ᠲᠠᠷᠢᠶᠠᠴᠢᠳ ᠲᠤ ᠬᠠᠷᠠᠭᠠᠯᠵᠠᠯ ᠬᠦᠷᠳᠡᠭᠡᠬᠦ 2.45 ᠳ᠋ᠦᠩᠰᠢᠭᠤᠷ ᠲᠦᠭᠦᠷᠢᠭ ᠤᠨ ᠨᠦᠬᠦᠪᠦᠷᠢ ᠶᠢ ᠲᠠᠷᠬᠠᠭᠠᠨ ᠦᠭᠴᠦ᠂ ᠮᠠᠯᠵᠢᠬᠤ ᠲᠠᠷᠢᠶᠠᠯᠠᠬᠤ ᠡᠷᠦᠭᠡ ᠶᠢᠨ 19 ᠲᠦᠮᠡᠨ ᠬᠦᠮᠦᠨ ︵ᠣᠳᠠᠭ᠎ᠠ︶᠎ ᠳᠤ ᠬᠠᠷᠠᠭᠠᠯᠵᠠᠯ ᠬᠦᠷᠳᠡᠭᠡᠵᠦ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ᠂ ᠣᠨᠴᠠ ᠬᠦᠴᠢᠷᠳᠡᠯᠳᠠᠢ᠂ ᠵᠡᠮᠳᠡᠭ ᠬᠦᠮᠦᠰ ᠲᠤ ᠡᠯ᠎ᠡ ᠲᠦᠷᠦᠯ ᠤᠨ ᠨᠡᠶᠢᠭᠡᠮ ᠤᠨ ᠠᠪᠣᠷᠠᠨ ᠲᠣᠰᠠᠯᠠᠯᠳᠠ ᠶᠢᠨ ᠪᠡᠯᠡ ᠮᠦᠩᠭᠦ 5263 ᠲᠦᠮᠡᠨ ᠲᠦᠭᠦᠷᠢᠭ ᠢ ᠲᠠᠷᠬᠠᠭᠠᠨ ᠦᠭᠪᠡ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠣᠯᠠᠮ ᠨᠢᠭᠡ ᠠᠯᠬᠤᠮ ᠦᠷᠭᠡᠳᠭᠡᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 98.6%᠎ ᠳᠤ ᠬᠦᠷᠴᠦ᠂ ᠬᠤᠳᠠ ᠬᠦᠳᠡᠭᠡ ᠎ ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠳᠠᠭᠠᠳᠬᠠᠯ ᠳᠤ ᠣᠷᠣᠬᠤ ᠵᠣᠬᠢᠰᠳᠠᠢ ᠶᠢ ᠨᠢ ᠪᠦᠬᠦᠨ ᠢ ᠣᠷᠣᠭᠤᠯᠵᠣ᠂ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢ  ᠰᠠᠷ᠎ᠠ ᠪᠦᠷᠢ 770 ᠲᠦᠭᠦᠷᠢᠭ ᠪᠣᠯᠭᠠᠨ ᠳᠡᠭᠡᠭᠰᠢᠯᠡᠭᠦᠯᠪᠡ᠃ 704 ᠲᠦᠮᠡᠨ ᠲᠦᠭᠦᠷᠢᠭ ᠤᠨ ᠠᠰᠠᠷᠠᠨ ᠬᠠᠷᠠᠭᠠᠯᠵᠠᠬᠤ ᠪᠡᠯᠡ ᠮᠦᠩᠭᠦ ᠲᠠᠷᠬᠠᠭᠠᠵᠣ᠂ ᠴᠡᠷᠢᠭ ᠠᠴᠠ ᠬᠠᠯᠠᠭᠳᠠᠭᠰᠠᠳ ᠪᠠ ᠪᠣᠰᠣᠳ ᠠᠰᠠᠷᠠᠨ ᠬᠠᠷᠠᠭᠠᠯᠵᠠᠬᠤ ᠡᠳᠡᠭᠡᠳ ᠤᠨ ᠬᠠᠣᠯᠢ ᠶᠣᠰᠣᠨ ᠎ ᠤ ᠡᠷᠭᠡ ᠠᠰᠢᠭ ᠢ ᠦᠨᠡᠨᠬᠦ ᠪᠠᠳᠣᠯᠠᠪᠠ᠃ ᠨᠠᠰᠣᠳᠠᠶᠢᠴᠣᠳ ᠢ ᠠᠰᠠᠷᠠᠬᠤ ᠦᠢᠯᠡᠴᠢᠯᠡᠭᠡ ᠬᠠᠩᠭᠠᠬᠤ ᠶᠢ ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠣᠮᠵᠢ ᠎ ᠶᠢᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ 1 ᠰᠣᠮᠣ ᠪᠠᠯᠭᠠᠰᠣᠨ ᠤ ᠱᠠᠳᠣᠨ ᠤ ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠲᠦᠪ᠂ 3 ᠭᠠᠴᠠᠭ᠎ᠠ ᠲᠣᠰᠬᠤᠨ ᠤ ᠱᠠᠳᠣᠨ ᠤ ᠨᠠᠰᠣᠳᠠᠶᠢᠴᠣᠳ ᠎ ᠢ ᠠᠰᠠᠷᠠᠬᠤ ᠦᠢᠯᠡᠴᠢᠯᠡᠭᠡᠨ ᠤ ᠦᠷᠳᠡᠭᠡ ᠶᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠭᠡᠷ ᠲᠤᠨᠢ ᠠᠰᠠᠷᠠᠬᠤ ᠪᠠ ᠨᠡᠶᠢᠭᠡᠮ ᠲᠣᠭᠤᠷᠢᠭ ᠲᠤ ᠠᠰᠠᠷᠠᠬᠤ ᠦᠢᠯᠡᠴᠢᠯᠡᠭᠡᠨ ᠤ ᠪᠦᠷᠭᠦᠴᠡ ᠶᠢᠨ ᠨᠣᠷᠮ᠎ᠠ ᠶᠢ ᠪᠠᠳᠣᠳᠬᠠᠨ ᠳᠡᠭᠡᠭᠰᠢᠯᠡᠭᠦᠯᠪᠡ᠃ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ ᠶᠢᠨ ᠠᠵᠢᠯ ᠤᠨ ᠭᠡᠷ ᠤᠨ ᠭᠠᠳᠠᠨᠠᠬᠢ ᠬᠦᠳᠡᠯᠮᠦᠷᠢᠴᠢᠳ ᠤᠨ ᠦᠢᠯᠡᠴᠢᠯᠡᠭᠡᠨ ᠤ ᠦᠷᠳᠡᠭᠡ 17 ᠪᠣᠯᠵᠣ᠂ ᠭᠠᠶᠢᠯᠢ ᠶᠢᠨ ᠶᠠᠪᠣᠳᠠᠯ ᠤᠨ ᠦᠷᠳᠡᠭᠡ ᠪᠦᠬᠦ ᠣᠯᠣᠰ ᠤᠨ ᠠᠵᠢᠯᠴᠢᠨ ᠤ ᠶᠡᠷᠦᠩᠭᠡᠢ ᠡᠪᠯᠡᠯ ᠤᠨ 2023 ᠣᠨ ᠤ ︽ᠬᠠᠮᠤᠭ ᠭᠤᠶᠣ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠦᠳᠡᠯᠮᠦᠷᠢᠴᠢᠳ ᠤᠨ ᠦᠢᠯᠡᠴᠢᠯᠡᠭᠡᠨ ᠤ ᠦᠷᠳᠡᠭᠡ︾᠎ ᠪᠠᠷ ᠲᠣᠳᠣᠷᠠᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠭᠠᠩ ᠤᠨ ᠪᠠᠶᠢᠳᠠᠯ ᠢ ᠠᠷᠭᠠᠴᠠᠭᠠᠵᠣ᠂ ᠡᠯ᠎ᠡ ᠱᠠᠳᠣᠨ ᠤ ᠭᠠᠩ ᠲᠠᠢ ᠲᠡᠮᠡᠴᠡᠵᠦ ᠭᠠᠮᠰᠢᠭ ᠠᠴᠠ ᠠᠪᠣᠷᠠᠬᠤ ᠪᠡᠯᠡ ᠮᠦᠩᠭᠦ 1160 ᠲᠦᠮᠡᠨ ᠲᠦᠭᠦᠷᠢᠭ ᠢ ᠲᠡᠮᠡᠴᠡᠨ ᠣᠯᠵᠣ᠂ 3212 ᠲᠣᠨ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠵᠦ ᠨᠦᠭᠡᠴᠡᠯᠡᠨ᠂ ᠡᠳᠦᠷ ᠤᠨ ᠲᠡᠵᠢᠭᠡᠯ ᠪᠣᠷᠳᠤᠭ᠎ᠠ ᠶᠢ ᠬᠤᠯᠢᠵᠣ ᠲᠣᠬᠢᠷᠠᠭᠤᠯᠬᠤ 5 ᠦᠢᠯᠡᠳᠪᠦᠷᠢᠯᠡᠯ ᠤᠨ ᠰᠠᠭᠤᠷᠢᠨ ᠭᠠᠵᠠᠷ ᠢ ᠠᠰᠢᠭᠯᠠᠯᠳᠠ ᠳᠤ ᠣᠷᠣᠭᠤᠯᠵᠣ᠂ ︽ᠭᠠᠩ ᠎ ᠲᠠᠢ ᠲᠡᠮᠡᠴᠡᠬᠦ ᠵᠢᠭᠡᠯᠡᠯᠭᠡ︾ ︽ᠪᠠᠳᠣᠯᠠᠨ ᠳᠠᠭᠠᠭᠠᠬᠤ ᠵᠢᠭᠡᠯᠡᠯᠭᠡ︾᠎ ᠶᠢᠨ ᠲᠦᠷᠦ ᠶᠢᠨ ᠪᠣᠳᠣᠯᠭ᠎ᠠ ᠳᠤ ᠲᠦᠰᠢᠭᠯᠡᠨ᠂ 16.85 ᠲᠦᠮᠡᠨ ᠵᠠᠬᠢᠶᠠᠯᠠᠭ᠎ᠠ ᠶᠢᠨ ᠢᠳᠡᠰᠢᠨ ᠤ ᠬᠤᠨᠢ ᠶᠢ ᠵᠠᠬ᠎ᠠ ᠳᠡᠯᠭᠡᠭᠦᠷ ᠤᠨ ᠦᠨ᠎ᠡ ᠠᠴᠠ ᠵᠢᠩ ᠪᠦᠷᠢ ᠎ ᠳᠡᠭᠡᠨ 0.5 ᠲᠦᠭᠦᠷᠢᠭ ᠦᠨᠳᠦᠷ ᠢᠶᠠᠷ ᠬᠤᠳᠠᠯᠳᠣᠵᠣ᠂ ᠭᠠᠮᠰᠢᠭᠳᠠᠭᠰᠠᠨ ᠮᠠᠯᠴᠢᠨ ᠲᠠᠷᠢᠶᠠᠴᠢᠳ ᠤᠨ ᠮᠠᠯ ᠤᠨ ᠭᠠᠷᠭᠠᠯᠳᠠ ᠬᠢᠬᠦ᠂ ᠲᠡᠵᠢᠭᠡᠯ ᠡᠪᠡᠰᠦ ᠪᠣᠷᠳᠤᠭ᠎ᠠ ᠬᠤᠳᠠᠯᠳᠣᠨ ᠠᠪᠬᠤ ᠵᠢᠴᠢ ᠠᠵᠣ ᠠᠬᠤᠶᠢᠯᠠᠯ ᠤᠨ ᠪᠡᠯᠡ ᠮᠦᠩᠭᠦ ᠴᠣᠭᠯᠠᠭᠤᠯᠬᠤ ᠬᠦᠴᠢᠷᠳᠡᠯ ᠢ ᠨᠢ ᠦᠨᠡᠨᠬᠦ ᠰᠢᠢᠳᠪᠦᠷᠢᠯᠡᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠦᠭᠵᠢᠪᠡ᠃ 321 ᠲᠦᠮᠡᠨ ᠲᠦᠭᠦᠷᠢᠭ ᠤᠨ ᠪᠡᠯᠡ ᠣᠷᠣᠭᠤᠯᠵᠣ᠂  ᠣᠯᠠᠨ ᠴᠢᠳᠠᠪᠬᠢᠳᠣ ᠪᠡᠶ᠎ᠡ ᠴᠢᠬᠢᠷᠠᠭᠵᠢᠭᠤᠯᠬᠤ ᠣᠷᠳᠣᠨ ᠪᠠ ᠮᠦᠰᠦ ᠳᠡᠰᠢᠬᠦ ᠲᠠᠯᠠᠪᠠᠢ ᠶᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠰᠢᠩᠭᠡᠯᠢᠭ ᠬᠡᠯᠪᠡᠷᠢ ᠶᠢᠨ ᠲᠠᠪᠣᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠲᠠᠯᠠᠪᠠᠢ 1᠂ ᠰᠢᠨ᠎ᠡ ᠮᠠᠯᠵᠢᠬᠤ ᠣᠷᠣᠨ ᠤ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠴᠡᠭ 7᠎ ᠶᠢ ᠰᠢᠨ᠎ᠡ ᠪᠠᠷ ᠪᠠᠶᠢᠭᠤᠯᠵᠣ᠂ ᠪᠦᠬᠦ ᠣᠷᠣᠨ ᠤ ᠣᠯᠠᠭᠠᠠᠮᠦ᠋ᠴᠢᠷ ᠤᠨ ᠰᠠᠷ᠎ᠠ ᠶᠢᠨ ᠠᠵᠢᠯᠯᠠᠭ᠎ᠠ᠂ ᠮᠢᠭᠮᠡᠨ ᠰᠢᠳᠠᠷ᠎ᠠ ᠶᠢᠨ ᠣᠷᠢᠯᠭ᠎ᠠ ᠶᠢᠨ ᠣᠷᠣᠯᠳᠣᠭᠠᠨ ᠪᠠ ᠪᠦᠬᠦ ᠠᠶᠢᠮᠠᠭ ᠤᠨ ᠰᠣᠷ ᠬᠠᠷᠪᠣᠯᠳᠠ ᠶᠢᠨ ᠣᠷᠣᠯᠳᠣᠭᠠᠨ ᠢ ᠳᠠᠭᠠᠭᠠᠴᠢᠯᠠᠨ ᠡᠷᠬᠢᠯᠡᠵᠦ᠂ ᠠᠩᠬᠠᠳᠣᠭᠠᠷ ᠬᠤᠭᠤᠴᠠᠭᠠᠨ ᠤ ᠰᠣᠶᠣᠯ ᠤᠨ ᠡᠭᠦᠳᠦᠯᠳᠡ ᠶᠢᠨ ᠣᠷᠣᠯᠳᠣᠭᠠᠨ ᠲᠠᠯ᠎ᠠ ᠨᠣᠳᠤᠭ ᠤᠨ ᠨᠠᠶᠢᠷᠠᠯ ᠳᠠᠭᠤᠣ ᠶᠢᠨ ᠨᠠᠶᠢᠷ᠂ ᠬᠤᠶᠠᠳᠣᠭᠠᠷ ᠬᠤᠭᠤᠴᠠᠭᠠᠨ ᠤ ︽ᠪᠠᠶᠠᠯᠢᠭ ᠰᠠᠶᠢᠬᠠᠨ ᠰᠦᠨᠢᠳ︾ ᠪᠡᠶ᠎ᠡ ᠲᠠᠮᠢᠷ ᠤᠨ ᠴᠣᠭᠯᠠᠭᠠᠨ ᠵᠡᠷᠭᠡ ᠣᠯᠠᠨ ᠲᠦᠮᠡᠨᠴᠢ ᠰᠣᠶᠣᠯ ᠲᠠᠮᠢᠷ ᠤᠨ ᠬᠦᠳᠡᠯᠭᠡᠭᠡᠨ ᠢ ᠡᠷᠬᠢᠯᠡᠵᠦ᠂ ᠪᠦᠬᠦ ᠬᠤᠰᠢᠭᠤᠨ ᠤ ᠭᠤᠷᠪᠠᠳᠣᠭᠠᠷ ᠳᠡᠰ ᠤᠨ ᠣᠯᠠᠨ ᠨᠡᠶᠢᠳᠡ ᠎ ᠶᠢᠨ ᠪᠡᠶ᠎ᠡ ᠲᠠᠮᠢᠷ ᠤᠨ ᠲᠦᠬᠦᠭᠡᠷᠦᠮᠵᠢ ᠶᠢᠨ ᠪᠦᠷᠬᠦᠴᠡ ᠶᠢᠨ ᠨᠣᠷᠮ᠎ᠠ ᠪᠠ ᠬᠤᠳᠠ ᠪᠠᠯᠭᠠᠰᠣᠨ ᠤ ᠨᠠᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠴᠢᠬᠢᠷᠠᠭᠵᠢᠭᠤᠯᠬᠤ ᠲᠣᠭᠤᠷᠢᠭ︾᠎ ᠤᠨ ᠪᠦᠷᠬᠦᠴᠡ ᠶᠢᠨ ᠨᠣᠷᠮ᠎ᠠ ᠴᠦᠮ 100%᠎ ᠳᠤ ᠬᠦᠷᠴᠦ᠂ ᠰᠣᠶᠣᠯ ᠤᠨ ᠣᠷᠳᠣᠨ᠂ ᠨᠣᠮ ᠤᠨ ᠰᠠᠩ ᠤᠨ ᠴᠢᠳᠠᠪᠬᠢ ᠡᠳᠦᠷ ᠢᠷᠡᠭᠦᠶ᠎ᠡ ᠲᠡᠭᠦᠯᠳᠡᠷᠵᠢᠵᠦ᠂ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠣᠯᠠᠭᠠᠠᠮᠦ᠋ᠴᠢᠷ ᠣᠷᠢᠯᠭ᠎ᠠ ᠪᠠᠷ 2023 ᠣᠨ ᠤ ᠲᠦᠪ ᠤᠨ ᠷᠠᠳᠢᠤ᠋ ᠲᠧᠯᠸᠢᠰ ᠤᠨ ᠶᠡᠷᠦᠩᠭᠡᠢ ᠬᠤᠷᠢᠶᠠᠨ ᠤ ᠴᠠᠭᠠᠨ ᠰᠠᠷ᠎ᠠ ᠶᠢᠨ ᠬᠠᠮᠳᠣᠷᠠᠭᠰᠠᠨ ᠦᠳᠡᠰᠢᠯᠡᠭᠡ ᠳᠤ ᠣᠷᠣᠯᠴᠠᠵᠣ᠂ ᠦᠪᠦᠷ ᠮᠣᠩᠭᠤᠯ ᠤᠨ ᠲᠧᠯᠸᠢᠰ ᠬᠤᠷᠢᠶ᠎ᠠ ᠲᠠᠢ ᠬᠠᠮᠳᠣᠷᠠᠨ ᠣᠯᠠᠭᠠᠠᠮᠦ᠋ᠴᠢᠷ ᠤᠨ ᠷᠠᠳᠢᠤ᠋ ᠵᠦᠴᠦᠭᠡ ︽ᠰᠠᠯᠬᠢᠨ ᠤ ᠠᠶᠠᠰ ᠢᠶᠠᠷ ᠣᠯᠠᠭᠠᠨ ᠲᠤᠭ ᠨᠠᠮᠢᠷᠠᠨᠠᠮ︾᠎ ᠢ ᠰᠡᠭᠦᠳᠡᠷᠯᠡᠵᠦ ᠳᠠᠭᠤᠰᠬᠠᠨ᠂ ᠬᠤᠨᠠᠨ᠂ ᠯᠢᠶᠣᠣᠨᠢᠩ᠂ ᠬᠠᠶᠢᠨᠠᠨ᠂ ᠶᠦᠨᠨᠡᠨ ᠵᠡᠷᠭᠡ 4 ᠮᠣᠵᠢ ᠶᠢᠨ ᠣᠳᠬ᠎ᠠ ᠣᠷᠠᠯᠢᠭ ᠤᠨ ᠠᠵᠢᠯᠳᠠᠳ ᠲᠠᠢ ᠬᠠᠮᠳᠣᠪᠡᠷ ᠬᠤᠨᠠᠨ ᠮᠣᠵᠢ ᠳᠤ ᠬᠦᠷᠴᠦ ᠣᠳᠬ᠎ᠠ ᠣᠷᠠᠯᠢᠭ ᠤᠨ ᠰᠠᠶᠢᠨ ᠲᠣᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠶᠢ ᠦᠷᠨᠢᠭᠦᠯᠵᠦ᠂ ᠱᠧᠨᠵᠧᠨ ᠤ ᠨᠠᠨᠱᠠᠨ ᠤ ᠳᠠᠭᠤᠣ ᠬᠦᠭᠵᠢᠮ ᠤᠨ ᠪᠠᠶᠠᠷ ᠲᠤ ᠬᠦᠷᠴᠦ ᠰᠣᠶᠣᠯ ᠤᠨ ᠰᠣᠯᠢᠯᠴᠠᠭ᠎ᠠ ᠦᠷᠨᠢᠭᠦᠯᠵᠦ᠂ ︽ᠵᠠᠭᠤᠨ ᠪᠦᠯᠬᠦᠮ ᠮᠢᠩᠭᠠᠨ ᠲᠠᠯᠠᠪᠠᠢ︾ ︽ᠨᠠᠮ ᠎ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠵᠡᠷᠭᠡ ᠭᠤᠣᠯ ᠰᠡᠳᠦᠪ ᠤᠨ ᠲᠣᠭᠤᠷᠢᠨ ᠳᠤ 132 ᠲᠠᠯᠠᠪᠠᠢ ︵ᠣᠳᠠᠭ᠎ᠠ︶ ᠲᠣᠭᠯᠠᠯᠳᠠ ᠭᠠᠷᠭᠠᠵᠣ᠂ ᠪᠦᠬᠦ ᠣᠯᠣᠰ ᠤᠨ ᠠᠵᠢᠯᠴᠢᠨ ᠤ ᠶᠡᠷᠦᠩᠭᠡᠢ ᠡᠪᠯᠡᠯ ᠠᠴᠠ ︽ᠪᠦᠬᠦ ᠣᠯᠣᠰ ᠤᠨ ᠲᠠᠪᠦ‍ ᠨᠢᠭᠡ ᠬᠦᠳᠡᠯᠮᠦᠷᠢ ᠶᠢᠨ ᠱᠠᠩᠨᠠᠯ︾᠎ ᠢ ᠣᠯᠭᠤᠵᠣ᠂ ᠪᠦᠬᠦ ᠣᠯᠣᠰ ᠤᠨ ᠨᠢᠭᠡᠳᠦᠭᠡᠷ ᠪᠦᠯᠦᠭ ᠤᠨ ︽ᠨᠢᠭᠡ ᠰᠢᠶᠠᠨ ᠨᠢᠭᠡ ᠪᠦᠲᠦᠭᠡᠯ︾᠎ ᠤᠨ ᠣᠨᠴᠠᠯᠢᠭᠳᠣ ᠰᠣᠶᠣᠯ ᠣᠷᠠᠯᠢᠭ ᠎ ᠤᠨ ᠨᠡᠶᠢᠳᠡᠯᠢᠭ ᠵᠢᠱᠢᠶ᠎ᠡ ᠪᠠᠷ ᠰᠣᠩᠭᠤᠭᠳᠠᠪᠠ᠃ ᠬᠤᠰᠢᠭᠤ ᠣᠳᠬ᠎ᠠ ᠣᠷᠠᠯᠢᠭ ᠤᠨ ᠬᠤᠯᠪᠣᠭ᠎ᠠ ᠪᠦᠬᠦ ᠣᠷᠣᠨ ᠤ ᠦᠨᠳᠦᠰᠦᠨ ᠱᠠᠳᠣᠨ ᠤ ᠣᠳᠬ᠎ᠠ ᠣᠷᠠᠯᠢᠭ ᠤᠨ ᠲᠡᠷᠢᠭᠦᠨ ᠤ ᠬᠠᠮᠳᠣ ᠨᠢᠭᠡᠴᠡ᠂ ᠣᠳᠬ᠎ᠠ ᠣᠷᠠᠯᠢᠭ ᠤᠨ ᠰᠠᠶᠢᠨ ᠲᠣᠷ᠎ᠠ ᠶᠢᠨ ᠦᠢᠯᠡᠴᠢᠯᠡᠭᠡᠨ ᠤ ᠲᠡᠷᠢᠭᠦᠨ ᠤ ᠬᠠᠮᠳᠣ ᠨᠢᠭᠡᠴᠡ ᠪᠠᠷ ᠨᠡᠷᠡᠶᠢᠳᠦᠭᠳᠡᠵᠦ᠂ ᠵᠢᠪᠬᠤᠯᠠᠩᠳᠣ ᠶᠢᠨ ᠡᠾᠦ᠋ᠩᠨᠣ ᠎ ᠶᠢᠨ ᠦᠶ᠎ᠡ ᠶᠢᠨ ᠪᠣᠯᠠᠰᠢ ᠨᠤᠭᠤᠳ ᠨᠢ ᠵᠢᠷᠭᠤᠳᠣᠭᠠᠷ ᠪᠦᠯᠦᠭ ᠤᠨ ᠦᠪᠡᠷᠳᠡᠭᠡᠨ ᠵᠠᠰᠠᠬᠤ ᠣᠷᠣᠨ ᠤ ᠲᠡᠣᠭᠡ ᠶᠢᠨ ᠳᠣᠷᠠᠰᠬᠠᠯᠳᠣ ᠵᠦᠢᠯᠡᠰ ᠤᠨ ᠬᠠᠮᠠᠭᠠᠯᠠᠯᠳᠠ ᠶᠢᠨ ᠨᠢᠭᠡᠴᠡ ᠪᠠᠷ ᠰᠣᠩᠭᠤᠭᠳᠠᠪᠠ᠃       ᠨᠢᠭᠡ ᠵᠢᠯ ᠤᠨ ᠲᠣᠷᠰᠢ᠂ ᠪᠢᠳᠡ ᠭᠤᠣᠯ ᠰᠢᠵᠢᠮ ᠳᠤ ᠲᠦᠪᠯᠡᠷᠡᠭᠦᠯᠵᠦ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠵᠣ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠠᠮᠣᠷ ᠲᠣᠭᠳᠠᠭᠤᠨ ᠪᠠᠶᠢᠳᠠᠯ ᠢᠶᠠᠨ ᠪᠠᠳᠣᠯᠠᠪᠠ᠃ ᠣᠯᠣᠰ ᠤᠨ ᠶᠡᠷᠦᠩᠭᠡᠢ ᠠᠮᠣᠷ ᠲᠦᠪᠰᠢᠨ ᠤ ᠦᠵᠡᠯᠳᠡ ᠶᠢ ᠪᠠᠳᠣ ᠪᠠᠬᠢ ᠪᠣᠢ ᠪᠣᠯᠭᠠᠵᠣ᠂ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠳᠠᠯᠠᠵᠣ᠂ ᠨᠡᠶᠢᠭᠡᠮ ᠤᠨ ᠠᠮᠣᠷ ᠲᠦᠪᠰᠢᠨ ᠤ ᠰᠢᠰᠲ᠋ᠧᠮ ᠪᠣᠯᠣᠨ ᠴᠢᠳᠠᠪᠣᠷᠢ ᠶᠢᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠵᠦ᠂ ᠬᠠᠮᠳᠣᠪᠡᠷ ᠪᠠᠶᠢᠭᠤᠯᠬᠤ᠂ ᠬᠠᠮᠳᠣᠪᠡᠷ ᠵᠠᠰᠠᠬᠤ᠂ ᠬᠠᠮᠳᠣᠪᠡᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠲᠦᠷᠢᠮ ᠢ ᠳᠡᠭᠦᠯᠳᠡᠷᠵᠢᠭᠦᠯᠵᠦ᠂ ᠡᠬᠡ ᠣᠯᠣᠰ ᠤᠨ ᠣᠮᠠᠷᠠᠳᠣ ᠶᠢᠨ ᠠᠮᠣᠷ ᠲᠦᠪᠰᠢᠨ ᠲᠣᠭᠳᠠᠭᠤᠨ ᠤ ᠬᠠᠯᠬᠠᠪᠴᠢ ᠶᠢ ᠪᠠᠳᠣ ᠴᠣᠭᠴᠠᠯᠠᠪᠠ᠃ ᠣᠯᠣᠰ ᠤᠨ ᠣᠯᠣᠰ ᠲᠦᠷᠦ ᠶᠢᠨ ᠠᠮᠣᠷ ᠲᠦᠪᠰᠢᠨ ᠢ ᠡᠷᠡᠰ ᠬᠠᠮᠠᠭᠠᠯᠠᠪᠠ᠃ ᠬᠦᠨᠳᠦ ᠶᠡᠭᠡ ᠠᠶᠣᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠣ᠂ ᠣᠯᠣᠰ ᠤᠨ ᠶᠡᠷᠦᠩᠭᠡᠢ ᠠᠮᠣᠷ ᠲᠦᠪᠰᠢᠨ ᠤ ᠦᠵᠡᠯᠳᠡ ᠶᠢ ︽ᠳᠣᠯᠤᠭ᠎ᠠ ᠳᠤ ᠣᠷᠣᠭᠤᠯᠬᠤ︾ ᠠᠵᠢᠯᠯᠠᠭ᠎ᠠ ᠨᠢ ᠬᠦᠮᠦᠰ ᠤᠨ ᠰᠡᠳᠬᠢᠯ ᠳᠤ ᠬᠦᠨ ᠬᠠᠳᠠᠩᠰᠢᠵᠣ᠂ ︽ᠨᠠᠢᠮᠠᠨ ᠶᠡᠭᠡ ᠬᠦᠷᠢᠶ᠎ᠡ ᠴᠠᠷ᠎ᠠ︾᠎ ᠶᠢᠨ ᠠᠶᠣᠯ ᠲᠦᠭᠰᠢᠭᠦᠷᠢ ᠶᠢ ᠬᠠᠮᠢᠶᠠᠷᠣᠨ ᠡᠵᠡᠮᠳᠡᠬᠦ ᠠᠵᠢᠯ ᠢ ᠰᠠᠶᠢᠳᠣᠷ ᠪᠡᠶᠡᠯᠡᠭᠦᠯᠪᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠶᠢᠨ ᠪᠠᠶᠢᠭᠤᠯᠣᠯ ᠤᠨ ᠦᠭᠡᠷᠡᠴᠢᠯᠡᠯᠳᠡ ᠢᠯᠡᠳᠳᠡ ᠠᠮᠵᠢᠯᠳᠠ ᠣᠯᠵᠣ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠰᠢᠰᠲ᠋ᠧᠮ ᠤᠨ ᠢᠯᠵᠢᠷᠠᠯ ᠤᠨ ᠠᠰᠠᠭᠤᠳᠠᠯ ᠢ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠠᠵᠢᠯ ᠢ ᠲᠣᠶᠢᠯᠪᠣᠷᠢᠳᠠᠢ ᠬᠢᠪᠡ᠃ ᠬᠢᠯᠢ ᠬᠢᠵᠠᠭᠠᠷ ᠣᠷᠣᠨ ᠤ ︽ᠣᠰᠣ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠣᠭ᠎ᠠ︾᠎ ᠶᠢᠨ ᠰᠠᠭᠤᠷᠢ ᠲᠦᠬᠦᠭᠡᠷᠦᠮᠵᠢ ᠎ ᠶᠢ ᠴᠡᠷᠢᠭ ᠤᠨ ᠭᠠᠵᠠᠷ ᠲᠠᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠣᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠮᠬᠢ ᠵᠢᠷᠣᠮ ᠲᠠᠢ ᠠᠬᠢᠭᠤᠯᠵᠣ᠂ ᠴᠡᠷᠢᠭ ᠴᠠᠭᠳᠠᠭ᠎ᠠ ᠠᠷᠠᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠠᠮᠢᠶᠠᠷᠬᠤ ᠠᠷᠭ᠎ᠠ ᠭᠡᠯᠪᠡᠷᠢ ᠪᠠᠷ ᠬᠢᠯᠢ ᠪᠠᠨ ᠰᠠᠬᠢᠵᠣ ᠰᠡᠷᠭᠡᠶᠢᠯᠡᠯᠳᠡ ᠶᠢ ᠪᠠᠬᠢᠵᠢᠭᠦᠯᠵᠦ᠂ ᠬᠢᠯᠢ ᠪᠠᠨ ᠬᠦᠴᠦᠷᠭᠡᠭᠵᠢᠭᠦᠯᠦᠨ ᠰᠡᠷᠭᠡᠶᠢᠯᠡᠯᠳᠡ ᠶᠢ ᠪᠠᠬᠢᠵᠢᠭᠦᠯᠦᠭᠰᠡᠨ ᠠᠵᠢᠯ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠨᠦᠭᠦᠷ ᠤᠨ  ᠦᠨᠡᠯᠡᠯᠳᠡ ᠶᠢ ᠣᠯᠪᠠ᠃ ᠦᠵᠡᠯ ᠣᠬᠠᠮᠰᠠᠷ ᠤᠨ ᠬᠡᠯᠪᠡᠷᠢ ᠎ ᠶᠢᠨ ᠬᠦᠷᠢᠶ᠎ᠡ ᠴᠠᠷ᠎ᠠ ᠠᠮᠣᠷ ᠲᠦᠪᠰᠢᠨ ᠪᠠᠶᠢᠵᠣ᠂ ᠢᠳᠡᠪᠬᠢᠳᠠᠢ ᠪᠠᠷ ᠴᠣᠬᠢᠯᠳᠠ ᠦᠭᠴᠦ᠂ ᠨᠡᠪᠴᠢᠯᠳᠠ ᠬᠢᠬᠦ ᠶᠢ ᠡᠰᠡᠷᠭᠦᠴᠡᠵᠦ᠂ ᠭᠡᠳᠦᠷᠡᠮᠡᠭᠡᠢ ᠪᠠᠶᠢᠳᠠᠯ ᠢ ᠬᠤᠷᠢᠭᠯᠠᠵᠣ᠂ ᠣᠯᠣᠰ ᠤᠨ ᠣᠯᠣᠰ ᠲᠦᠷᠦ ᠶᠢᠨ ᠠᠮᠣᠷ ᠲᠦᠪᠰᠢᠨ᠂ ᠬᠢᠯᠢ ᠬᠢᠵᠠᠭᠠᠷ ᠤᠨ ᠠᠮᠣᠷ ᠲᠣᠭᠳᠠᠭᠤᠨ ᠢ ᠦᠨᠡᠨᠬᠦ ᠬᠠᠮᠠᠭᠠᠯᠠᠪᠠ᠃ ᠦᠨᠳᠦᠰᠦᠳᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠳᠣᠳᠠᠢ ᠬᠦᠨᠵᠡᠭᠡᠶᠢᠷᠡᠭᠦᠯᠪᠡ᠃ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠣ᠂ ︽1815︾ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠤᠨ ᠭᠡᠪ ᠵᠠᠭᠪᠣᠷ ᠢ ᠰᠦᠪᠡᠭᠴᠢᠯᠡᠨ ᠪᠠᠶᠢᠭᠤᠯᠵᠣ᠂ ︽ᠣᠯᠠᠭᠠᠠᠮᠦ᠋ᠴᠢᠷ︾ ︽ᠣᠯᠠᠭᠠᠨ ᠪᠢᠴᠢᠭ ᠤᠨ ᠪᠣᠭᠴᠣ︾ ᠪᠠ ︽ᠣᠯᠣᠰ ᠤᠨ ᠭᠡᠣᠭᠡᠳ︾᠎ ᠤᠨ ᠬᠢᠴᠢᠶᠡᠯ ᠤᠨ ᠲᠢᠩᠭᠢᠮ ᠵᠡᠷᠭᠡ ᠨᠢᠭᠡ ᠪᠦᠯᠦᠭ ᠣᠮᠠᠷᠠᠳᠣ ᠬᠢᠯᠢ ᠶᠢᠨ ᠰᠣᠶᠣᠯ ᠤᠨ ᠨᠡᠷᠡᠲᠦ ᠲᠡᠮᠳᠡᠭᠳᠦ ᠶᠢ ᠣᠯᠠᠮᠵᠢᠯᠠᠨ ᠡᠭᠦᠳᠴᠦ᠂ ᠡᠯ᠎ᠡ ᠲᠦᠷᠦᠯ ᠤᠨ ᠠᠵᠢᠯᠯᠠᠭ᠎ᠠ ᠶᠢ ᠦᠷᠨᠢᠭᠦᠯᠵᠦ ᠦᠨᠳᠦᠰᠦᠳᠡᠨ ᠨᠦᠭᠦᠳ ᠤᠨ ᠣᠯᠠᠨ ᠲᠦᠮᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠠᠯ ᠢ ᠲᠠᠰᠣᠷᠠᠯᠳᠠ ᠦᠭᠡᠢ ᠠᠬᠢᠭᠤᠯᠪᠠ᠃ ᠮᠠᠨ ᠤ ᠬᠤᠰᠢᠭᠤ ᠨᠢ ᠠᠷᠪᠠᠨ ᠨᠢᠭᠡᠳᠦᠭᠡᠷ ᠪᠦᠯᠦᠭ ᠤᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠨᠠᠷᠠᠶᠢᠳᠦᠭᠳᠡᠵᠦ᠂ ᠣᠯᠠᠭᠠᠠᠮᠦ᠋ᠴᠢᠷ ᠨᠢ ᠪᠦᠬᠦ ᠣᠷᠣᠨ ᠤ ᠠᠩᠬᠠᠳᠠᠭᠴᠢ ᠪᠦᠯᠦᠭ ᠤᠨ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠬᠦᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠲᠠᠨᠢᠯᠴᠠᠭᠤᠯᠣᠭᠳᠠᠪᠠ᠃ ︽ᠭᠤᠷᠪᠠᠨ ᠮᠢᠩᠭᠠᠨ ᠦᠨᠦᠴᠢᠨ ᠭᠡᠣᠭᠡᠳ ᠢ ᠦᠪᠦᠷ ᠮᠣᠩᠭᠤᠯ ᠦᠷᠡᠴᠢᠯᠡᠨ ᠲᠡᠵᠢᠭᠡᠭᠰᠡᠨ︾᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠦᠯᠦᠭᠡ ᠮᠠᠯᠴᠢᠳ ᠢ ᠨᠡᠭᠦᠯᠭᠡᠨ ᠰᠢᠯᠵᠢᠭᠦᠯᠦᠭᠰᠡᠨ᠂ ᠦᠢᠯᠡᠳᠪᠦᠷᠢᠯᠡᠯ ᠪᠠᠶᠢᠭᠤᠯᠣᠯᠳᠠ ᠶᠢᠨ ᠪᠢᠩᠲ᠋ᠣᠸᠠᠨ ᠬᠢᠯᠢ ᠬᠢᠵᠠᠭᠠᠷ ᠢ ᠳᠣᠰᠠᠯᠠᠭᠰᠠᠨ ᠵᠡᠷᠭᠡ ᠦᠨᠳᠦᠰᠦᠳᠡᠨ ᠤ ᠪᠦᠯᠬᠦᠮᠳᠡᠯ ᠤᠨ ᠰᠡᠳᠬᠢᠯ ᠬᠦᠳᠡᠯᠭᠡᠮ᠎ᠡ ᠦᠢᠯᠡ ᠠᠵᠢᠯᠯᠠᠭ᠎ᠠ ᠶᠢ ᠶᠡᠬᠡᠪᠡᠷ  ᠠᠭᠤᠳᠠᠯᠠᠨ ᠪᠠᠳᠠᠷᠠᠭᠤᠯᠵᠣ᠂ ᠦᠨᠳᠦᠰᠦᠳᠡᠨ ᠪᠦᠯᠬᠦᠮᠳᠡᠭᠰᠡᠨ᠂ ᠨᠡᠶᠢᠭᠡᠮ ᠡᠶ᠎ᠡ ᠵᠣᠬᠢᠴᠠᠯ ᠲᠠᠢ᠂ ᠬᠢᠯᠢ ᠬᠢᠵᠠᠭᠠᠷ ᠠᠮᠣᠷ ᠲᠣᠭᠳᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠣᠯᠠᠮ ᠪᠠᠳᠣᠳᠬᠠᠪᠠ᠃ ᠬᠢᠯᠢ ᠬᠢᠵᠠᠭᠠᠷ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠳᠠᠢ ᠠᠬᠢᠭᠤᠯᠵᠣ᠂ ᠵᠢᠯ ᠤᠨ ᠲᠣᠳᠣᠷ᠎ᠠ ᠴᠦᠭᠡᠨ ᠲᠣᠭᠠᠳᠣ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠭᠦ 1263 ᠲᠦᠮᠡᠨ ᠲᠦᠭᠦᠷᠢᠭ ᠢ ᠲᠡᠮᠡᠴᠡᠨ ᠣᠯᠵᠣ᠂ ᠬᠢᠯᠢ ᠬᠢᠵᠠᠭᠠᠷ ᠣᠷᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠬᠦᠴᠦᠳᠠᠢ ᠪᠠᠳᠣᠯᠠᠭ᠎ᠠ ᠬᠠᠩᠭᠠᠪᠠ᠃ ᠦᠷᠢ ᠰᠢᠷᠢ ᠶᠢᠨ ᠲᠦᠭᠰᠢᠭᠦᠷᠢ ᠶᠢ ᠪᠦᠲᠦᠮᠵᠢᠳᠠᠢ ᠰᠡᠷᠭᠡᠶᠢᠯᠡᠪᠡ᠃ ᠡᠳ᠋ ᠤᠨ ᠬᠦᠴᠦᠨ ᠤ ᠬᠦᠴᠢᠷᠳᠠᠯ ᠢ ᠢᠯᠠᠨ ᠳᠠᠪᠠᠵᠣ᠂ ᠣᠷᠣᠨ ᠨᠣᠳᠤᠭ ᠤᠨ ᠵᠠᠰᠠᠭ ᠤᠨ ᠣᠷᠳᠣᠨ ᠤ ᠳᠠᠯᠳᠠ ᠦᠷᠢ 1.77 ᠳ᠋ᠦᠩᠰᠢᠭᠤᠷ ᠲᠦᠭᠦᠷᠢᠭ ᠢ ᠲᠦᠯᠦᠵᠦ᠂ ᠣᠨ ᠤ ᠡᠭᠦᠷᠭᠡ ᠶᠢᠨ 120%᠎ ᠶᠢ ᠪᠡᠶᠡᠯᠡᠭᠦᠯᠪᠡ︔ ᠪᠡᠯᠡ ᠴᠣᠭᠯᠠᠭᠤᠯᠬᠤ ᠵᠢᠭᠡᠯᠡᠯᠭᠡ ᠶᠢᠨ ᠲᠡᠮᠳᠡᠭᠳᠦ ᠎ ᠶᠢ ᠢᠳᠡᠪᠬᠢᠳᠠᠢ ᠲᠡᠮᠡᠴᠡᠨ ᠣᠯᠵᠣ᠂ 6.48 ᠳ᠋ᠦᠩᠰᠢᠭᠤᠷ ᠲᠦᠭᠦᠷᠢᠭ ᠤᠨ ᠰᠢᠨ᠎ᠡ ᠪᠠᠷ ᠪᠠᠶᠢᠴᠠᠭᠠᠨ ᠭᠠᠷᠭᠠᠭᠰᠠᠨ ᠦᠷᠢᠳᠦᠵᠦ ᠪᠠᠶᠢᠭ᠎ᠠ ᠠᠵᠣ ᠠᠬᠤᠶᠢᠯᠠᠯ ᠤᠨ ᠳᠠᠩᠰᠠ ᠶᠢ ᠪᠦᠬᠦᠨ ᠢ ᠪᠣᠳᠣᠬᠤ ᠶᠢ ᠣᠷᠢᠳᠴᠢᠯᠠᠨ ᠪᠡᠶᠡᠯᠡᠭᠦᠯᠪᠡ᠃ ᠡᠩ ᠤᠨ ᠵᠢᠭᠡᠯᠡᠯᠭᠡ ᠶᠢᠨ ᠲᠡᠮᠳᠡᠭᠳᠦ᠂ ᠲᠣᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠳᠦ 1.2 ᠳ᠋ᠦᠩᠰᠢᠭᠤᠷ ᠲᠦᠭᠦᠷᠢᠭ᠂ ᠡᠯ᠎ᠡ ᠲᠦᠷᠦᠯ ᠤᠨ ᠰᠢᠯᠵᠢᠭᠦᠯᠦᠨ ᠦᠭᠭᠦᠭᠰᠡᠨ 14.9 ᠳ᠋ᠦᠩᠰᠢᠭᠤᠷ ᠲᠦᠭᠦᠷᠢᠭ ᠢ ᠲᠡᠮᠡᠴᠡᠨ ᠣᠯᠵᠣ᠂ ᠲᠣᠰᠪᠦᠷᠢ 24% ᠪᠠ 4.5%᠎ ᠪᠠᠷ ᠨᠡᠮᠡᠭᠳᠡᠵᠦ᠂ ᠠᠷᠠᠳ ᠤᠨ ᠠᠮᠢᠳᠣᠷᠠᠯ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠣᠨ ︽ᠭᠤᠷᠪᠠᠨ ᠪᠠᠳᠣᠯᠠᠭ᠎ᠠ︾᠎ ᠶᠢᠨ ᠡᠷᠭᠡᠪᠰᠢ ᠵᠠᠷᠣᠬᠤ ᠵᠠᠷᠣᠯᠭ᠎ᠠ ᠶᠢ ᠴᠢᠷᠮᠠᠶᠢᠨ ᠪᠠᠳᠣᠯᠠᠪᠠ᠃ ᠠᠮᠣᠭᠤᠯᠠᠩᠳᠣ ᠪᠠᠷᠠᠭᠤᠨ ᠰᠦᠨᠢᠳ ᠤᠨ ᠪᠠᠶᠢᠭᠤᠯᠣᠯᠳᠠ ᠶᠢᠨ ᠦᠷ᠎ᠡ ᠪᠦᠲᠦᠮᠵᠢ ᠢᠯᠡᠳᠳᠡ ᠳᠡᠭᠡᠭᠰᠢᠯᠡᠪᠡ᠃ ᠡᠷᠡᠭᠦᠦ ᠎ ᠶᠢᠨ ᠭᠡᠷᠡᠭ᠂ ᠠᠮᠣᠷ ᠢ ᠬᠠᠮᠠᠭᠠᠯᠠᠬᠤ ᠬᠡᠷᠡᠭ ᠲᠣᠰᠪᠦᠷᠢ 149 ᠬᠡᠷᠡᠭ᠂ 232 ᠬᠡᠷᠡᠭ ᠢ ᠬᠡᠷᠡᠭ ᠪᠣᠯᠭᠠᠨ ᠳᠠᠩᠰᠠᠯᠠᠵᠣ᠂ ︽ᠬᠤᠣᠰ ᠪᠠᠭᠤᠷᠠᠯᠳᠠ︾᠎ ᠶᠢ ᠪᠡᠶᠡᠯᠡᠭᠦᠯᠵᠦ᠂ ᠭᠤᠷᠪᠠᠨ ᠵᠢᠯ ᠳᠠᠷᠠᠭᠠᠯᠠᠨ ᠠᠮᠢᠨ ᠬᠡᠷᠡᠭ ᠭᠠᠷᠣᠭᠰᠠᠨ ᠦᠭᠡᠢ ᠪᠠᠶᠢᠵᠣ᠂ ᠨᠡᠶᠢᠭᠡᠮ ᠤᠨ ᠠᠮᠣᠷ ᠢ ᠬᠠᠮᠠᠭᠠᠯᠠᠬᠤ ᠠᠵᠢᠯ ᠳᠠᠬᠢ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ 99.7%᠎ ᠳᠤ ᠬᠦᠷᠪᠡ᠃ ︽7.06︾ ᠣᠯᠣᠰ ᠤᠨ ᠭᠤᠣᠯᠳᠠᠯᠭ᠎ᠠ ᠲᠠᠢ ᠬᠠᠮᠠᠭᠠᠯᠠᠯᠳᠠ ᠶᠢᠨ ᠣᠷᠭᠤᠮᠠᠯ ᠳᠤ ᠬᠦᠨᠦᠭᠡᠯ ᠣᠴᠠᠷᠠᠭᠤᠯᠣᠭᠰᠠᠨ ᠣᠨᠴᠠ ᠶᠡᠭᠡ ᠬᠡᠷᠡᠭ ᠢ ᠢᠯᠡᠷᠡᠭᠦᠯᠦᠨ ᠡᠪᠳᠡᠵᠦ᠂ ᠮᠡᠷᠭᠡᠵᠢᠯ ᠤᠨ ᠪᠠᠶᠢᠯᠳᠣᠬᠤ ᠠᠷᠭ᠎ᠠ ᠎ ᠶᠢ ᠲᠣᠳᠣᠭᠠᠳᠣ ᠶᠢ ᠬᠠᠮᠠᠭᠠᠯᠠᠬᠤ ᠶᠠᠮᠣᠨ ᠠᠴᠠ ᠪᠦᠬᠦ ᠣᠯᠣᠰ ᠲᠤ ᠲᠦᠭᠡᠮᠡᠯᠵᠢᠭᠦᠯᠪᠡ᠃ ᠲᠠᠬᠢᠨ ᠲᠠᠪᠳᠠᠨ ᠵᠠᠬᠢᠳᠠᠯ ᠰᠣᠷᠪᠣᠯᠵᠢᠯᠠᠭ᠎ᠠ ᠬᠢᠬᠦ ᠶᠢ ᠲᠦᠪᠯᠡᠷᠡᠭᠦᠯᠦᠨ ᠵᠠᠰᠠᠬᠤ᠂ ᠵᠠᠬᠢᠳᠠᠯ ᠰᠣᠷᠪᠣᠯᠵᠢᠯᠠᠭ᠎ᠠ ᠶᠢᠨ ᠳᠠᠷᠣᠭᠳᠠᠮᠠᠯ ᠬᠡᠷᠡᠭ ᠢ ᠲᠣᠰᠬᠠᠢ ᠲᠦᠷᠦᠯ ᠢᠶᠠᠷ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠪᠠᠳᠣᠳᠬᠠᠵᠣ᠂ ᠪᠦᠬᠦ ᠵᠢᠯ ᠳᠤ 115 ᠬᠤᠪᠢ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠦᠯᠢᠶᠡᠨ ᠠᠪᠴᠣ᠂ ᠰᠢᠢᠳᠪᠦᠷᠢᠯᠡᠭᠰᠡᠨ ᠨᠣᠷᠮ᠎ᠠ 97%᠎ ᠳᠤ ᠬᠦᠷᠴᠦ᠂ ᠵᠠᠬᠢᠳᠠᠯ ᠰᠣᠷᠪᠣᠯᠵᠢᠯᠠᠭ᠎ᠠ ᠶᠢᠨ ᠭᠤᠷᠪᠠᠨ ᠨᠣᠷᠮ᠎ᠠ᠂ ᠰᠢᠢᠳᠪᠦᠷᠢᠯᠡᠭᠦᠯᠬᠦ ᠪᠠᠷ ᠭᠤᠶᠣᠴᠢᠯᠠᠭᠰᠠᠨ ᠲᠦᠷᠦᠯ ᠎ ᠤᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠨᠢᠭᠡ ᠯᠡ ᠣᠳᠠᠭ᠎ᠠ ᠳᠤ ᠰᠢᠢᠳᠪᠦᠷᠢᠯᠡᠭᠰᠡᠨ ᠨᠣᠷᠮ᠎ᠠ ᠪᠦᠬᠦ ᠠᠶᠢᠮᠠᠭ ᠎ ᠤᠨ ᠰᠠᠶᠢᠰᠢᠶᠠᠯ ᠢ ᠣᠯᠵᠣ᠂ ︽145︾ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠠᠷᠭ᠎ᠠ8᠎ ᠨᠢ ᠪᠦᠬᠦ ᠠᠶᠢᠮᠠᠭ ᠎ ᠲᠤ ᠲᠦᠭᠡᠮᠡᠯᠵᠢᠭᠦᠯᠦᠭᠳᠡᠨ ᠣᠬᠠᠭᠤᠯᠣᠭᠳᠠᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠪᠠᠯᠭᠠᠰᠣᠨ ᠤ ᠲᠣᠷᠰᠢᠯᠭ᠎ᠠ︾9᠎ ᠶᠢ ᠪᠠᠷᠢᠮᠳᠠᠯᠠᠬᠤ ᠪᠠ ᠬᠦᠭᠵᠢᠭᠦᠯᠵᠦ᠂ ︽ᠬᠤᠶᠠᠷ ᠰᠠᠯᠪᠣᠷᠢ ᠨᠢᠭᠡ ᠲᠣᠪᠴᠢᠶ᠎ᠠ ᠨᠢᠭᠡ ᠲᠠᠩᠭᠢᠮ︾10 ︽ᠳᠦᠷᠪᠡᠨ ᠰᠠᠯᠪᠣᠷᠢ ᠨᠢᠭᠡ ᠲᠠᠩᠭᠢᠮ︾11᠎ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠵᠦ ᠬᠠᠮᠳᠣᠷᠠᠨ ᠠᠵᠢᠯᠯᠠᠬᠤ ᠵᠣᠬᠢᠴᠠᠮᠵᠢ ᠶᠢ ᠰᠢᠨᠡᠴᠢᠯᠡᠨ ᠪᠠᠶᠢᠭᠤᠯᠵᠣ᠂ ︽ᠰᠢᠭᠦᠭᠴᠢ᠂ ᠪᠠᠶᠢᠴᠠᠭᠠᠭᠴᠢ᠂ ᠲᠣᠳᠣᠭᠠᠳᠣ ᠎ ᠶᠢ ᠬᠠᠮᠠᠭᠠᠯᠠᠬᠤ ᠪᠠᠶᠢᠭᠤᠯᠭ᠎ᠠ᠂ ᠬᠠᠣᠯᠢᠴᠢ︾12᠎ ᠶᠢ ᠦᠨᠳᠦᠰᠦᠨ ᠱᠠᠳᠣᠨ ᠳᠤ ᠬᠦᠨᠵᠡᠭᠡᠶᠢᠷᠡᠭᠦᠯᠬᠦ ᠶᠢ ᠠᠬᠢᠭᠤᠯᠵᠣ ᠂ 342 ᠬᠤᠪᠢ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠢᠢᠳᠪᠦᠷᠢᠯᠡᠵᠦ᠂ ᠠᠮᠵᠢᠯᠳᠠ ᠣᠯᠣᠭᠰᠠᠨ ᠨᠣᠷᠮ᠎ᠠ 100%᠎ ᠳᠤ ᠬᠦᠷᠪᠡ᠃ ᠠᠶᠣᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠴᠢᠩᠭ᠎ᠠ ᠠᠳᠬᠤᠪᠠ᠃ 8 ᠠᠮᠣᠷ ᠲᠦᠪᠰᠢᠨ ᠤ ᠲᠣᠰᠬᠠᠢ ᠵᠦᠪᠯᠡᠯ ᠤᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠪᠦᠬᠦ ᠠᠶᠢᠮᠠᠭ ᠤᠨ ᠬᠤᠶᠠᠳᠠᠬᠢ ᠣᠯᠣᠰ ᠤᠨ ᠭᠤᠷᠪᠠᠳᠣᠭᠠᠷ ᠳᠡᠰ ᠤᠨ ᠶᠠᠰᠣ ᠴᠢᠨᠠᠷ ᠤᠨ ᠪᠠᠷᠢᠮᠵᠢᠶ᠎ᠠ ᠲᠠᠢ ᠨᠡᠭᠦᠷᠡᠰᠦᠨ ᠤ ᠪᠣᠰᠣ ᠠᠭᠤᠷᠬᠠᠢ ᠶᠢᠨ ᠲᠣᠰᠬᠠᠢ ᠠᠵᠢᠯ ᠤᠨ ᠠᠪᠣᠷᠠᠨ ᠲᠣᠰᠠᠯᠠᠬᠤ ᠠᠩᠭᠢ ᠶᠢ ᠪᠠᠶᠢᠭᠤᠯᠵᠣ᠂ ᠬᠤᠳᠠ ᠪᠠᠯᠭᠠᠰᠣᠨ ᠤ ᠰᠢᠳᠠᠭᠠᠯᠭ᠎ᠠ ᠶᠢᠨ ᠭᠡᠢ᠂ ᠦᠨᠳᠦᠷ ᠳᠡᠭᠡᠷ᠎ᠡ ᠠᠴᠠ ᠣᠨᠠᠬᠤ ᠶᠢ ᠣᠷᠢᠳᠴᠢᠯᠠᠨ ᠰᠡᠷᠭᠡᠶᠢᠯᠡᠬᠦ᠂ ᠬᠦᠨᠳᠦ ᠶᠡᠭᠡ ᠳᠠᠯᠳᠠ ᠬᠡᠮ ᠢ ᠪᠠᠶᠢᠴᠠᠭᠠᠬᠤ ᠵᠡᠷᠭᠡ 15 ᠲᠣᠰᠬᠠᠢ ᠲᠦᠷᠦᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠵᠦ᠂ ᠡᠯ᠎ᠡ ᠠᠵᠢᠯ ᠲᠦᠷᠦᠯ ᠤᠨ ᠬᠦᠷᠢᠶ᠎ᠡ ᠴᠠᠷ᠎ᠠ ᠶᠢᠨ 1547 ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢ ᠪᠠᠶᠢᠴᠠᠭᠠᠵᠣ᠂ 2638 ᠵᠣᠷᠪᠣᠰ ᠡᠯ᠎ᠡ ᠲᠦᠷᠦᠯ ᠤᠨ ᠳᠠᠯᠳᠠ ᠭᠡᠮ ᠢ ᠪᠠᠶᠢᠴᠠᠭᠠᠨ ᠵᠠᠰᠠᠨ ᠴᠡᠭᠴᠡᠯᠡᠵᠦ᠂ ᠪᠦᠬᠦ ᠵᠢᠯ ᠎ ᠳᠤ ᠠᠶᠣᠯᠭᠦᠢ ᠦᠢᠯᠡᠳᠪᠦᠷᠢᠯᠡᠯ ᠤᠨ ᠬᠦᠨᠳᠦ ᠶᠡᠭᠡ ᠬᠡᠷᠡᠭ ᠡᠭᠦᠰᠦᠭᠰᠡᠨ ᠦᠭᠡᠢ᠃ ᠪᠦᠬᠦ ᠬᠡᠪᠴᠢᠶᠡᠨ ᠳᠤ ᠡᠭᠦᠳᠦᠨ ᠪᠠᠶᠢᠭᠤᠯᠬᠤ᠂ ᠲᠦᠷᠦᠯ ᠬᠤᠪᠢᠶᠠᠨ ᠠᠬᠢᠭᠤᠯᠬᠤ ᠶᠢ ᠪᠠᠷᠢᠮᠳᠠᠯᠠᠵᠣ᠂ ᠣᠯᠣᠰ ᠤᠨ ᠢᠳᠡᠭᠡᠨ ᠤ ᠵᠦᠢᠯ ᠤᠨ ᠠᠮᠣᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠵᠢᠱᠢᠶᠡᠴᠢ ᠶᠢ ᠡᠭᠦᠳᠦᠨ ᠪᠠᠶᠢᠭᠤᠯᠬᠤ ᠪᠠᠷ ᠳᠠᠮᠵᠢᠨ ᠣᠯᠠᠨ ᠲᠦᠮᠡᠨ ᠤ ᠢᠳᠡᠭᠡᠨ ᠤ ᠵᠦᠢᠯ ᠤᠨ ᠠᠮᠣᠷ ᠲᠦᠪᠰᠢᠨ ᠢ ᠬᠠᠮᠠᠭᠠᠯᠠᠪᠠ᠃ ᠢᠳᠡᠭᠡᠨ ᠤ ᠵᠦᠢᠯ ᠤᠨ ᠠᠮᠣᠷ ᠲᠦᠪᠰᠢᠨ ᠢ ᠳᠠᠭᠠᠭᠠᠴᠢᠯᠠᠨ ᠪᠠᠳᠣᠯᠠᠬᠤ ᠬᠠᠷᠢᠭᠤᠴᠠᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠣ᠂ ︽ᠬᠤᠣᠰ ᠰᠣᠭᠤᠴᠢᠯᠳᠠ᠂ ᠨᠢᠭᠡ ᠢᠯᠡ ᠪᠣᠯᠭᠠᠬᠤ︾13ᠬᠤᠯᠪᠣᠭᠠᠯᠠᠭᠰᠠᠨ ᠪᠠᠶᠢᠴᠠᠭᠠᠯᠳᠠ᠂ ᠡᠳᠦᠷ ᠲᠣᠳᠣᠮ ᠤᠨ ᠪᠠᠶᠢᠴᠠᠭᠠᠯᠳᠠ ᠶᠢ ᠪᠦᠲᠦᠮᠵᠢᠳᠠᠢ ᠪᠦᠷᠬᠦᠭᠦᠯᠵᠦ᠂ ᠡᠯ᠎ᠡ ᠲᠦᠷᠦᠯ ᠤᠨ ᠢᠳᠡᠭᠡᠨ ᠪᠠ ᠡᠮ ᠤᠨ ᠵᠦᠢᠯ ᠤᠨ ᠡᠵᠡᠩᠨᠡᠯᠳᠡ ᠶᠢᠨ ᠭᠤᠣᠯ ᠴᠣᠭᠴᠠ 2275 ᠡᠷᠦᠭᠡ ︵ᠣᠳᠠᠭ᠎ᠠ︶᠎ ᠶᠢ ᠪᠠᠶᠢᠴᠠᠭᠠᠵᠣ᠂ ᠪᠦᠬᠦ ᠵᠢᠯ ᠳᠤ ᠢᠳᠡᠭᠡᠨ ᠪᠠ ᠡᠮ ᠤᠨ ᠵᠦᠢᠯ ᠤᠨ ᠠᠮᠣᠷ ᠲᠦᠪᠰᠢᠨ ᠤ ᠬᠡᠷᠡᠭ ᠡᠭᠦᠰᠦᠭᠰᠡᠨ ᠦᠭᠡᠢ᠃       ᠨᠢᠭᠡ ᠵᠢᠯ ᠤᠨ ᠲᠣᠷᠰᠢ᠂ ᠪᠢᠳᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠵᠣᠷᠢᠭᠳᠠᠢ ᠡᠭᠦᠷᠭᠡᠯᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠣᠯᠠᠮ  ᠰᠢᠯᠢᠳᠡᠭᠵᠢᠭᠦᠯᠪᠡ᠃ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠣ᠂ ︽ᠨᠢᠭᠡᠳᠦᠭᠡᠷ ᠵᠦᠪᠯᠡᠬᠦ ᠰᠡᠳᠦᠪ︾᠎ ᠤᠨ ᠲᠦᠷᠢᠮ ᠢ ᠪᠠᠶᠢᠩᠭᠤᠵᠢᠭᠤᠯᠣᠨ ᠨᠠᠶᠢᠳᠠᠪᠣᠷᠢᠵᠢᠭᠤᠯᠵᠣ᠂ ︽ᠡᠷᠭᠡᠪᠰᠢ ᠣᠩᠰᠢᠬᠤ ᠨᠣᠮ︾ ᠎ ᠢ ᠨᠠᠷᠢᠨ ᠬᠢᠨᠠᠮᠠᠭᠠᠢ ᠰᠣᠷᠣᠯᠴᠠᠵᠣ᠂ ︽ᠬᠠᠮᠤᠭ ᠰᠢᠨ᠎ᠡ ᠵᠣᠬᠢᠶᠠᠯ︾᠎ ᠢ ᠲᠠᠭᠠᠨ ᠰᠣᠷᠣᠯᠴᠠᠵᠣ᠂ ᠬᠤᠶᠠᠳᠣᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠭᠤᠣᠯ ᠰᠡᠳᠦᠪᠳᠦ ᠬᠦᠮᠦᠵᠢᠯ ᠢ ᠯᠠᠪᠳᠠᠭᠤᠨ ᠪᠠᠳᠣᠳᠠᠢ ᠦᠷᠨᠢᠭᠦᠯᠬᠦ ᠪᠠᠷ ᠰᠡᠳᠬᠢᠯ ᠢᠶᠠᠨ ᠨᠢᠭᠡᠳᠭᠡᠨ ᠰᠦᠭ ᠰᠦᠨᠡᠰᠦ ᠪᠠᠨ ᠱᠣᠭᠤᠵᠣ᠂ ︽ᠬᠤᠶᠠᠷ ᠢ ᠲᠣᠭᠳᠠᠭᠠᠭᠰᠠᠨ︾᠎ ᠢ ᠡᠷᠡᠰ ᠬᠠᠮᠠᠭᠠᠯᠠᠵᠣ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ  ᠴᠢᠭᠡᠴᠢ ᠵᠠᠰᠠᠭ ᠤᠨ ᠪᠠᠶᠢᠭᠤᠯᠣᠯᠳᠠ ᠶᠢ ᠬᠦᠨᠵᠡᠭᠡᠢ ᠠᠬᠢᠭᠤᠯᠵᠣ᠂ ᠵᠠᠰᠠᠭ ᠤᠨ ᠣᠷᠳᠣᠨ ᠤ ᠬᠡᠷᠡᠭ ᠵᠦᠪᠯᠡᠬᠦ ᠲᠦᠷᠢᠮ ᠪᠣᠯᠣᠨ ᠨᠠᠮ ᠤᠨ ᠳᠣᠭᠤᠶᠢᠯᠠᠩ ᠤᠨ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠰᠣᠷᠳᠠᠯ ᠴᠢᠭᠡᠴᠢ ᠣᠪᠣᠷ ᠲᠦᠪ᠂ ᠵᠢᠷᠣᠮᠵᠢᠯ ᠲᠠᠢ ᠦᠨᠳᠦᠷ ᠦᠷ᠎ᠡ ᠪᠦᠲᠦᠮᠵᠢᠳᠠᠢ ᠵᠠᠰᠠᠭ ᠤᠨ ᠶᠠᠪᠣᠳᠠᠯ ᠤᠨ ᠣᠷᠴᠢᠨ ᠨᠦᠬᠦᠴᠡᠯ ᠢ ᠰᠠᠶᠢᠳᠣᠷ ᠪᠦᠷᠢᠯᠳᠦᠭᠦᠯᠪᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠣᠯᠢ ᠲᠦᠷᠢᠮ ᠢᠶᠠᠷ ᠬᠢᠨᠠᠨ ᠬᠠᠷᠭᠤᠭᠤᠯᠬᠤ ᠪᠠ ᠵᠠᠰᠠᠭ ᠤᠨ ᠣᠷᠳᠣᠨ ᠤ ᠬᠠᠣᠯᠢ ᠵᠦᠪᠯᠡᠭᠴᠢ ᠵᠡᠷᠭᠡ ᠲᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ︽ᠨᠠᠢᠮᠠᠳᠣᠭᠠᠷ ᠲᠠᠪᠣᠨ ᠵᠢᠯ︾᠎ ᠤᠨ ᠬᠠᠣᠯᠢ ᠲᠦᠭᠡᠮᠡᠯᠵᠢᠭᠦᠯᠬᠦ ᠠᠵᠢᠯ ᠢ ᠦᠨᠡᠨᠬᠦ ᠴᠢᠩᠭᠠᠳᠬᠠᠨ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ᠂ ᠲᠦᠪ ᠭᠤᠣᠯᠴᠢ ᠪᠠᠷ ᠬᠠᠣᠯᠢ ᠪᠠᠷᠢᠬᠤ ᠬᠢᠷᠢ ᠲᠦᠪᠰᠢᠨ ᠲᠠᠰᠣᠷᠠᠯᠳᠠ ᠦᠭᠡᠢ ᠳᠡᠭᠡᠭᠰᠢᠯᠡᠵᠦ᠂ ᠬᠠᠣᠯᠢ ᠪᠠᠷ ᠵᠠᠰᠠᠬᠤ ᠵᠠᠰᠠᠭ ᠎ ᠤᠨ ᠣᠷᠳᠣᠨ ᠤ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ ᠲᠠᠯᠪᠢᠬᠤ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ 180 ᠬᠤᠪᠢ ᠭᠦᠢᠴᠡᠳᠭᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100%᠎ ᠳᠤ ᠬᠦᠷᠪᠡ᠃       ᠡᠭᠦᠨ ᠤ ᠬᠠᠮᠳᠣ᠂ ᠠᠵᠢᠯᠴᠢᠨ ᠤ ᠡᠪᠯᠡᠯ᠂ ᠡᠪ ᠬᠠᠮᠳᠣ ᠵᠠᠯᠠᠭᠤᠴᠣᠳ ᠤᠨ ᠡᠪᠯᠡᠯ᠂ ᠡᠮᠡᠭᠳᠠᠶᠢᠴᠣᠳ ᠤᠨ ᠬᠤᠯᠪᠣᠭ᠎ᠠ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠵᠡᠮᠳᠡᠭᠴᠣᠳ ᠤᠨ ᠬᠤᠯᠪᠣᠭ᠎ᠠ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠰᠢᠨ᠎ᠡ ᠠᠮᠵᠢᠯᠳᠠ ᠣᠯᠵᠣ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠴᠡᠷᠢᠭ ᠠᠴᠠ ᠬᠠᠯᠠᠭᠳᠠᠭᠰᠠᠳ᠂ ᠭᠠᠯ ᠣᠨᠳᠠᠷᠠᠭᠠᠵᠣ ᠠᠪᠣᠷᠠᠨ ᠳᠣᠰᠠᠯᠠᠬᠤ᠂ ᠦᠨᠳᠦᠰᠦᠳᠡᠨ ᠱᠠᠰᠢᠨ ᠰᠣᠷᠳᠠᠬᠤᠨ᠂ ᠬᠢᠨᠠᠨ ᠪᠣᠳᠣᠵᠣ ᠬᠢᠨᠠᠯᠳᠠ ᠲᠠᠯᠪᠢᠬᠤ᠂ ᠲᠤᠭ᠎ᠠ ᠪᠦᠷᠢᠳᠭᠡᠯ ᠤᠨ ᠪᠠᠶᠢᠴᠠᠭᠠᠯᠳᠠ ᠵᠡᠷᠭᠡ ᠠᠵᠢᠯ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠣ᠂ ᠪᠠᠶᠢᠭᠤᠯᠭ᠎ᠠ ᠶᠢᠨ ᠶᠠᠪᠣᠳᠠᠯ ᠤᠨ ᠦᠢᠯᠡᠴᠢᠯᠡᠭᠡ᠂ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ᠂ ᠰᠣᠨᠢᠨ ᠮᠡᠳᠡᠭᠡᠨ ᠤ ᠣᠬᠠᠭᠤᠯᠭ᠎ᠠ᠂ ᠳᠠᠩᠰᠠ ᠡᠪᠬᠡᠮᠡᠯ᠂ ᠬᠠᠩᠭᠠᠨ ᠪᠣᠷᠣᠯᠠᠭᠤᠯᠭ᠎ᠠ᠂ ᠮᠦᠩᠭᠦᠨ ᠭᠦᠢᠯᠭᠡᠭᠡᠨ᠂ ᠴᠠᠬᠢᠯᠭᠠᠨ ᠬᠠᠩᠭᠠᠯᠭ᠎ᠠ᠂ ᠰᠢᠣᠳᠠᠨ᠂ ᠴᠠᠭ ᠠᠭᠤᠷ᠂ ᠴᠢᠮᠡᠭᠡ ᠬᠤᠯᠪᠣᠭ᠎ᠠ᠂ ᠨᠠᠪᠴᠢᠨ ᠲᠠᠮᠠᠬᠢ ᠵᠡᠷᠭᠡ ᠠᠵᠢᠯ ᠰᠢᠨ᠎ᠡ ᠦᠷ᠎ᠡ ᠪᠦᠲᠦᠮᠵᠢ ᠣᠯᠵᠣ ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠢᠳᠡᠪᠬᠢᠳᠠᠢ ᠬᠤᠪᠢ ᠨᠡᠮᠡᠷᠢ ᠦᠵᠡᠭᠦᠯᠪᠡ᠃  ᠲᠦᠯᠦᠭᠡᠯᠡᠭᠴᠢᠳ ᠡ︕ ᠲᠡᠮᠡᠴᠡᠯ ᠤᠨ ᠵᠠᠮ ᠬᠦᠴᠢᠷ ᠪᠡᠷᠭᠡᠰᠢᠶᠡᠯ ᠲᠠᠢ ᠪᠠᠶᠢᠵᠣ᠂ ᠦᠷ᠎ᠡ ᠪᠦᠲᠦᠭᠡᠯ ᠣᠯᠣᠭᠰᠠᠨ ᠎ ᠨᠢ ᠬᠢᠯᠪᠠᠷ ᠪᠣᠰᠣ ᠶᠣᠮ᠃ ᠡᠳᠡᠭᠡᠷ ᠠᠮᠵᠢᠯᠳᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠰᠢᠨᠵᠢᠯᠡᠬᠦ ᠣᠬᠠᠭᠠᠨᠴᠢ ᠪᠠᠷ ᠵᠢᠯᠣᠭᠤᠳᠣᠭᠤᠯᠣᠭᠰᠠᠨ ᠦᠷ᠎ᠡ ᠳ᠋ᠦᠩ᠂ ᠬᠤᠰᠢᠭᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠭᠡᠶᠢᠯᠡᠨ ᠵᠢᠯᠣᠭᠤᠳᠴᠣ᠂ ᠪᠠᠳᠣ ᠴᠢᠩᠭ᠎ᠠ ᠣᠳᠣᠷᠢᠳᠣᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠪᠦᠲᠦᠮᠵᠢᠳᠠᠢ ᠬᠢᠨᠠᠯᠳᠠ ᠲᠠᠯᠪᠢᠵᠣ᠂ ᠬᠦᠴᠦᠳᠠᠢ ᠳᠡᠮᠵᠢᠭᠰᠡᠨ ᠤ ᠦᠷ᠎ᠡ ᠳ᠋ᠦᠩ᠂ ᠨᠡᠩ ᠴᠦ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ ᠰᠡᠳᠬᠢᠯ ᠎ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ᠂ ᠰᠢᠷᠭᠠᠭᠤ ᠳᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ᠂ ᠵᠠᠰᠠᠭ ᠤᠨ ᠣᠷᠳᠣᠨ ᠢ ᠲᠦᠯᠦᠭᠡᠯᠡᠨ ᠲᠦᠯᠦᠭᠡᠯᠡᠭᠴᠢᠳ᠂ ᠭᠡᠰᠢᠭᠦᠳ᠂ ᠣᠯᠠᠨ ᠵᠢᠯ ᠤᠨ ᠲᠣᠷᠰᠢ ᠵᠠᠰᠠᠭ ᠤᠨ ᠣᠷᠳᠣᠨ ᠤ ᠠᠵᠢᠯ ᠳᠤ ᠰᠡᠳᠬᠢᠯ ᠲᠠᠯᠪᠢᠭᠰᠠᠭᠠᠷ ᠢᠷᠡᠭᠰᠡᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ᠂ ᠰᠦᠨᠢᠳ ᠪᠠᠷᠠᠭᠤᠨ ᠬᠤᠰᠢᠭᠤᠨ ᠤ ᠪᠦᠳᠦᠭᠡᠨ ᠪᠠᠶᠢᠭᠤᠯᠣᠯᠳᠠ ᠪᠠ ᠬᠦᠭᠵᠢᠯᠳᠡ ᠶᠢ ᠳᠡᠮᠵᠢᠵᠦ ᠣᠷᠣᠯᠴᠠᠭᠰᠠᠨ ᠪᠦᠬᠦ ᠨᠠᠶᠢᠵᠠ ᠨᠠᠷ ᠲᠤ ᠡᠷᠬᠢᠮ ᠳᠡᠭᠡᠲᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠲᠦᠯᠦᠭᠡᠯᠡᠭᠴᠢᠳ ᠡ︕ ᠠᠶᠣᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠣᠷ ᠲᠦᠪᠰᠢᠨ ᠠᠮᠢᠳᠣᠷᠠᠵᠣ ᠴᠢᠳᠠᠨ᠎ᠠ ᠂ ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠪᠡᠷᠭᠡᠰᠢᠶᠡᠯ ᠢ ᠢᠯᠠᠨ ᠳᠠᠪᠠᠵᠣ ᠴᠢᠳᠠᠨ᠎ᠠ᠃ ᠠᠮᠵᠢᠯᠳᠠ ᠪᠠᠨ ᠨᠣᠳᠠᠯᠠᠬᠤ ᠶᠢᠨ ᠬᠠᠮᠳᠣ᠂ ᠪᠢᠳᠡ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠪᠠᠰᠠ ᠮᠠᠰᠢ ᠣᠯᠠᠨ ᠬᠦᠴᠢᠷᠳᠡᠯ ᠪᠠ ᠠᠰᠠᠭᠤᠳᠠᠯ ᠣᠷᠣᠰᠢᠵᠣ᠂ ᠠᠵᠣ ᠠᠬᠤᠢ ᠶᠢᠨ ᠶᠡᠷᠦᠩᠭᠡᠢ ᠬᠡᠮᠵᠢᠶ᠎ᠡ ᠪᠠᠭ᠎ᠠ᠂ ᠶᠡᠷᠦᠩᠭᠡᠶᠢᠯᠡᠭᠰᠡᠨ ᠪᠣᠳᠠᠳᠣ ᠬᠦᠴᠦᠨ ᠪᠠᠭᠤᠷᠠᠢ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠳᠠᠢ᠄ ᠰᠦᠨᠢᠳ ᠬᠤᠨᠢᠨ ᠤ ᠡᠭᠦᠯᠳᠡᠷ ᠰᠢᠯᠢᠳᠡᠭ ᠴᠦ ᠦᠨ᠎ᠡ ᠬᠠᠩᠰᠢ ᠨᠢ ᠲᠣᠣᠷ᠎ᠠ᠂ ︽ᠪᠣᠬᠢᠷᠳᠣᠯ ᠦᠭᠡᠢ ᠴᠠᠬᠢᠯᠭᠠᠨ︾᠎ ᠢ ᠲᠣᠬᠠᠢ ᠶᠢᠨ ᠭᠠᠵᠠᠷ ᠲᠠᠭᠠᠨ ᠰᠢᠩᠭᠡᠭᠡᠬᠦ ᠠᠷᠭ᠎ᠠ ᠵᠠᠮ ᠬᠠᠷᠠᠬᠠᠨ ᠨᠡᠪᠳᠡᠷᠡᠭᠡᠳᠦᠢ᠂ ᠭᠠᠳᠠᠭᠠᠳᠣ ᠠᠷᠠᠯᠵᠢᠶ᠎ᠠ ᠪᠠ ᠣᠮᠠᠷᠠᠰᠢ ᠨᠡᠭᠡᠭᠡᠯᠳᠡ ᠬᠢᠬᠦ ᠰᠢᠪᠳᠣᠯᠣᠯᠳᠠ ᠶᠢᠨ ᠴᠡᠭ ᠢ ᠬᠠᠷᠠᠬᠠᠨ ᠣᠯᠣᠭᠠᠳᠣᠢ ᠪᠠᠶᠢᠭᠰᠠᠭᠠᠷ︔ ᠰᠠᠭᠤᠷᠢ ᠲᠦᠬᠦᠭᠡᠷᠦᠮᠵᠢ ᠪᠠ ᠠᠷᠠᠳ ᠤᠨ ᠠᠮᠢᠳᠣᠷᠠᠯ ᠤᠨ ᠪᠠᠳᠣᠯᠠᠭ᠎ᠠ ᠪᠠᠰᠠ ᠲᠣᠳᠠᠭᠤᠳᠠᠯ ᠲᠠᠢ ᠪᠠᠶᠢᠵᠣ᠂ ᠣᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠪᠣᠯᠣᠨ ᠣᠯᠠᠨ ᠲᠦᠮᠡᠨ ᠤ ᠬᠦᠰᠡᠯ ᠡᠷᠡᠮᠡᠯᠵᠡᠯ ᠮᠦᠨᠬᠦ ᠵᠦᠷᠢᠶ᠎ᠡ ᠲᠠᠢ ᠪᠠᠶᠢᠨ᠎ᠠ᠃ ᠵᠠᠷᠢᠮ ᠺᠠᠳ᠋ᠷᠴᠣᠳ ᠤᠨ ᠰᠡᠳᠬᠢᠬᠦᠢ ᠨᠢ ᠬᠡᠪᠰᠢᠮᠡᠯ᠂ ᠢᠳᠡᠪᠬᠢᠳᠦ ᠴᠢᠨᠠᠷ ᠬᠦᠷᠦᠯᠴᠡᠬᠦ ᠦᠭᠡᠢ᠂ ᠠᠵᠢᠯ ᠤᠨ ᠠᠷᠭ᠎ᠠ ᠬᠡᠯᠪᠡᠷᠢ ᠳᠠᠩ ᠴᠣᠯᠭᠤᠢ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ᠂ ᠬᠠᠷᠠᠯᠳᠠ ᠪᠠᠷ ᠣᠳᠣᠷᠢᠳᠣᠮᠵᠢ ᠪᠣᠯᠭᠠᠬᠤ᠂ ᠦᠷ᠎ᠡ ᠳ᠋ᠦᠩ ᠢᠶᠠᠷ ᠣᠳᠣᠷᠢᠳᠣᠮᠵᠢ ᠪᠣᠯᠭᠠᠬᠤ ᠲᠠᠯ᠎ᠠ ᠪᠠᠷ ᠪᠠᠳᠣ ᠪᠠᠬᠢ ᠪᠢᠰᠢ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠣᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ᠃ ᠡᠭᠦᠨ ᠳᠤ ᠪᠢᠳᠡ ᠢᠮᠠᠭᠳᠠ ︽ᠰᠢᠯᠭᠠᠯᠳᠠ ᠳᠤ ᠣᠷᠣᠯᠴᠠᠬᠤ︾ ᠰᠡᠷᠭᠡᠭ ᠪᠠᠶᠢᠳᠠᠯ ᠢᠶᠠᠨ ᠪᠠᠷᠢᠮᠳᠠᠯᠠᠵᠣ᠂ ᠬᠦᠴᠦ ᠭᠠᠷᠭᠠᠨ᠂ ᠰᠠᠶᠢᠳᠣᠷ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠦ ᠬᠦᠰᠡᠷᠳᠡᠭᠦᠯᠵᠦ ᠪᠣᠯᠬᠤ ᠦᠭᠡᠢ᠃      ᠬᠤᠶᠠᠷ᠂ 2024 ᠣᠨ ᠤ ᠭᠤᠣᠯ ᠬᠠᠷᠠᠯᠳᠠ ᠪᠡ ᠡᠭᠦᠷᠭᠡ      ᠦᠨᠦ ᠵᠢᠯ ᠪᠣᠯ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ 75 ᠵᠢᠯ ᠤᠨ ᠣᠢ ᠂ ︽ᠠᠷᠪᠠᠨ ᠳᠦᠷᠪᠡᠳᠦᠭᠡᠷ ᠲᠠᠪᠣᠨ ᠵᠢᠯ︾᠎ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ᠂ ᠮᠦᠨᠴᠦ ᠮᠠᠨ ᠤ ᠬᠤᠰᠢᠭᠤᠨ ᠤ ᠪᠠᠶᠢᠯᠳᠣᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠣ᠂ ᠢᠯᠠᠨ ᠳᠠᠪᠠᠭ᠋ᠣ ᠶᠢ ᠪᠡᠶᠡᠯᠡᠭᠦᠯᠬᠦ ᠴᠢᠬᠤᠯᠠ ᠨᠢᠭᠡ ᠵᠢᠯ ᠪᠣᠯᠣᠨ᠎ᠠ᠂ ᠦᠨᠦ ᠵᠢᠯ ᠤᠨ ᠠᠵᠢᠯ ᠢ ᠰᠠᠶᠢᠳᠣᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠦᠭᠡᠳ ᠠᠯᠣᠰ ᠭᠡᠳᠦ ᠶᠢᠨ ᠨᠦᠯᠦᠭᠡ ᠲᠠᠢ ᠶᠣᠮ᠃ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠣᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠣᠯᠳᠠ ᠶᠣᠰᠣᠭᠠᠷ᠂ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠭᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠬᠤᠷᠢᠳᠣᠭᠠᠷ ᠶᠡᠭᠡ ᠬᠤᠷᠠᠯ ᠪᠠ ᠬᠤᠷᠢᠳᠣᠭᠠᠷ ᠬᠤᠭᠤᠴᠠᠭᠠᠨ ᠤ ᠬᠤᠶᠠᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠣᠬᠠᠢ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ᠲᠦᠪ ᠤᠨ ᠠᠵᠣ ᠠᠬᠤᠢ ᠶᠢᠨ ᠠᠵᠢᠯ ᠤᠨ  ᠬᠤᠷᠠᠯ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠣᠭᠠᠷ ᠣᠳᠠᠭᠠᠨ ᠤ ᠪᠦᠬᠦᠳᠡ ᠬᠤᠷᠠᠯ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠬᠤᠷᠠᠯ ᠪᠣᠯᠣᠨ ᠠᠶᠢᠮᠠᠭ ᠎ ᠤᠨ ᠨᠠᠮ ᠤᠨ ᠬᠤᠷᠢᠶᠠᠨ ᠤ 2023 ᠣᠨ ᠤ ᠳᠦᠷᠪᠡᠳᠦᠭᠡᠷ ᠣᠳᠠᠭᠠᠨ ᠤ ︵ᠦᠷᠭᠡᠳᠭᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂ ᠲᠣᠭᠳᠠᠭᠤᠨ ᠤ ᠳᠣᠮᠳᠠ ᠣᠷᠣᠭᠰᠢᠯᠠᠬᠤ᠂ ᠣᠷᠣᠭᠰᠢᠯᠠᠯᠳᠠ ᠪᠠᠷ ᠲᠣᠭᠳᠠᠭᠤᠨ ᠢ ᠠᠬᠢᠭᠤᠯᠬᠤ ᠶᠢ ᠪᠠᠷᠢᠮᠳᠠᠯᠠᠵᠣ᠂ ᠣᠷᠢᠳᠠᠪᠡᠷ ᠬᠡᠷᠡᠭᠵᠢᠭᠦᠯᠦᠨ ᠳᠠᠷᠠᠭ᠎ᠠ ᠨᠢ ᠠᠬᠢᠭᠤᠯᠵᠣ᠂ ᠳᠣᠮᠳᠠᠳᠣ ᠶᠢᠨ ᠦᠨᠳᠦᠰᠦᠳᠡᠨ ᠤ ᠬᠠᠮᠳᠣ ᠎ ᠶᠢᠨ ᠴᠣᠭᠴᠠ ᠶᠢᠨ ᠣᠬᠠᠮᠰᠠᠷ ᠢ ᠪᠠᠳᠣ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠵᠣ ᠂ ᠬᠤᠶᠠᠷ ᠶᠡᠭᠡ ᠶᠠᠪᠣᠳᠠᠯ ᠢ ᠰᠠᠶᠢᠳᠣᠷ ᠬᠢᠬᠦ ᠳᠤ ᠲᠦᠪᠯᠡᠷᠡᠭᠦᠯᠵᠦ᠂ ︽ᠰᠢᠨ᠎ᠡ ᠵᠠᠮ ᠨᠡᠭᠡᠭᠡᠨ᠂ ᠳᠣᠮᠳᠠ ᠳᠦᠪᠰᠢᠨ ᠎ ᠳᠤ ᠬᠦᠷᠬᠦ︾ ᠲᠡᠮᠡᠴᠡᠬᠦ ᠬᠠᠷᠠᠯᠳᠠ ᠪᠠᠷ ᠭᠤᠣᠯᠳᠠᠯᠭ᠎ᠠ ᠪᠣᠯᠭᠠᠵᠣ᠂ ᠨᠡᠮᠡᠭᠳᠡᠯ ᠢ ᠲᠣᠭᠳᠠᠪᠣᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠬᠦ᠂ ᠠᠶᠣᠯ ᠲᠦᠭᠰᠢᠭᠦᠷᠢ ᠶᠢ ᠰᠡᠷᠭᠡᠶᠢᠯᠡᠬᠦ᠂ ᠲᠣᠭᠳᠠᠭᠤᠨ ᠢ ᠪᠠᠳᠣᠯᠠᠬᠤ ᠵᠡᠷᠭᠡ ᠡᠯ᠎ᠡ ᠲᠦᠷᠦᠯ ᠤᠨ ᠠᠵᠢᠯ ᠎ ᠢ ᠨᠢᠭᠡᠳᠦᠯᠳᠠᠢ ᠲᠦᠯᠦᠪᠯᠡᠨ ᠠᠬᠢᠭᠤᠯᠵᠣ᠂ ᠳᠣᠮᠳᠠᠳᠣ ᠣᠯᠣᠰ ᠤᠨ ᠮᠠᠶ᠋ᠢᠭ ᠤᠨ ᠣᠳᠣᠬᠢᠴᠢᠯᠠᠭᠰᠠᠨ ᠰᠦᠨᠢᠳ ᠪᠠᠷᠠᠭᠤᠨ ᠬᠤᠰᠢᠭᠤᠨ ᠤ ᠰᠢᠨ᠎ᠡ ᠬᠠᠭᠤᠳᠠᠰᠣ ᠶᠢ ᠴᠢᠷᠮᠠᠶᠢᠨ ᠪᠢᠴᠢᠭᠯᠡᠰᠦᠭᠡᠢ᠃       ᠦᠨᠦ ᠵᠢᠯ ᠤᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠵᠢᠱᠢᠭᠰᠡᠨ ᠬᠠᠷᠠᠯᠳᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 6.5% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 7%᠎ ᠠᠴᠠ ᠳᠡᠭᠡᠭᠰᠢ ᠨᠡᠮᠡᠭᠳᠡᠭᠦᠯᠵᠦ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 15%᠎ ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ 2.1 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠣ ᠠᠬᠤᠢ ᠶᠢᠨ ᠨᠡᠮᠡᠭᠳᠡᠯ ᠲᠠᠢ ᠦᠨᠳᠦᠰᠦᠨ ᠎ ᠳᠡᠭᠡᠨ ᠵᠡᠷᠭᠡᠴᠡᠭᠦᠯᠬᠦ ᠪᠠᠷ ᠴᠢᠷᠮᠠᠶᠢᠨ᠎ᠠ᠃ ᠳᠡᠭᠡᠷᠡᠬᠢ ᠬᠠᠷᠠᠯᠳᠠ ᠨᠢ ᠨᠠᠮ ᠤᠨ ᠲᠦᠪ ᠬᠤᠷᠢᠶᠠᠨ ᠤ ︽ᠲᠣᠭᠳᠠᠭᠤᠨ ᠤ ᠳᠣᠮᠳᠠ ᠣᠷᠣᠭᠰᠢᠯᠠᠨ ᠳᠠᠪᠰᠢᠬᠤ᠂ ᠣᠷᠣᠭᠰᠢᠯᠠᠯᠳᠠ ᠪᠠᠷ ᠲᠣᠭᠳᠠᠭᠤᠨ ᠢ ᠠᠬᠢᠭᠤᠯᠬᠤ᠂ ᠣᠷᠢᠳᠠᠪᠡᠷ ᠬᠡᠷᠡᠭᠵᠢᠭᠦᠯᠵᠦ ᠳᠠᠷᠠᠭ᠎ᠠ ᠨᠢ ᠠᠬᠢᠭᠤᠯᠬᠤ︾ ᠪᠠ ︽ᠵᠢᠱᠢᠯᠳᠠ ᠶᠢ ᠲᠣᠭᠳᠠᠪᠣᠷᠢᠵᠢᠭᠤᠯᠬᠤ᠂ ᠨᠡᠮᠡᠭᠳᠡᠯ ᠢ ᠲᠣᠭᠳᠠᠪᠣᠷᠢᠵᠢᠭᠤᠯᠬᠤ᠂ ᠠᠵᠢᠯ ᠣᠯᠭᠤᠯᠳᠠ ᠶᠢ ᠲᠣᠭᠳᠠᠪᠣᠷᠢᠵᠢᠭᠤᠯᠬᠤ︾ ᠴᠢᠬᠤᠯᠠ ᠱᠠᠭᠠᠷᠳᠠᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠠᠵᠣ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠶᠣᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠨᠡᠶᠢᠭᠡᠮ ᠤᠨ ᠵᠢᠱᠢᠯᠳᠡ ᠶᠢ ᠰᠠᠶᠢᠵᠢᠷᠠᠭᠤᠯᠬᠤ ᠢᠯᠡ ᠲᠣᠳᠣ ᠣᠳᠣᠷᠢᠳᠣᠮᠵᠢ ᠶᠢ ᠢᠯᠡᠷᠡᠭᠦᠯᠵᠦ᠂ ᠶᠡᠷᠦᠩᠭᠡᠢ ᠳᠡᠭᠡᠨ  ᠢᠳᠡᠪᠬᠢᠳᠠᠢ ᠪᠠᠶᠢᠵᠣ᠂ ᠪᠣᠳᠠᠳᠠᠢ ᠠᠵᠢᠯ ᠤᠨ ᠳᠣᠮᠳᠠ ᠪᠢᠳᠡ ᠬᠠᠮᠤᠭ ᠶᠡᠭᠡ ᠴᠢᠷᠮᠠᠶᠢᠯᠭ᠎ᠠ ᠭᠠᠷᠭᠠᠵᠣ᠂ ᠬᠠᠮᠤᠭ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ ᠪᠣᠯᠣᠨ᠎ᠠ᠃ᠦᠨᠦ ᠵᠢᠯ ᠤᠨ ᠠᠵᠢᠯ ᠢ ᠰᠠᠶᠢᠳᠤᠷ ᠬᠢᠬᠦ ᠳᠤ᠂ ᠪᠢᠳᠡ ᠳᠣᠣᠷᠠᠬᠢ ᠭᠤᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠬᠡ ᠳᠤ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠤᠯ ᠦᠨᠳᠤᠰᠤᠳᠠᠨ ᠤ ᠭᠠᠵᠡᠷ ᠤᠷᠤᠨ ᠤ ᠡᠯ᠎ᠡ ᠵᠦᠢᠯ ᠤᠨ ᠠᠵᠢᠯ ᠤᠨ ᠭᠤᠤᠯ ᠰᠢᠵᠢᠮ ᠮᠦᠨ ᠭᠡᠳᠡᠭ ᠢ ᠪᠠᠳᠤ ᠡᠵᠡᠮᠳᠡᠵᠦ᠂ ᠲᠡᠭᠡᠳᠤ  ᠱᠠᠳᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠪᠡ ᠬᠤᠰᠢᠭᠤ ᠨᠡᠮ ᠎ ᠤᠨ ᠬᠤᠷᠢᠶᠠᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠡᠨᠡᠬᠦ ᠭᠤᠤᠯ ᠰᠢᠵᠢᠮ ᠢ ᠡᠯ᠎ᠡ ᠵᠦᠢᠯ ᠤᠨ ᠠᠵᠢᠯ ᠤᠨ ᠲᠤᠮᠳᠠ ᠪᠠᠨ ᠪᠤᠳᠠᠳᠠᠢ ᠲᠤᠤᠱᠯᠠᠭᠤᠯᠵᠦ᠂ ᠵᠢᠱᠢᠶᠠᠴᠢ ᠦᠪᠡᠷᠳᠡᠭᠡᠨ ᠵᠠᠰᠠᠬᠤ ᠤᠷᠤᠨ ᠤ ᠡᠷᠬᠢᠮ ᠲᠡᠭᠡᠳᠤ ᠢᠷᠡᠭᠤ ᠠᠯᠳᠠᠷ ᠢ ᠰᠠᠶᠢᠳᠤᠷ ᠬᠠᠮᠠᠭᠠᠯᠠᠨ᠎ᠠ᠃ ᠬᠤᠶᠠᠷ ᠲᠤ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶᠠᠨ ᠤ ᠲᠤᠷᠠᠳᠤᠭᠰᠠᠨ ︽ᠵᠢᠷᠭᠤᠭᠠᠨ ᠢᠨᠵᠧᠨᠧᠷᠢᠩ︾14᠎ ᠢ ᠬᠦᠨᠵᠡᠬᠡᠢ ᠭᠡᠷᠡᠭᠵᠢᠬᠦᠯᠵᠦ ᠂ ᠬᠠᠷᠠᠯᠳᠠ ᠡᠬᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠦ᠂ ᠨᠠᠩ ᠤᠯᠠᠨ ᠪᠤᠳᠠᠳᠠᠢ ᠠᠷᠭ᠎ᠠ ᠭᠡᠮᠵᠢᠶ᠎ᠠ ᠶᠢ ᠠᠪᠴᠦ᠂ ᠡᠯ᠎ᠡ ᠵᠦᠢᠯ ᠤᠨ ᠢᠨᠵᠧᠨᠧᠷᠢᠩ ᠢ ᠪᠤᠳᠠᠳᠠᠢ ᠭᠡᠷᠡᠭᠵᠢᠬᠦᠯᠦᠨ ᠦᠷ᠎ᠡ ᠪᠦᠳᠤᠮᠵᠢ ᠭᠠᠷᠭᠠᠬᠤ ᠶᠢ ᠠᠬᠢᠭᠤᠯᠤᠨ᠎ᠠ᠃ ᠭᠤᠷᠪᠡ ᠳᠤ ᠨᠡᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠦ᠂ ᠬᠤᠰᠢᠭᠤ ᠨᠡᠮ ᠤᠨ ᠬᠤᠷᠢᠶᠠᠨ ᠤ ᠲᠤᠭᠳᠠᠭᠠᠭᠰᠠᠨ ︽ᠰᠠᠭᠤᠷᠢ ᠪᠠᠨ ᠲᠤᠭᠳᠠᠪᠤᠷᠢᠵᠢᠭᠤᠯᠵᠦ᠂ ᠰᠢᠨ᠎ᠡ ᠵᠡᠮ ᠢ ᠨᠡᠭᠡᠭᠡᠵᠦ᠂ ᠲᠤᠮᠳᠠ ᠲᠦᠪᠰᠢᠨ ᠳᠤ ᠤᠷᠤᠬᠤ︾ ᠲᠡᠮᠡᠴᠡᠬᠦ ᠬᠠᠷᠠᠯᠳᠠ᠂ ︽ᠬᠤᠶᠠᠷ ᠰᠢᠨ᠎ᠡ ᠶᠢ ᠠᠬᠢᠭᠤᠯᠬᠤ᠂ ᠲᠡᠮᠦᠷᠯᠢᠭ ᠪᠤᠯᠪᠠᠰᠤᠷᠠᠭᠤᠯᠬᠤ ᠶᠢ ᠴᠢᠩᠭᠠᠳᠬᠠᠬᠤ᠂ ᠠᠭᠤᠷᠬᠠᠢ ᠶᠢᠨ ᠭᠠᠷᠤᠯᠳᠠ ᠶᠢ ᠨᠡᠮᠡᠭᠳᠡᠬᠦᠯᠬᠦ᠂ ᠮᠠᠯ ᠠᠵᠦ ᠠᠬᠤᠢ ᠶᠢᠨ ᠪᠦᠳᠤᠴᠠ ᠶᠢ ᠰᠢᠯᠢᠳᠡᠭᠵᠢᠬᠦᠯᠬᠦ᠂ ᠲᠤᠨᠤᠭᠯᠠᠯ ᠤᠨ ᠦᠢᠯᠡᠰ ᠢ ᠬᠦᠭᠵᠢᠬᠦᠯᠬᠦ︾ ᠬᠦᠭᠵᠢᠯᠳᠡ ᠶᠢᠨ ᠵᠡᠮ ᠪᠡ 2 — 3 ᠵᠢᠯ ᠳᠤ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ᠂ ᠠᠵᠦ ᠦᠢᠯᠡᠳᠪᠤᠷᠢ ᠶᠢᠨ ᠨᠡᠮᠡᠭᠳᠡᠯ ᠦᠷᠳᠡᠭ᠂ ᠴᠡᠪᠡᠷ ᠡᠨᠧᠷᠬᠢ ᠵᠡᠷᠭᠡ ︽ᠭᠤᠷᠪᠡ ᠶᠢ ᠲᠡᠬᠢᠨ ᠢᠶᠠᠷ ᠨᠡᠮᠡᠭᠳᠡᠬᠦᠯᠬᠦ︾ ᠲᠦᠯᠦᠪᠯᠡᠭᠡ ᠶᠢᠨ ᠲᠤᠭᠤᠷᠢᠨ ᠳᠤ᠂ ᠨᠠᠶᠢᠳᠠᠪᠤᠷᠢᠵᠢᠭᠤᠯᠬᠤ ᠴᠢᠳᠠᠪᠤᠷᠢ᠂ ᠭᠡᠷᠡᠭᠵᠢᠬᠦᠯᠬᠦ ᠴᠢᠳᠠᠪᠤᠷᠢ᠂ ᠲᠠᠯᠳᠠ ᠬᠦᠴᠦᠨ ᠤ ᠴᠢᠳᠠᠪᠤᠷᠢ ᠪᠠᠨ ᠲᠡᠭᠡᠭᠰᠢᠯᠡᠬᠦᠯᠵᠦ᠂ ᠡᠯ᠎ᠡ ᠵᠦᠢᠯ ᠤᠨ ᠠᠵᠢᠯ ᠤᠨ ᠡᠬᠦᠷᠭᠡ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃      ︵ᠨᠢᠬᠡ︶ ᠪᠡᠯᠡ ᠤᠷᠤᠭᠤᠯᠤᠯᠳᠠ ᠶᠢ ᠦᠷᠭᠡᠳᠭᠡᠬᠦ᠂ ᠬᠦᠴᠦᠨ ᠴᠢᠳᠠᠯ ᠬᠤᠷᠠᠮᠳᠤᠭᠤᠯᠬᠤ ᠶᠢ ᠪᠡᠷᠢᠮᠳᠠᠯᠠᠵᠦ᠂ ᠠᠵᠦ ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠭᠡᠬᠦ ᠬᠦᠴᠦᠨ ᠢ ᠪᠤᠶᠢᠵᠢᠭᠤᠯᠤᠨ᠎ᠠ᠃ ᠨᠢᠬᠡ ᠳᠤ ᠠᠷᠭ᠎ᠠ ᠪᠦᠬᠦᠨ ᠢ ᠰᠦᠪᠡᠭᠴᠢᠯᠠᠨ ᠠᠵᠦ ᠠᠬᠤᠢ ᠶᠢᠨ ᠡᠷᠬᠢᠯᠳᠡ ᠶᠢ ᠲᠤᠭᠳᠠᠪᠤᠷᠢᠵᠢᠭᠤᠯᠤᠨ᠎ᠠ᠃ ᠦᠢᠯᠡᠴᠢᠯᠠᠭᠡᠨ ᠤ ᠤᠬᠠᠮᠰᠠᠷ ᠢᠶᠠᠨ ᠴᠢᠩᠭᠠᠳᠬᠠᠵᠦ᠂ ᠤᠷᠤᠨ ᠨᠤᠳᠤᠭ ᠤᠨ ᠠᠵᠦ ᠠᠬᠤᠶᠢᠯᠠᠯ ᠤᠨ ᠬᠦᠭᠵᠢᠯᠳᠡ ᠶᠢ ᠬᠠᠤᠯᠢ ᠶᠤᠰᠤᠭᠠᠷ ᠬᠠᠮᠠᠭᠠᠯᠠᠨ᠂ ᠨᠠᠩ ᠰᠠᠶᠢᠨ ᠲᠠᠮᠵᠢᠵᠦ᠂ ᠠᠵᠦ ᠠᠬᠤᠶᠢᠯᠠᠯ ᠢ ᠬᠠᠪᠰᠤᠷᠤᠨ ᠬᠦᠳᠤᠯᠤᠨ ᠵᠢᠯᠤᠭᠤᠳᠴᠦ ᠪᠠᠶᠢᠭᠠᠳ ᠦᠢᠯᠡᠳᠪᠤᠷᠢᠯᠡᠯ ᠎ ᠢ ᠵᠤᠬᠢᠶᠠᠨ ᠪᠠᠶᠢᠭᠤᠯᠤᠨ ᠲᠤᠬᠢᠷᠠᠭᠤᠯᠬᠤ ᠠᠵᠢᠯ ᠢ ᠰᠠᠶᠢᠳᠤᠷ ᠬᠢᠵᠦ᠂ ᠦᠢᠯᠡᠳᠪᠤᠷᠢᠯᠡᠯ ᠤᠨ ᠲᠤᠮᠳᠠ ᠲᠤᠯᠭᠠᠷᠠᠭᠰᠠᠨ ᠠᠵᠢᠯᠴᠢᠨ ᠭᠡᠷᠡᠭᠯᠡᠬᠦ᠂ ᠪᠡᠯᠡ ᠮᠦᠩᠬᠦ ᠵᠡᠷᠭᠡ ᠲᠠᠯ᠎ᠠ ᠶᠢᠨ ᠬᠦᠴᠢᠷᠳᠡᠯ ᠢ ᠴᠠᠭ ᠲᠤᠬᠠᠢ ᠳᠤᠨᠢ ᠰᠢᠢᠳᠪᠤᠷᠢᠯᠡᠵᠦ᠂ ᠠᠮᠤᠷ ᠲᠦᠪᠰᠢᠨ ᠢ ᠪᠠᠳᠤᠯᠠᠭᠰᠠᠨ ᠤᠷᠢᠳᠠᠯ ᠲᠤᠤᠷ᠎ᠡ᠂ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠦ᠂ ᠪᠠᠶᠢᠭᠤᠯᠵᠦ ᠪᠠᠶᠢᠭ᠎ᠠ ᠰᠢᠨ᠎ᠡ ᠡᠨᠧᠷᠬᠢ ᠶᠢᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠦ᠂ ᠲᠤᠤᠷ ᠲᠤ ᠨᠡᠶᠢᠯᠡᠬᠦᠯᠬᠦ ᠨᠦᠬᠦᠴᠠᠯ ᠪᠦᠷᠢᠯᠳᠤᠪᠡᠯ ᠴᠠᠭ ᠲᠤᠬᠠᠢ ᠳᠤᠨᠢ ᠲᠤᠤᠷ ᠲᠤ ᠨᠡᠶᠢᠯᠡᠬᠦᠯᠬᠦ ᠎ ᠶᠢ ᠦᠨᠡᠨᠬᠦ ᠪᠠᠳᠤᠯᠠᠵᠦ᠂ ᠨᠢᠬᠡᠨᠳᠡ ᠠᠰᠢᠭᠯᠠᠯᠳᠠ ᠳᠤ ᠤᠷᠤᠭᠰᠠᠨ 12 ᠰᠢᠨ᠎ᠡ ᠡᠨᠧᠷᠬᠢ ᠶᠢᠨ ᠠᠵᠦ ᠠᠬᠤᠶᠢᠯᠠᠯ ᠤᠨ ᠬᠦᠢᠴᠡᠳ ᠴᠠᠬᠢᠯᠭᠠᠨ ᠭᠠᠷᠭᠠᠯᠳᠠ ᠶᠢ ᠪᠠᠶᠠᠯᠡᠬᠦᠯᠵᠦ᠂ ᠠᠯᠳᠠᠨ ᠤ ᠠᠭᠤᠷᠬᠠᠢ᠂ ᠵᠡᠰ ᠤᠨ ᠠᠭᠤᠷᠬᠠᠢ᠂ ᠬᠤᠵᠢᠷ ᠤᠨ ᠠᠭᠤᠷᠬᠠᠢ ᠪᠡ ᠰᠢᠨ ᠮᠧᠩ ᠰᠢᠨ ᠮᠡᠲ᠋ᠧᠷᠢᠶᠠᠯ᠂ ᠬᠤᠸᠡ ᠰᠢᠩ ᠠᠵᠦ ᠠᠬᠤᠶᠢᠯᠠᠯ ᠤᠨ ᠦᠢᠯᠡᠳᠪᠤᠷᠢᠯᠡᠯ ᠤᠨ ᠴᠢᠳᠠᠪᠬᠢ ᠶᠢ ᠪᠠᠳᠤᠯᠠᠵᠦ᠂ ᠵᠢᠯ ᠤᠨ ᠡᠬᠢᠨ ᠳᠤ ︽ᠰᠠᠶᠢᠨ ᠡᠬᠢᠯᠡᠯᠳᠡ︾᠎ ᠲᠠᠢ᠂ ᠵᠢᠯ ᠤᠨ ᠲᠤᠮᠳᠠ ︽ᠬᠤᠶᠠᠷ ᠡᠬᠦᠷᠭᠡ ᠪᠠᠨ ᠬᠠᠭᠠᠰ ᠠᠴᠠ ᠲᠡᠭᠡᠭᠰᠢ ᠪᠡᠶᠡᠯᠡᠬᠦᠯᠬᠦ︾᠎ ᠶᠢ ᠪᠠᠳᠤᠯᠠᠵᠦ᠂ ᠪᠦᠬᠦ ᠵᠢᠯ ᠳᠤ ︽ᠲᠡᠬᠦᠰ ᠠᠮᠵᠢᠯᠳᠠ︾ ᠤᠯᠬᠤ ᠪᠠᠷ ᠴᠢᠷᠮᠡᠶᠢᠨ᠎ᠡ᠃ ︽ᠰᠠᠨ ᠢ ᠺᠤᠮᠫᠠᠨᠢ ᠶᠢᠨ ᠪᠤᠬᠢᠷᠳᠤᠯ ᠦᠬᠡᠢ ᠤᠶᠤᠨᠴᠢ ᠪᠠᠷ ᠦᠢᠯᠡᠳᠬᠦ ᠠᠵᠦ ᠦᠢᠯᠡᠰ ᠎ ᠤᠨ ᠲᠤᠭᠤᠷᠢᠭ︾᠂ ᠵᠦᠩ ᠴᠠ ᠴᠠᠬᠢᠯᠭᠠᠨ ᠬᠦᠳᠡᠯᠬᠡᠬᠦᠷᠢᠳᠤ ᠤᠶᠤᠨᠴᠢ ᠢᠨᠵᠧᠨᠧᠷᠢᠩ ᠤᠨ ᠲᠤᠨᠤᠭᠯᠠᠯ ᠤᠨ ᠬᠤᠶᠠᠳᠤᠭᠠᠷ  ᠬᠤᠭᠤᠴᠠᠭ᠎ᠠ ᠵᠡᠷᠭᠡ ᠦᠷᠬᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠎ ᠶᠢ ᠲᠤᠭᠳᠠᠭᠠᠬᠤ᠂ ᠲᠤᠭᠳᠠᠭᠰᠠᠨ ᠴᠠᠭ ᠲᠠᠭᠠᠨ ᠠᠵᠢᠯ ᠢᠶᠠᠨ ᠰᠡᠷᠬᠦᠭᠡᠬᠦ ᠶᠢ ᠨᠢ ᠱᠠᠯᠠᠪᠳᠠᠭᠤᠯᠵᠦ᠂ ᠲᠤᠬᠠᠢ ᠶᠢᠨ ᠵᠢᠯ ᠳᠤ ᠪᠦᠷᠢᠳᠭᠡᠯ ᠳᠤ ᠤᠷᠤᠭᠤᠯᠬᠤ ᠶᠢ ᠪᠠᠳᠤᠯᠠᠨ᠎ᠠ᠃ ᠪᠤᠤ ᠳ᠋ᠧ ᠯᠢ᠂ ᠬᠠᠢ ᠵᠢᠶᠦ᠋ᠨ᠂ ᠹᠦ᠋ ᠪᠠᠩ ᠵᠡᠷᠭᠡ 3 ᠬᠠᠶᠢᠯᠤᠭᠤᠷ ᠵᠤᠩᠰᠢ ᠶᠢᠨ ᠠᠭᠤᠷᠬᠠᠢ ᠶᠢᠨ ᠭᠠᠷ ᠬᠦᠢᠴᠡᠳᠭᠡᠯ ᠢ ᠬᠦᠢᠴᠡᠳᠭᠡᠬᠦ ᠪᠡ ᠢᠵᠢ ᠪᠦᠷᠢᠨ ᠲᠦᠬᠦᠭᠡᠷᠤᠮᠵᠢ ᠎ ᠶᠢᠨ ᠪᠦᠳᠤᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠡᠮᠵᠢᠵᠦ᠂ ᠡᠷᠳᠡᠭᠡᠨ ᠠᠰᠢᠭᠯᠠᠯᠳᠠ ᠳᠤ ᠤᠷᠤᠭᠤᠯᠤᠨ ᠦᠷ᠎ᠡ ᠠᠰᠢᠭ ᠭᠠᠷᠭᠠᠬᠤ ᠶᠢ ᠪᠠᠳᠤᠯᠠᠨ᠎ᠠ᠃ ᠬᠤᠶᠠᠷ ᠲᠤ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠴᠢᠩᠭ᠎ᠠ ᠠᠳᠬᠤᠨ᠎ᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ᠂ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ︽ᠲᠡᠷᠢᠬᠦᠨ ᠢᠨᠵᠧᠨᠧᠷᠢᠩ︾ ᠪᠤᠯᠭᠠᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠪᠦᠬᠦᠨ ᠢ ᠬᠦᠢᠴᠡᠳᠭᠡᠵᠦ ᠲᠠᠭᠤᠰᠬᠠᠬᠤ ᠠᠵᠢᠯᠯᠠᠭ᠎ᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ︽ᠲᠦᠷᠪᠡᠨ ᠨᠢᠭᠡ︾ ︵ᠨᠢᠬᠡ ᠲᠦᠷᠦᠯ ᠵᠦᠢᠯ᠂ ᠨᠢᠭᠡ ᠭᠠᠵᠡᠷ ᠤᠨ ᠲᠠᠰ ᠤᠨ ᠤᠳᠤᠷᠢᠳᠤᠯᠭ᠎ᠠ᠂ ᠨᠢᠭᠡ ᠲᠤᠰᠬᠠᠢ ᠠᠩᠬᠢ᠂ ᠨᠢᠭᠡ ᠲᠦᠢᠯᠪᠤᠷᠢᠳᠡᠢ ᠠᠳᠬᠤᠬᠤ︶᠎ ᠶᠢᠨ ᠲᠦᠷᠦᠯ ᠵᠦᠢᠯ ᠢ ᠠᠬᠢᠭᠤᠯᠬᠤ ᠲᠤᠭᠳᠠᠴᠠ ᠶᠢ ᠴᠢᠩᠭ᠎ᠠ ᠨᠡᠶᠢᠳᠡᠪᠤᠷᠢᠵᠢᠭᠤᠯᠵᠦ᠂ ︽ᠨᠢᠬᠡ ᠢᠵᠢ ᠲᠠᠩᠰᠠ ᠡᠪᠭᠡᠮᠡᠯ᠂ ᠨᠢᠭᠡ ᠬᠠᠭᠤᠳᠠᠰᠤ ᠨᠡᠷᠢᠨ ᠲᠠᠩᠰᠠ᠂ ᠨᠢᠭᠡ ᠬᠤᠪᠢ ᠲᠤᠪᠴᠢ ᠲᠠᠨᠢᠯᠴᠠᠭᠤᠯᠭ᠎ᠠ᠂ ᠨᠢᠭᠡ ᠰᠢᠯᠳᠠᠭᠠᠨ ᠦᠷ᠎ᠡ ᠶᠢᠨ ᠵᠠᠳᠠᠯᠤᠯᠳᠠ ᠶᠢᠨ ᠵᠢᠷᠤᠭ︾᠎ ᠢᠶᠠᠷ ᠪᠠᠷᠢᠯᠭ᠎ᠠ ᠶᠢᠨ ᠬᠤᠭᠤᠴᠠᠭ᠎ᠠ ᠶᠢ ᠲᠤᠭᠳᠠᠭᠠᠵᠦ᠂ ᠡᠯᠬᠦᠮᠡᠯ ᠵᠢᠷᠤᠭ ᠢᠶᠠᠷ ᠠᠵᠢᠯᠯᠠᠵᠦ᠂ ᠤᠨ ᠤ ᠭᠤᠤᠯᠳᠠᠯᠭ᠎ᠠ ᠲᠠᠢ 46 ᠲᠦᠷᠦᠯ ᠵᠦᠢᠯ ᠢ 3 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠤᠨ᠎ᠡ ᠪᠦᠬᠦᠨ ᠢ ᠠᠵᠢᠯ ᠢᠶᠠᠨ ᠰᠡᠷᠬᠦᠬᠡᠵᠦ ᠡᠬᠢᠯᠡᠬᠦᠯᠬᠦ ᠨᠦᠬᠦᠴᠠᠯ ᠪᠦᠷᠢᠯᠳᠤᠬᠦᠯᠬᠦ ᠶᠢ ᠪᠠᠳᠤᠯᠠᠨ᠎ᠠ᠃ ᠪᠦᠬᠦ ᠠᠶᠢᠮᠠᠭ ᠤᠨ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠦ ᠦᠢᠯᠡᠰ ᠤᠨ ᠭᠡᠯᠬᠢᠶᠠᠨ ᠤ ︽ᠬᠤᠶᠠᠷ ᠵᠢᠷᠤᠭ ᠬᠤᠶᠠᠷ ᠬᠦᠰᠦᠨᠦᠭᠳᠤ ᠬᠤᠶᠠᠷ ᠬᠦᠮᠦᠷᠭᠡ︾15 ᠪᠡ ᠪᠦᠬᠦ ᠬᠤᠰᠢᠭᠤᠨ ᠤ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠤᠨ ᠲᠦᠰᠦᠯ ᠢ ᠦᠨᠳᠤᠰᠤᠯᠠᠵᠦ᠂ ᠪᠤᠬᠢᠷᠳᠤᠯ ᠦᠬᠡᠢ ᠴᠠᠬᠢᠯᠭᠠᠨ ᠤ ᠲᠠᠪᠠᠭᠤᠯᠢᠭ᠂ ᠡᠬᠢ ᠪᠠᠶᠠᠯᠢᠭ ᠤᠨ ᠲᠠᠪᠠᠭᠤᠯᠢᠭ ᠪᠡ ᠤᠳᠤ ᠪᠠᠶᠢᠭ᠎ᠠ ᠠᠵᠦ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠪᠦᠬᠦ ᠬᠡᠯᠬᠢᠶᠠᠵᠢᠯ ᠤᠨ ᠬᠠᠷᠠᠭᠠᠰᠤ ᠠᠴᠠ ᠭᠤᠤᠯᠳᠠᠯᠭ᠎ᠠ ᠲᠠᠢ ᠬᠦᠷᠢᠶ᠎ᠠ ᠴᠡᠷ᠎ᠡ ᠶᠢᠨ ᠭᠡᠯᠬᠢᠶ᠎ᠠ ᠶᠢ ᠤᠷᠳᠤᠳᠬᠠᠨ ᠨᠦᠬᠦᠪᠤᠷᠢᠯᠠᠨ ᠬᠡᠯᠬᠢᠶ᠎ᠠ ᠶᠢ ᠴᠢᠩᠭᠠᠳᠬᠠᠬᠤ ᠲᠦᠷᠦᠯ ᠵᠦᠢᠯ ᠢ ᠲᠦᠰᠦᠪᠯᠡᠨ ᠤᠷᠤᠭᠤᠯᠵᠦ᠂ ︽ᠳ᠋ᠠᠩ ᠭᠠᠭᠴᠠ ᠲᠦᠷᠦᠯ ᠵᠦᠢᠯ᠂ ᠳ᠋ᠠᠩ ᠭᠠᠭᠴᠠ ᠠᠵᠦ ᠠᠬᠤᠶᠢᠯᠠᠯ ᠢ ᠲᠡᠳᠡᠨ ᠤᠷᠤᠭᠤᠯᠵᠦ︾ ᠪᠠᠶᠢᠭᠰᠠᠨ ᠠᠴᠠ ᠪᠠᠨ ︽ᠠᠵᠦ ᠦᠢᠯᠡᠰ ᠤᠨ ᠪᠦᠷᠢᠨ ᠪᠦᠳᠤᠨ ᠭᠡᠯᠬᠢᠶ᠎ᠠ ᠶᠢ ᠪᠠᠶᠢᠭᠤᠯᠵᠤ᠂ ᠠᠵᠦ ᠦᠢᠯᠡᠰ ᠤᠨ ᠰᠦᠷᠦᠭᠵᠢᠯ ᠤᠨ ᠬᠦᠭᠵᠢᠯᠳᠡ ᠶᠢ ᠠᠬᠢᠭᠤᠯᠬᠤ︾ ᠲᠡᠰᠢ ᠬᠤᠪᠢᠷᠠᠭᠤᠯᠬᠤ ᠪᠠᠷ ᠴᠢᠷᠮᠡᠶᠢᠵᠦ᠂ ᠵᠢᠯ ᠤᠨ ᠲᠤᠳᠤᠷ᠎ᠡ ᠤᠯᠤᠰ ᠤᠨ ᠲᠤᠳᠤᠭᠠᠳᠤ ︵ᠤᠷᠤᠨ ᠤ ᠭᠠᠳᠠᠨᠠᠬᠢ︶᠎ ᠶᠢᠨ ᠲᠦᠷᠦᠯ ᠵᠦᠢᠯ ᠢ ᠲᠠᠳᠠᠨ ᠤᠷᠤᠭᠤᠯᠵᠦ 13 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠨᠠᠶᠢᠳᠠᠪᠤᠷᠢᠵᠢᠭᠤᠯᠵᠦ᠂ 20%᠎ ᠪᠠᠷ ᠨᠡᠮᠡᠭᠳᠡᠬᠦᠯᠦᠨ᠎ᠡ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠶᠡᠬᠡᠪᠡᠷ ᠭᠡᠷᠡᠭᠵᠢᠬᠦᠯᠵᠦ᠂ ᠠᠵᠢᠯ ᠤᠨ ᠲᠤᠰᠬᠠᠢ ᠠᠩᠭᠢ ᠪᠠ 11 ᠲᠤᠰᠬᠠᠢ ᠳᠤᠭᠤᠶᠢᠯᠠᠩ ᠪᠠᠶᠢᠭᠤᠯᠵᠤ᠂ ᠭᠦᠨᠵᠡᠭᠡᠢ ᠰᠤᠳᠤᠯᠵᠤ᠂ ᠵᠤᠷᠪᠤᠰ ᠳᠠᠷᠠᠭᠠᠯᠠᠨ ᠡᠮᠬᠢᠯᠡᠵᠦ᠂ ᠪᠥᠬᠦ ᠲᠠᠯ᠎ᠠ ᠪᠠᠷ ᠠᠷᠭ᠎ᠠ ᠰᠦᠪᠡᠭᠴᠢᠯᠡᠵᠦ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠳᠡᠮᠵᠢᠬᠦ ︽ᠰᠠᠨᠠᠯ︾ ᠵᠢᠴᠢ ᠢᠵᠢ ᠪᠦᠷᠢᠨ ᠠᠷᠭ᠎ᠠ ᠬᠡᠮᠵᠢᠶ᠎ᠡ ᠠᠴᠠ ᠲᠥᠷᠥ ᠶᠢᠨ ᠪᠣᠳᠣᠯᠭ᠎ᠠ ᠶᠢ ᠠᠭᠤᠳᠠᠯᠠᠨ᠂ ᠪᠡᠯᠡ ᠮᠥᠩᠭᠦ ᠭᠤᠶᠤᠴᠢᠯᠠᠨ ᠤᠯᠵᠦ᠂ ᠨᠡᠩ ᠤᠯᠠᠨ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠪᠡ ᠠᠶᠢᠮᠠᠭ ᠤᠨ ᠱᠠᠳᠤᠨ ᠤ ᠲᠦᠷᠦᠯ ᠵᠦᠢᠯ ᠤᠨ ︽ᠶᠡᠭᠡ ᠭᠡᠪᠴᠢᠶ᠎ᠠ︾᠎ ᠳᠤ ᠤᠷᠤᠭᠤᠯᠬᠤ ᠪᠠᠷ ᠴᠢᠷᠮᠡᠶᠢᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠳᠡᠭᠡᠳᠦ ᠱᠠᠲᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠡᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢᠶᠠᠷ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠵᠦ᠂ ᠳᠤᠮᠳᠠ ᠪᠠᠭ᠎ᠠ ᠠᠵᠤ ᠠᠬᠤᠶᠢᠯᠠᠯ ᠤᠨ ︽ᠪᠡᠯᠡ ᠬᠤᠷᠠᠮᠳᠤᠭᠤᠯᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠠᠵᠤ ᠠᠬᠤᠶᠢᠯᠠᠯ ᠢ ᠮᠥᠷᠳᠡᠨ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠭᠠᠶᠢᠯᠢ ᠲᠤᠰᠢᠶᠠᠬᠤ ᠠᠮᠠᠯᠠᠯᠲᠠ ᠪᠠᠨ ᠭᠦᠢᠴᠡᠳᠬᠡᠬᠦ ᠶᠢ ᠨᠢ ᠬᠠᠤᠯᠢ ᠶᠣᠰᠣᠭᠠᠷ ᠱᠠᠯᠠᠪᠳᠠᠭᠤᠯᠵᠦ᠂ ᠡᠳ᠋ ᠤᠨ ᠢᠷᠡᠯᠲᠡ ᠪᠡ ᠭᠠᠶᠢᠯᠢ ᠶᠢᠨ ᠢᠷᠡᠯᠲᠡ ᠶᠢ ᠨᠠᠩ ᠶᠡᠭᠡ ᠨᠡᠮᠡᠭᠳᠡᠬᠦᠯᠵᠦ᠂ 2 — 3 ᠵᠢᠯ ᠤᠨ ᠬᠤᠭᠤᠴᠠᠭᠠᠨ ᠳᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠪᠡᠶᠡᠯᠡᠭᠦᠯᠦᠨ᠎ᠡ᠃ ᠭᠤᠷᠪᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠪᠥᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠵᠢᠯ ᠤᠨ ᠲᠥᠰᠥᠯ︾᠎ ᠢ ᠰᠠᠶᠢᠲᠤᠷ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠵᠢᠴᠢ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠵᠡᠷᠭᠡ 4 ᠬᠦᠷᠢᠶ᠎ᠡ ᠴᠡᠷ᠎ᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠮᠠᠯᠠᠯᠲᠠ ᠪᠠᠨ ᠪᠠᠲᠤ ᠰᠠᠬᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠡᠶᠡᠯᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠠᠭ ᠎ ᠢᠶᠠᠨ ᠤᠷᠳᠤᠳᠬᠠᠨ ᠦᠢᠯᠡᠴᠢᠯᠡᠭᠡ ᠬᠠᠩᠭᠠᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠦᠨᠳᠦᠰᠦᠨ ᠱᠠᠲᠤ ᠲᠠᠰᠢ ᠦᠷᠬᠦᠯᠵᠢᠯᠡᠬᠦᠯᠬᠦ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠣᠶᠢᠷ᠎ᠠ ᠬᠠᠪᠢ ᠳᠤᠨᠢ ᠬᠦᠢᠴᠡᠳᠭᠡᠬᠦ᠂ ᠭᠡᠷ ᠲᠤᠨᠢ ᠬᠦᠷᠴᠦ ᠬᠦᠢᠴᠡᠳᠭᠡᠬᠦ︾᠎ ᠶᠢ ᠪᠡᠶᠡᠯᠡᠭᠦᠯᠦᠨ᠎ᠡ᠃ ᠲᠠᠬᠢᠨ ᠲᠠᠪᠳᠠᠨ ᠬᠦᠢᠴᠡᠳᠭᠡᠬᠦ ᠵᠦᠢᠯᠡᠰ ᠢ ︽ᠭᠠᠷ ᠤᠳᠠᠰᠤᠨ ᠲᠡᠭᠡᠷ᠎ᠡ ᠭᠦᠢᠴᠡᠳᠬᠡᠬᠦ︾᠎ ᠶᠢ ᠠᠬᠢᠭᠤᠯᠵᠤ᠂ ᠰᠦᠯᠵᠢᠶᠡᠨ ᠳᠡᠭᠡᠷ᠎ᠡ ︽ᠭᠦᠢᠴᠡᠳᠬᠡᠵᠦ ᠪᠣᠯᠬᠤ︾ ᠪᠠᠶᠢᠭᠰᠠᠨ ᠠᠴᠠ ︽ᠬᠦᠢᠴᠡᠳᠭᠡᠬᠦ ᠳᠤ ᠠᠮᠠᠷᠬᠠᠨ︾ ᠪᠣᠯᠭᠠᠨ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠯᠧᠺᠲᠷᠣᠨ ᠦᠨᠡᠮᠯᠡᠯ ᠤᠨ ᠠᠰᠢᠭᠯᠠᠯᠳᠠ ᠶᠢ ᠨᠡᠮᠡᠭᠳᠡᠬᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ ︽ᠦᠨᠡᠮᠯᠡᠯ ᠢ ᠴᠦᠬᠡᠳᠭᠡᠨ ᠭᠦᠢᠴᠡᠳᠬᠡᠬᠦ︾ ︽ᠦᠨᠡᠮᠯᠡᠯ ᠢ ᠨᠢ ᠬᠡᠯᠲᠦᠷᠢᠭᠦᠯᠬᠦ︾᠎ ᠶᠢ ᠲᠦᠯᠬᠢᠨ ᠠᠬᠢᠭᠤᠯᠵᠤ᠂ ᠦᠷᠬᠦᠯᠵᠢ ᠭᠡᠷᠡᠭᠯᠡᠭᠳᠡᠬᠦ ᠡᠯᠧᠺᠲᠷᠣᠨ ᠦᠨᠡᠮᠯᠡᠯ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠬᠡᠷᠡᠭᠵᠢᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠲᠦᠮᠡᠨ ᠤ ᠦᠷᠬᠦᠯᠵᠢ ᠵᠠᠭᠠᠯᠳᠤᠬᠤ ᠪᠠ ᠬᠦᠴᠢᠷ ᠲᠦᠪᠡᠭᠲᠡᠢ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠭᠦᠢᠴᠡᠳᠬᠡᠬᠦ︾ ᠪᠠᠶᠢᠭᠰᠠᠨ ᠠᠴᠠ ᠪᠠᠨ ︽ᠵᠠᠭᠠᠯᠳᠤᠬᠤ ᠠᠴᠠ ᠡᠮᠤᠨ᠎ᠡ ᠤᠷᠢᠳᠠᠪᠠᠷ ᠭᠦᠢᠴᠡᠳᠬᠡᠬᠦ︾ ᠳᠠᠰᠢ ᠬᠤᠪᠢᠷᠠᠭᠤᠯᠬᠤ ᠶᠢ ᠠᠬᠢᠭᠤᠯᠵᠤ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢ ᠶᠢᠨ ᠬᠡᠮᠵᠢᠶ᠎ᠠ ᠪᠠ ᠰᠢᠢᠳᠪᠦᠷᠢᠯᠡᠵᠦ ᠲᠠᠭᠤᠰᠬᠠᠭᠰᠠᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃       ︵ᠬᠤᠶᠠᠷ︶ ᠠᠵᠤ ᠦᠢᠯᠡᠰ ᠤᠨ ᠰᠠᠭᠤᠷᠢ ᠶᠢ ᠪᠠᠲᠤᠳᠬᠠᠬᠤ᠂ ᠭᠡᠪᠴᠢᠶ᠎ᠠ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠨᠴᠠᠯᠢᠭᠲᠤ ᠠᠵᠤ ᠦᠢᠯᠡᠰ ᠤᠨ ᠰᠢᠨ᠎ᠡ ᠳᠠᠪᠠᠭᠤᠯᠢᠭ ᠢ ᠲᠥᠪᠯᠡᠷᠡᠭᠦᠯᠦᠨ᠎ᠡ᠃ ᠨᠢᠬᠡ ᠳᠤ ᠠᠵᠤ ᠦᠢᠯᠡᠳᠪᠦᠷᠢ ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠬᠦᠯᠦᠨ᠎ᠡ᠃ ︽ᠴᠡᠪᠡᠷ ᠡᠨᠧᠷᠬᠢ + ᠴᠢᠨᠡᠷ ᠰᠠᠶᠢᠳᠠᠢ ᠠᠴᠢᠶᠠᠯᠠᠬᠤ ᠴᠢᠳᠠᠪᠤᠷᠢ︾᠎ ᠪᠠᠷ ᠭᠤᠤᠯ ᠴᠢᠭᠯᠡᠯ ᠪᠤᠯᠭᠠᠵᠦ᠂ 2 — 3 ᠵᠢᠯ ᠤᠨ ᠲᠤᠳᠤᠷ᠎ᠡ ᠰᠢᠨ᠎ᠡ ᠡᠨᠧᠷᠬᠢ ᠶᠢ ᠲᠠᠬᠢᠨ ᠢᠶᠠᠷ ᠨᠡᠮᠡᠭᠳᠡᠬᠦᠯᠬᠦ ᠪᠡ ᠠᠵᠦ ᠦᠢᠯᠡᠳᠪᠤᠷᠢ ᠶᠢᠨ ᠨᠡᠮᠡᠭᠳᠡᠯ ᠦᠷᠳᠡᠭ ᠢ ᠲᠠᠬᠢᠨ ᠢᠶᠠᠷ ᠨᠡᠮᠡᠭᠳᠡᠬᠦᠯᠬᠦ ᠲᠦᠯᠦᠪᠯᠡᠭᠡ ᠶᠢ ᠪᠠᠶᠠᠯᠠᠬᠦᠯᠵᠦ᠂ ᠬᠤᠰᠢᠭᠤ ᠨᠡᠮ ᠤᠨ ᠬᠤᠷᠢᠶᠠᠨ ᠤ ᠲᠤᠷᠠᠳᠤᠭᠰᠠᠨ ︽ᠠᠵᠦ ᠦᠢᠯᠡᠳᠪᠤᠷᠢ ᠶᠢᠨ ᠰᠦᠨᠢᠳ ᠪᠠᠷᠠᠭᠤᠨ ᠬᠤᠰᠢᠭᠤ︾᠎ ᠶᠢ ᠪᠠᠶᠢᠭᠤᠯᠬᠤ ᠬᠠᠷᠠᠯᠳᠠ ᠶᠢ ᠲᠦᠷᠭᠡᠨ ᠪᠠᠶᠠᠯᠡᠬᠦᠯᠦᠨ᠎ᠡ᠃ ᠰᠢᠨ᠎ᠡ ᠡᠨᠧᠷᠬᠢ ᠶᠢᠨ ᠠᠵᠦ ᠦᠢᠯᠡᠰ ᠤᠨ ᠰᠠᠭᠤᠷᠢ ᠶᠢ ᠪᠠᠬᠢᠵᠢᠬᠦᠯᠦᠨ᠎ᠡ᠃ ᠪᠦᠬᠦ ᠠᠶᠢᠮᠠᠭ ᠤᠨ ᠰᠦᠨᠢᠳ ᠤᠨ ᠴᠦᠯᠡᠷᠭᠡᠭ ᠨᠤᠳᠤᠭ ᠪᠡᠯᠴᠢᠬᠡᠷ ᠤᠨ ᠮᠢᠩᠭᠠᠨ ᠲᠦᠮᠡᠨ ᠺᠢᠯᠦᠸᠡᠲ ᠤᠨ ᠲᠠᠰ ᠤᠨ ᠪᠤᠬᠢᠷᠳᠤᠯ ᠦᠬᠡᠢ ᠴᠠᠬᠢᠯᠭᠠᠨ ᠤ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠪᠡ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠡᠷ ᠤᠨ ᠨᠡᠷᠡᠨ ᠎ ᠤ ᠡᠨᠧᠷᠬᠢ ᠪᠠᠷ ᠡᠯᠡᠰᠦ ᠶᠢ ᠵᠠᠰᠠᠬᠤ ᠶᠢ ᠲᠦᠯᠦᠪᠵᠢᠬᠦᠯᠬᠦ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠰᠠᠶᠢᠳᠤᠷ ᠠᠳᠬᠤᠵᠦ᠂ ᠮᠡᠨ ᠤ ᠬᠤᠰᠢᠭᠤᠨ ᠤ ᠡᠯᠪᠡᠭ ᠪᠠᠶᠠᠯᠢᠭ ᠰᠠᠯᠬᠢ ᠨᠡᠷᠡᠨ ᠤ ᠡᠬᠢ ᠪᠠᠶᠠᠯᠢᠭ ᠪᠡ ᠭᠠᠵᠡᠷ ᠰᠢᠷᠦᠢ ᠶᠢᠨ ᠲᠠᠪᠠᠭᠤᠯᠢᠭ ᠲᠠᠭᠠᠨ ᠲᠦᠰᠢᠭᠯᠡᠨ᠂ ᠲᠡᠭᠡᠳᠤ ᠱᠠᠳᠤᠨ ᠠᠴᠠ ᠲᠦᠷᠦᠯ ᠵᠦᠢᠯ ᠢ ᠢᠳᠡᠪᠬᠢᠳᠡᠢ ᠭᠤᠶᠤᠴᠢᠯᠠᠨ ᠤᠯᠬᠤ ᠎ ᠶᠢᠨ ᠬᠠᠮᠳᠤ᠂ ᠮᠧᠩ ᠨᠧᠩ 100 ᠲᠦᠮᠡᠨ ᠺᠢᠯᠤᠸᠡᠲ ᠤᠨ ᠰᠠᠯᠬᠢᠨ ᠬᠦᠴᠦᠨ ᠤ ᠴᠠᠬᠢᠯᠭᠠᠨ ᠢ ᠨᠦᠬᠡᠴᠠᠯᠠᠬᠦ ᠲᠦᠷᠦᠯ ᠵᠦᠢᠯ ᠪᠡ ᠵᠢᠷᠦᠬᠡ ᠪᠠᠯᠭᠠᠰᠤᠨ ᠤ ᠰᠢᠨ ᠮᠢᠨ ᠨᠡᠶᠢᠭᠡᠮ ᠲᠤᠭᠤᠷᠢᠭ ᠤᠨ ᠵᠢᠷᠭᠠᠯᠠᠩᠳᠤ ᠬᠦᠷᠢᠶᠠᠯᠠᠩ ᠤᠨ ︽ᠤᠶᠤᠨᠴᠢ ᠨᠠᠰᠤᠳᠠᠶᠢᠴᠤᠳ ᠤᠨ ᠠᠰᠠᠷᠠᠮᠵᠢ︾᠂ ᠵᠠᠰᠠᠭ ᠤᠨ ᠶᠠᠪᠤᠳᠠᠯ ᠤᠨ ᠲᠤᠭᠤᠷᠢᠭ᠂ ᠶᠤᠸᠡᠨ ᠲᠦᠩ ᠪᠠᠷᠠᠭᠠᠨ ᠎ ᠤ ᠬᠦᠢᠯᠭᠡᠭᠡᠨ ᠤ ᠲᠤᠭᠤᠷᠢᠭ ᠵᠡᠷᠭᠡ ᠲᠠᠷᠬᠠᠯᠳᠠ ᠶᠢᠨ ᠭᠡᠯᠪᠡᠷᠢ ᠶᠢᠨ ᠨᠡᠷᠡᠨ ᠤ ᠡᠨᠧᠷᠬᠢ ᠶᠢᠨ ᠲᠦᠷᠦᠯ ᠵᠦᠢᠯ ᠤᠨ ᠭᠠᠷᠳᠡᠮ ᠢ ᠬᠦᠢᠴᠡᠳᠭᠡᠬᠦ ᠠᠵᠢᠯ ᠢ ᠭᠤᠤᠯᠳᠠᠯᠭ᠎ᠠ ᠲᠠᠢ ᠠᠬᠢᠭᠤᠯᠵᠦ᠂ ᠲᠦᠯᠦᠪᠯᠡᠭᠡ ᠶᠤᠰᠤᠭᠠᠷ ᠠᠵᠢᠯ ᠢᠶᠠᠨ ᠡᠬᠢᠯᠡᠬᠦᠯᠦᠨ ᠪᠦᠳᠤᠭᠡᠨ ᠪᠠᠶᠢᠭᠤᠯᠬᠤ ᠶᠢ ᠪᠠᠳᠤᠯᠠᠵᠦ᠂ 2024 ᠤᠨ ᠤ ᠰᠡᠬᠦᠯᠴᠢ ᠪᠤᠯᠬᠤ ᠳᠤ ᠰᠢᠨ᠎ᠡ ᠡᠨᠧᠷᠬᠢ ᠎ ᠶᠢᠨ ᠮᠠᠰᠢᠨ ᠴᠤᠭᠴᠠᠯᠠᠪᠤᠷᠢ ᠶᠢᠨ ᠭᠡᠪᠴᠢᠶ᠎ᠠ ᠶᠢ ᠲᠡᠬᠢᠨ ᠢᠶᠠᠷ ᠨᠡᠮᠡᠭᠳᠡᠬᠦᠯᠬᠦ ᠬᠠᠷᠠᠯᠳᠠ ᠶᠢ ᠪᠡᠶᠡᠯᠡᠬᠦᠯᠬᠦ ᠪᠠᠷ ᠴᠢᠷᠮᠡᠶᠢᠨ᠎ᠡ᠃ ᠰᠦᠨᠢᠳ ᠵᠡᠬᠦᠨ ᠬᠤᠰᠢᠭᠤ ᠲᠠᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠬᠤ ᠠᠵᠢᠯ ᠢ ᠴᠢᠩᠭᠠᠳᠬᠠᠵᠦ ᠂ ᠴᠠᠬᠢᠯᠭᠠᠨ ᠢ ᠭᠠᠳᠠᠭᠰᠢ ᠬᠦᠷᠭᠡᠬᠦ ᠵᠡᠮ ᠢ ᠢᠳᠡᠪᠬᠢᠳᠡᠢ ᠰᠦᠪᠡᠭᠴᠢᠯᠠᠵᠦ᠂ ᠰᠢᠯᠢ ᠶᠢᠨ ᠭᠤᠤᠯ ᠤᠨ ᠪᠠᠷᠠᠭᠤᠨ ᠭᠡᠰᠡᠭ ᠤᠨ 500 ᠺᠢᠯᠦᠸᠤᠯᠲ ᠤᠨ ᠬᠦᠴᠦᠳᠠᠯ ᠦᠬᠡᠷᠡᠴᠢᠯᠠᠬᠦ ᠦᠷᠳᠡᠭᠡ ᠶᠢᠨ ᠪᠦᠳᠤᠭᠡᠨ ᠪᠠᠶᠢᠭᠤᠯᠤᠯᠳᠠ᠂ 110 ᠺᠢᠯᠤᠸᠤᠯᠲ ᠠᠴᠠ ᠲᠤᠷᠤᠭᠰᠢᠬᠢ ᠲᠤᠤᠷᠡᠳᠤ ᠲᠠᠰ ᠤᠨ ᠬᠦᠴᠦᠳᠡᠯ ᠦᠬᠡᠷᠡᠴᠢᠯᠠᠬᠦ ᠦᠷᠳᠡᠭᠡ ᠶᠢ ᠲᠠᠰ ᠲᠡᠪᠰᠢᠬᠦᠯᠦᠨ ᠦᠬᠡᠷᠡᠴᠢᠯᠠᠬᠦ ᠶᠢ ᠭᠤᠤᠯᠳᠠᠯᠭ᠎ᠠ ᠲᠠᠢ ᠪᠠᠳᠤᠯᠠᠵᠦ᠂ ᠪᠤᠬᠢᠷᠳᠤᠯ ᠦᠬᠡᠢ ᠴᠠᠬᠢᠯᠭᠠᠨ ᠢ ᠭᠠᠳᠠᠭᠰᠢ ᠬᠦᠷᠭᠡᠬᠦ ᠴᠢᠳᠠᠪᠤᠷᠢ ᠎ ᠶᠢ ᠦᠨᠡᠨᠬᠦ ᠲᠡᠭᠡᠭᠰᠢᠯᠡᠬᠦᠯᠦᠨ᠎ᠡ᠃ ᠪᠦᠬᠦ ᠬᠤᠰᠢᠭᠤᠨ ᠤ ᠬᠦᠴᠦᠨ ᠢ ᠲᠠᠶᠢᠴᠢᠯᠠᠨ ︽ᠪᠤᠬᠢᠷᠳᠤᠯ ᠦᠬᠡᠢ ᠴᠠᠬᠢᠯᠭᠠᠨ + ᠴᠢᠨᠡᠷ ᠰᠠᠶᠢᠳᠠᠢ ᠠᠴᠢᠶᠠᠯᠠᠬᠤ ᠴᠢᠳᠠᠪᠤᠷᠢ︾᠎ ᠶᠢᠨ ᠵᠢᠱᠢᠶ᠎ᠠ ᠦᠵᠡᠬᠦᠯᠬᠦ ᠲᠤᠭᠤᠷᠢᠭ ᠢ ᠡᠬᠦᠳᠤᠨ᠎ᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢ ᠰᠢᠩᠭᠡᠬᠡᠨ ᠠᠪᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠡᠷ ᠰᠠᠶᠢᠳᠠᠢ ᠠᠴᠢᠶᠠᠯᠠᠬᠤ ᠴᠢᠳᠠᠪᠤᠷᠢ ᠲᠠᠢ ᠠᠵᠤ ᠦᠢᠯᠡᠰ ᠤᠨ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠪᠤᠯᠤᠨ ᠲᠤᠭᠠᠴᠢᠯᠠᠭᠰᠠᠨ ᠭᠡᠯᠪᠡᠷᠢ ᠶᠢᠨ ᠠᠵᠦ ᠠᠬᠤᠶᠢᠯᠠᠯ ᠪᠤᠯᠭᠠᠨ ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠡᠷᠢᠮᠳᠠᠯᠠᠵᠦ᠂ ᠠᠵᠦ ᠦᠢᠯᠡᠳᠪᠤᠷᠢ ᠶᠢᠨ ᠲᠣᠭᠤᠷᠢᠭ ᠤᠨ ᠴᠠᠬᠢᠯᠭᠠᠨ ᠢ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠡᠨᠧᠷᠬᠢ ᠶᠢᠨ ᠴᠠᠬᠢᠯᠭᠠᠨ ᠲᠣᠣᠷ ᠤᠨ ᠲᠠᠭᠠᠭᠠᠴᠠ ᠨᠦᠬᠡᠴᠠ ᠶᠢ ᠨᠢᠭᠡ ᠴᠣᠭᠴᠠᠵᠢᠭᠤᠯᠬᠤ ᠵᠡᠷᠭᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠪᠥᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠳᠠ ᠶᠣᠰᠣᠭᠠᠷ᠂ ᠵᠢᠷᠦᠬᠡ ᠠᠵᠦ ᠦᠢᠯᠡᠰ ᠤᠨ ᠲᠤᠭᠤᠷᠢᠭ ᠤᠨ ᠲᠤᠷᠰᠢᠯᠳᠠ ᠶᠢᠨ ᠴᠡᠭ ᠲᠤ ᠴᠠᠬᠢᠯᠭᠠᠨ ᠲᠦᠭᠡᠭᠡᠬᠦ ᠲᠣᠣᠷ ᠢ ᠨᠡᠮᠡᠭᠳᠡᠬᠦᠯᠬᠦ + ᠰᠢᠨ᠎ᠡ ᠡᠨᠧᠷᠭᠢ ᠶᠢ ᠰᠢᠩᠭᠡᠬᠡᠨ ᠠᠪᠬᠤ ᠠᠵᠢᠯ ᠢ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠴᠢᠨᠠᠷ ᠰᠠᠶᠢᠲᠠᠢ ᠠᠴᠢᠶᠠᠯᠠᠬᠤ ᠴᠢᠳᠠᠪᠤᠷᠢ ᠲᠠᠢ ᠠᠵᠤ ᠦᠢᠯᠡᠰ ᠯᠦᠭᠡ ᠬᠠᠮᠳᠤᠷᠠᠭᠤᠯᠤᠨ ᠬᠦᠭᠵᠢᠬᠦᠯᠬᠦ ᠲᠠᠪᠴᠠᠩ ᠢ ᠪᠠᠶᠢᠭᠤᠯᠤᠨ᠂ ᠵᠠᠭᠤᠨ ᠲᠦᠮᠡᠨ ᠲᠣᠨ ᠤ ᠲᠡᠮᠦᠷ ᠤᠨ ᠬᠠᠶᠢᠯᠤᠰᠢ ᠶᠢᠨ ᠰᠠᠭᠤᠷᠢᠨ ᠭᠠᠵᠠᠷ ᠪᠠ ᠮᠧᠩ ᠲᠢᠶᠧ ᠲᠧ ᠭᠠᠩ ᠺᠤᠮᠫᠠᠨᠢ ᠶᠢᠨ ᠶᠡᠷᠦᠩᠭᠡᠶᠢᠯᠡᠨ ᠠᠰᠢᠭᠯᠠᠬᠤ ᠵᠢᠯ ᠤᠨ ᠭᠠᠷᠤᠯᠳᠠ 50 ᠲᠦᠮᠡᠨ ᠲᠣᠨ ᠤ ᠲᠡᠮᠤᠷ ᠴᠢᠳᠬᠤᠬᠤ ᠲᠥᠷᠥᠯ ᠵᠦᠢᠯ ᠢ ᠰᠠᠭᠤᠷᠢᠰᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠨᠠᠩ ᠣᠯᠠᠨ ᠴᠢᠨᠠᠷ ᠰᠠᠶᠢᠲᠠᠢ ᠠᠴᠢᠶᠠᠯᠠᠬᠤ ᠴᠢᠳᠠᠪᠤᠷᠢ ᠲᠠᠢ ᠲᠥᠷᠥᠯ ᠵᠦᠢᠯ ᠢ ᠲᠠᠳᠠᠨ ᠤᠷᠤᠭᠤᠯᠵᠦ ᠰᠠᠭᠤᠷᠢᠰᠢᠭᠤᠯᠤᠨ᠎ᠠ᠃ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠠᠵᠦ ᠦᠢᠯᠡᠰ ᠤᠨ ᠭᠡᠯᠬᠢᠶ᠎ᠠ ᠶᠢ ᠤᠷᠳᠤᠳᠬᠠᠨ᠎ᠠ᠃ ᠪᠦᠬᠦ ᠠᠶᠢᠮᠠᠭ ᠤᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠡᠨᠧᠷᠬᠢ ᠶᠢᠨ ᠲᠤᠨᠤᠭᠯᠠᠯ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠭᠰᠠᠨ ᠠᠵᠦ ᠦᠢᠯᠡᠰ ᠤᠨ ᠬᠦᠭᠵᠢᠯᠳᠡ ᠶᠢ ᠲᠠᠮᠵᠢᠬᠦ ᠲᠦᠷ ᠭᠡᠷᠡᠭᠵᠢᠬᠦᠯᠬᠦ ᠠᠷᠭ᠎ᠠ︾᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠰᠢᠨ᠎ᠡ ᠡᠨᠧᠷᠬᠢ ᠶᠢ ᠨᠡᠭᠡᠭᠡᠨ ᠬᠦᠭᠵᠢᠬᠦᠯᠬᠦ ᠲᠠᠢ ᠬᠠᠷᠢᠯᠴᠠᠨ ᠵᠤᠬᠢᠴᠠᠭᠰᠠᠨ ᠲᠤᠨᠤᠭᠯᠠᠯ ᠦᠢᠯᠡᠳᠬᠦ ᠦᠢᠯᠡᠰ ᠵᠢᠴᠢ ᠰᠠᠯᠬᠢᠨ ᠬᠦᠴᠦᠨ ᠤ ᠴᠠᠬᠢᠯᠭᠠᠨ ᠢ ᠠᠵᠢᠯᠯᠠᠭᠤᠯᠵᠦ ᠬᠠᠮᠠᠭᠠᠯᠠᠬᠤ ᠦᠢᠯᠡᠴᠢᠯᠡᠭᠡ ᠶᠢ ᠶᠡᠭᠡᠪᠡᠷ ᠬᠦᠭᠵᠢᠬᠦᠯᠵᠦ᠂ ᠵᠢᠯ ᠤᠨ 2 ᠲᠦᠮᠡᠨ ᠲᠤᠨ ᠤ ᠠᠵᠢᠯᠯᠠᠭᠤᠯᠬᠤ ᠶᠢ ᠨᠢ ᠵᠤᠭᠰᠤᠭᠠᠭᠰᠠᠨ ᠰᠠᠯᠬᠢᠨ ᠬᠦᠴᠦᠨ ᠤ ᠴᠠᠬᠢᠯᠭᠠᠨ ᠤ ᠰᠠᠩᠰᠠ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠰᠢᠯ ᠰᠢᠷᠭᠡᠭ ᠤᠨ ᠨᠡᠶᠢᠯᠠᠮᠠᠯ ᠮᠡᠲ᠋ᠧᠷᠢᠶᠠᠯ ᠤᠨ ᠲᠦᠷᠦᠯ ᠵᠦᠢᠯ ᠢ ᠰᠠᠭᠤᠷᠢᠰᠢᠭᠤᠯᠤᠨ ᠪᠦᠳᠤᠭᠡᠨ ᠪᠠᠶᠢᠭᠤᠯᠬᠤ ᠶᠢ ᠭᠤᠤᠯᠳᠠᠯᠭ᠎ᠠ ᠲᠠᠢ ᠰᠠᠶᠢᠳᠤᠷ ᠠᠳᠬᠤᠵᠦ᠂ ᠰᠠᠯᠬᠢᠨ ᠬᠦᠴᠦᠨ ᠤ ᠴᠠᠬᠢᠯᠭᠠᠨ ᠤ ᠠᠵᠦ ᠦᠢᠯᠡᠰ ᠤᠨ ᠪᠤᠬᠢᠷᠳᠤᠯ ᠦᠬᠡᠢ ᠲᠤᠤᠷ᠎ᠡ ᠨᠡᠬᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠡ ᠎ ᠶᠢᠨ ᠭᠡᠯᠬᠢᠶ᠎ᠠ ᠶᠢ ᠨᠦᠬᠦᠪᠤᠷᠢᠯᠠᠵᠦ᠂ ᠰᠢᠨ᠎ᠡ ᠡᠨᠧᠷᠬᠢ ᠶᠢᠨ ᠲᠤᠨᠤᠭᠯᠠᠯ ᠢ ︽ᠰᠢᠯᠢ ᠶᠢᠨ ᠭᠤᠤᠯ ᠠᠶᠢᠮᠠᠭ ᠲᠤ ᠤᠭᠰᠠᠷᠠᠵᠦ︾ ᠪᠠᠶᠢᠭᠰᠠᠨ ᠠᠴᠠ ᠪᠠᠨ ︽ᠰᠢᠯᠢ ᠶᠢᠨ ᠭᠤᠤᠯ ᠠᠶᠢᠮᠠᠭ ᠲᠤ ᠦᠢᠯᠡᠳᠬᠦ︾ ᠲᠠᠰᠢ ᠬᠤᠪᠢᠷᠠᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠡ᠃ ᠬᠤᠶᠠᠷ ᠲᠤ ᠮᠠᠯ ᠠᠵᠤ ᠠᠬᠤᠢ ᠶᠢᠨ ᠠᠵᠤ ᠦᠢᠯᠡᠰ ᠤᠨ ᠪᠦᠳᠤᠴᠠ ᠮᠠᠶ᠋ᠢᠭ ᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠲᠤᠭ᠎ᠠ ᠬᠡᠮᠵᠢᠶ᠎ᠡ ᠶᠢ ᠦᠷᠭᠡᠳᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠴᠢᠭᠯᠡᠯ ᠪᠣᠯᠭᠠᠵᠤ᠂ ︽ᠨᠢᠭᠡ ᠶᠢ ᠰᠢᠯᠢᠳᠡᠭᠵᠢᠬᠦᠯᠵᠦ ᠬᠤᠶᠠᠷ ᠢ ᠦᠰᠭᠡᠬᠦ︾16 ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠬᠦᠯᠬᠦ ᠶᠢ ᠲᠦᠷᠭᠡᠳᠬᠡᠨ᠂ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠰᠦᠨᠢᠳ ᠬᠤᠨᠢᠨ ᠤ ︽ᠰᠢᠯᠢᠳᠡᠭ ᠡᠭᠦᠯᠳᠡᠷ ᠤᠨ ᠲᠠᠯᠠᠪᠠᠶ + ᠦᠷᠡᠵᠢᠬᠦᠯᠦᠨ ᠪᠤᠶᠢᠵᠢᠭᠤᠯᠬᠤ ᠲᠠᠯᠠᠪᠠᠶ + ᠭᠤᠤᠯ ᠰᠦᠷᠦᠭ︾᠎ ᠤᠨ ᠭᠤᠷᠪᠠᠨ ᠲᠠᠰ ᠤᠨ ᠬᠠᠮᠳᠤᠷᠠᠭᠰᠠᠨ ᠡᠬᠦᠯᠳᠡᠷ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠦ᠂ ᠤᠯᠤᠰ ᠤᠨ ᠲᠠᠰ ᠤᠨ ᠭᠤᠤᠯ ᠪᠤᠯᠬᠤ ᠰᠢᠯᠢᠳᠡᠭ ᠡᠬᠦᠯᠳᠡᠷ ᠎ ᠤᠨ ᠲᠠᠯᠠᠪᠠᠶ ᠶᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨᠠᠨ ᠰᠢᠯᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠳᠤᠯᠠᠨ᠎ᠠ᠃ ᠰᠦᠨᠢᠳ ᠬᠤᠨᠢᠨ ᠤ ᠡᠬᠦᠯᠳᠡᠷ ᠢ ᠬᠠᠮᠠᠭᠠᠯᠠᠬᠤ ᠪᠡ ᠡᠬᠦᠯᠳᠡᠷ ᠢ ᠴᠡᠪᠡᠷᠰᠢᠬᠦᠯᠬᠦ ᠠᠵᠢᠯ ᠢ ᠰᠠᠶᠢᠳᠤᠷ ᠠᠳᠬᠤᠵᠦ᠂ ᠵᠢᠯ ᠤᠨ ᠲᠤᠳᠤᠷ᠎ᠡ ᠦᠷᠡᠵᠢᠬᠦᠯᠦᠨ ᠪᠤᠶᠢᠵᠢᠭᠤᠯᠬᠤ ᠲᠠᠯᠠᠪᠠᠢ 5᠂ ᠭᠤᠣᠯ ᠰᠦᠷᠦᠭ 20᠎ ᠶᠢ ᠰᠢᠨ᠎ᠡ ᠪᠠᠷ ᠪᠠᠶᠢᠭᠤᠯᠵᠦ᠂ ᠰᠦᠨᠢᠳ ᠬᠤᠨᠢ ᠮᠠᠯᠵᠢᠵᠦ ᠪᠠᠶᠢᠭ᠎ᠠ ᠡᠷᠦᠬᠡ ᠶᠢᠨ 3 ᠲᠦᠮᠡᠨ ᠲᠦᠯᠯᠡᠬᠦ ᠬᠤᠨᠢᠨ ᠳᠤ ᠰᠢᠯᠢᠳᠡᠭ ᠡᠬᠦᠯᠳᠡᠷ ᠤᠨ 500 ᠰᠦᠨᠢᠳ ᠬᠤᠴᠠ ᠬᠠᠩᠭᠠᠵᠦ᠂ ᠰᠠᠭᠤᠷᠢ ᠡᠭᠡ ᠮᠠᠯ ᠤᠨ ᠰᠢᠯᠢᠳᠡᠭ ᠡᠬᠦᠯᠳᠡᠷ ᠤᠨ ᠬᠠᠷᠢᠴᠠᠯ ᠢ 95%᠎ ᠠᠴᠠ ᠲᠡᠭᠡᠭᠰᠢ ᠳᠤ ᠬᠦᠷᠭᠡᠵᠦ᠂ ᠰᠦᠨᠢᠳ ᠬᠤᠨᠢᠨ ᠤ ᠤᠨᠳᠤᠷᠤᠯᠳᠠ ᠎ ᠶᠢᠨ ᠨᠤᠷᠮ᠎ᠡ ᠶᠢ 15%᠎ ᠪᠠᠷ ᠲᠡᠭᠡᠭᠰᠢᠯᠡᠬᠦᠯᠦᠨ᠎ᠡ᠃ ᠰᠦᠨᠢᠳ ᠬᠤᠤᠰ ᠪᠦᠬᠦᠳᠤ ᠲᠡᠮᠡᠭᠡᠨ ᠤ ᠠᠵᠦ ᠦᠢᠯᠡᠰ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠢᠩᠭᠡᠨ ᠰᠦ ᠶᠢ ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠢᠩᠭᠡᠨ ᠰᠦ ᠬᠤᠳᠠᠯᠳᠤᠨ ᠠᠪᠬᠤ ᠦᠨ᠎ᠡ ᠬᠠᠩᠰᠢ ᠶᠢ ᠦᠰᠭᠡᠵᠦ᠂ ᠬᠤᠳᠠᠯᠳᠤᠨ ᠠᠪᠬᠤ ᠴᠠᠭ ᠬᠤᠭᠤᠴᠠᠭ᠎ᠠ ᠶᠢ ᠵᠢᠷᠤᠮᠵᠢᠭᠤᠯᠤᠨ᠂ ᠢᠩᠭᠡ ᠰᠠᠭᠠᠬᠤ ᠡᠷᠦᠬᠡ ᠯᠦᠭᠡ ᠠᠰᠢᠭ ᠲᠤᠰᠠ ᠶᠢᠨ ᠬᠤᠯᠪᠤᠭᠠᠳᠤ ᠲᠣᠭᠲᠠᠴᠠ ᠶᠢ ᠨᠢᠭᠲᠠᠷᠠᠭᠤᠯᠤᠨ᠎ᠠ᠃ ᠪᠤᠯᠪᠠᠰᠤᠷᠠᠯ ᠢᠶᠠᠷ ᠲᠠᠮᠵᠢᠭᠤᠯᠤᠨ ᠮᠠᠯᠵᠢᠬᠤ ᠡᠷᠦᠬᠡ ᠶᠢᠨ ᠲᠡᠮᠡᠭᠡ ᠨᠤᠮᠤᠬᠠᠳᠬᠠᠬᠤ ᠴᠢᠳᠠᠪᠤᠷᠢ ᠶᠢ ᠨᠢ ᠲᠡᠭᠡᠭᠰᠢᠯᠡᠬᠦᠯᠦᠨ᠂ ᠢᠩᠭᠡᠨ ᠰᠦ ᠎ ᠶᠢᠨ ᠰᠢᠨ᠎ᠡ ᠰᠤᠷᠭᠤᠭ ᠢ ᠪᠠᠳᠤᠯᠠᠬᠤ᠂ ᠬᠥᠯᠳᠡᠭᠡᠬᠦ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠩᠭᠡ ᠰᠠᠭᠠᠬᠤ ᠡᠷᠦᠬᠡ ᠶᠢᠨ ᠲᠤᠭ᠎ᠠ ᠶᠢ ᠨᠡᠮᠡᠭᠳᠡᠬᠦᠯᠦᠨ᠂ ᠲᠡᠮᠡᠭᠡ ᠲᠡᠵᠢᠭᠡᠨ ᠦᠰᠭᠡᠬᠦ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠢᠩᠭᠡᠨ ᠤ ᠲᠤᠭ᠎ᠠ ᠶᠢ 2000᠎ ᠳᠤ ᠬᠦᠷᠭᠡᠵᠦ᠂ ᠵᠢᠯ ᠤᠨ ᠢᠩᠭᠡᠨ ᠰᠦᠨ ᠤ ᠭᠠᠷᠤᠯᠳᠠ ᠶᠢ 1500 ᠲᠣᠨ ᠳᠤ ᠬᠦᠷᠭᠡᠨ᠎ᠡ᠃ ᠢᠳᠡᠰᠢᠨ ᠤ ᠦᠬᠡᠷ ᠤᠨ ᠡᠬᠦᠯᠳᠡᠷ ᠤᠨ ᠦᠢᠯᠡᠰ ᠢ ᠬᠦᠭᠵᠢᠬᠦᠯᠬᠦ ᠠᠵᠢᠯᠯᠠᠭ᠎ᠠ ᠶᠢ ᠦᠷᠨᠢᠬᠦᠯᠵᠦ᠂ ᠢᠳᠡᠰᠢᠨ ᠤ ᠦᠭᠡᠷ ᠤᠨ ᠭᠤᠣᠯ ᠰᠦᠷᠦᠭ 4᠎ ᠶᠢ ᠰᠢᠨ᠎ᠡ ᠪᠠᠷ ᠪᠠᠶᠢᠭᠤᠯᠵᠣ᠂ ᠭᠤᠤᠯ ᠰᠦᠷᠦᠭ ᠤᠨ ᠦᠨᠢᠶ᠎ᠠ ᠶᠢ 300᠎ ᠳᠤ ᠲᠤᠭᠳᠠᠪᠤᠷᠢᠵᠢᠭᠤᠯᠵᠦ᠂ ᠰᠢᠯᠢᠳᠡᠭ ᠡᠬᠦᠯᠳᠡᠷ ᠤᠨ ᠢᠳᠡᠰᠢᠨ ᠤ ᠦᠬᠡᠷ 500᠎ ᠶᠢ ᠤᠷᠤᠭᠤᠯᠤᠨ ᠠᠪᠴᠢᠷᠠᠵᠦ᠂ 4 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠵᠦ ᠂ 500 ᠦᠨᠢᠶᠠᠨ ᠳᠤ ᠬᠦᠪᠤᠷᠠᠯ ᠰᠢᠯᠵᠢᠬᠦᠯᠵᠦ᠂ ᠢᠳᠡᠰᠢᠨ ᠤ ᠦᠬᠡᠷ ᠤᠨ ᠣᠨᠳᠣᠷᠣᠯᠳᠠ ᠶᠢᠨ ᠨᠣᠷᠮ᠎ᠠ ᠶᠢ 87%᠎ ᠠᠴᠠ ᠳᠡᠭᠡᠭᠰᠢ ᠳᠤ ᠬᠦᠷᠭᠡᠨ᠎ᠡ᠃  ᠦᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠭᠡᠯᠪᠡᠷᠢ ᠶᠢ ᠰᠢᠯᠢᠳᠡᠭᠵᠢᠬᠦᠯᠦᠨ᠎ᠡ᠃ ᠣᠲᠣ ᠦᠶ᠎ᠡ ᠶᠢᠨ ᠬᠠᠰᠢᠶᠠᠯᠠᠨ ᠲᠡᠵᠢᠭᠡᠬᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠡᠳᠦᠷ ᠤᠨ ᠲᠡᠵᠢᠬᠡᠯ ᠪᠤᠷᠳᠤᠭ᠎ᠠ ᠶᠢ ᠬᠤᠯᠢᠵᠦ ᠪᠤᠯᠪᠠᠰᠤᠷᠠᠭᠤᠯᠬᠤ᠂ ︽ᠬᠠᠰᠢᠶᠠᠯᠠᠨ ᠮᠠᠯᠵᠢᠬᠤ + ᠪᠠᠶᠢᠭᠠᠯᠢᠯᠢᠭ ᠢᠶᠠᠷ ᠮᠠᠯᠵᠢᠬᠤ︾ ᠲᠠᠩᠰᠠ ᠪᠤᠳᠤᠵᠤ ᠮᠠᠯ ᠲᠡᠵᠢᠭᠡᠬᠦ ᠲᠤᠷᠰᠢᠯᠲᠠ ᠶᠢᠨ ᠴᠡᠭ ᠢ ᠡᠬᠦᠳᠴᠦ᠂ ᠮᠠᠯᠵᠢᠬᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ︽ᠬᠠᠰᠢᠶᠠᠯᠠᠨ ᠮᠠᠯᠵᠢᠬᠤ ᠪᠠ ᠬᠠᠭᠠᠰ ᠬᠠᠰᠢᠶᠠᠯᠠᠨ ᠮᠠᠯᠵᠢᠬᠤ︾ ᠲᠡᠵᠢᠭᠡᠨ ᠮᠠᠯᠵᠢᠬᠤ ᠠᠷᠭ᠎ᠠ ᠮᠠᠶ᠋ᠢᠭ ᠢ ᠬᠡᠷᠡᠭᠯᠡᠨ᠂ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠲᠡᠵᠢᠭᠡᠨ ᠮᠠᠯᠵᠢᠬᠤ ᠵᠠᠮ ᠢᠶᠠᠷ ᠵᠠᠮᠨᠠᠭᠤᠯᠤᠨ᠎ᠠ᠃ ᠵᠢᠯ ᠤᠨ ᠲᠤᠳᠤᠷ᠎ᠡ ᠡᠳᠤᠷ ᠤᠨ ᠲᠡᠵᠢᠬᠡᠯ ᠪᠤᠷᠳᠤᠭ᠎ᠠ ᠶᠢ ᠬᠤᠯᠢᠵᠦ ᠪᠤᠯᠪᠠᠰᠤᠷᠠᠭᠤᠯᠬᠤ ᠦᠢᠯᠡᠳᠪᠤᠷᠢ 3 — 4᠎ ᠶᠢ ᠰᠢᠨ᠎ᠡ ᠪᠠᠷ ᠪᠠᠶᠢᠭᠤᠯᠵᠦ᠂ ᠠ ᠮᠢ ᠯᠠ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠪᠡ ᠦᠷᠭᠡᠨᠳᠡᠯ᠎ᠡ ᠪᠠᠯᠭᠠᠰᠤ᠂ ᠡᠷᠢᠶᠠᠨᠨᠠᠭᠤᠷ ᠰᠤᠮᠤᠨ ᠤ ᠢᠳᠡᠰᠢᠨ ᠤ ᠦᠬᠡᠷ ᠢᠳᠡᠰᠢᠨ ᠤ ᠬᠤᠨᠢᠨ ᠤ ᠠᠵᠦ ᠦᠢᠯᠡᠰ ᠤᠨ ᠨᠠᠶᠢᠳᠠᠨ ᠮᠠᠯᠵᠢᠭᠤᠯᠬᠤ ᠵᠡᠷᠭᠡ ᠭᠠᠮᠰᠢᠭ ᠠᠴᠠ ᠵᠠᠶᠢᠯᠠᠬᠤ ᠭᠡᠯᠪᠡᠷᠢ ᠶᠢᠨ ᠠᠵᠦ ᠦᠢᠯᠡᠰ ᠤᠨ ᠲᠦᠷᠦᠯ ᠵᠦᠢᠯ ᠢ ᠲᠤᠷᠰᠢᠨ ᠠᠬᠢᠭᠤᠯᠵᠦ᠂ ᠮᠠᠯ ᠠᠵᠤ ᠠᠬᠤᠢ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠢ ᠨᠡᠮᠡᠭᠳᠡᠬᠦᠯᠦᠨ᠎ᠡ᠃ ᠶᠠᠩ ᠶᠠᠩ ᠮᠠᠯᠵᠢᠯ ᠎ ᠤᠨ ᠦᠢᠯᠡᠰ ᠤᠨ 10 ᠲᠦᠮᠡᠨ ᠢᠳᠡᠰᠢᠨ ᠤ ᠬᠤᠨᠢ ᠶᠢ ᠣᠶᠤᠨᠴᠢ ᠪᠠᠷ ᠲᠡᠵᠢᠭᠡᠨ ᠮᠠᠯᠵᠢᠬᠤ ᠮᠠᠯᠴᠢᠳ ᠲᠠᠢ ᠬᠤᠯᠪᠤᠭᠠᠯᠠᠨ ᠳᠠᠶᠢᠴᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠵᠢᠯ ᠤᠨ ᠲᠤᠳᠤᠷ᠎ᠡ 40 ᠲᠦᠮᠡᠨ ᠢᠳᠡᠰᠢᠨ ᠤ ᠬᠤᠨᠢᠨ ᠳᠤ ᠭᠠᠷᠭᠠᠯᠳᠠ ᠬᠢᠵᠦ ᠡᠳ᠋ᠰᠢᠬᠦᠯᠦᠨ ᠪᠤᠯᠪᠠᠰᠤᠷᠠᠭᠤᠯᠵᠦ᠂ ᠢᠳᠡᠰᠢᠨ ᠤ ᠬᠤᠨᠢ᠂ ᠢᠳᠡᠰᠢᠨ ᠤ ᠦᠭᠡᠷ ᠢ ᠡᠳ᠋ᠰᠢᠭᠦᠯᠦᠨ ᠪᠣᠯᠪᠠᠰᠣᠷᠠᠭᠤᠯᠵᠣ ᠪᠦᠲᠦᠭᠡᠭᠳᠡᠭᠦᠨ ᠪᠣᠯᠭᠠᠨ ᠬᠤᠪᠢᠷᠠᠭᠤᠯᠬᠤ ᠨᠣᠷᠮ᠎ᠠ ᠶᠢ ᠲᠣᠰ ᠪᠦᠷᠢ 70% ᠪᠠ 10%᠎ ᠠᠴᠠ ᠳᠡᠭᠡᠭᠰᠢ ᠳᠤ ᠬᠦᠷᠭᠡᠬᠦ ᠶᠢ ᠪᠠᠳᠣᠯᠠᠨ᠎ᠠ᠃ ᠨᠡᠷᠡᠲᠦ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠤᠷᠤᠨ ᠪᠦᠰᠡ ᠶᠢᠨ ᠨᠡᠶᠢᠳᠡ ᠶᠢᠨ ᠨᠡᠷᠡᠳᠤ ᠲᠡᠮᠳᠡᠭ ᠪᠤᠯᠬᠤ ︽ᠦᠪᠤᠷ ᠮᠤᠩᠭᠤᠯ︾ ᠱᠤᠰᠢᠭ᠎ᠠ ᠲᠡᠮᠳᠡᠭ ᠤᠨ ᠭᠡᠷᠡᠴᠢᠯᠡᠭᠡ ᠪᠡ ᠰᠢᠯᠢ ᠶᠢᠨ ᠭᠤᠤᠯ ᠤᠨ ᠬᠤᠨᠢ ᠶᠢᠨ ᠤᠷᠤᠨ ᠪᠦᠰᠡ ᠶᠢᠨ ᠨᠠᠶᠢᠳᠠ ᠶᠢᠨ ᠨᠠᠷᠠᠳᠤ ᠲᠡᠮᠳᠡᠭ ᠢ ᠭᠡᠷᠡᠭᠯᠡᠬᠦ ᠡᠷᠭᠡ ᠶᠢ ᠤᠯᠭᠤᠭᠰᠠᠨ ᠠᠵᠠ ᠲᠤᠬᠢᠶᠠᠯ ᠢ ᠬᠦᠢᠴᠡᠳ ᠰᠠᠶᠢᠳᠤᠷ ᠠᠰᠢᠭᠯᠠᠵᠦ᠂ ︽ᠰᠦᠨᠢᠳ ᠬᠤᠨᠢ︾ ︽ᠰᠦᠨᠢᠳ ᠬᠤᠤᠰ ᠪᠦᠬᠦᠳᠤ ᠲᠡᠮᠡᠭᠡ︾ ᠭᠡᠬᠦ ᠣᠯᠣᠰ ᠤᠨ ᠭᠠᠵᠠᠷ ᠵᠦᠢ ᠎ ᠶᠢᠨ ᠪᠠᠶᠢᠷᠢᠰᠢᠯ ᠤᠨ ᠲᠠᠸᠠᠷ ᠤᠨ ᠲᠡᠮᠳᠡᠭᠲᠦ ᠵᠡᠷᠭᠡ ᠨᠡᠷᠡᠳᠤ ᠲᠡᠮᠳᠡᠭ ᠤᠨ ᠲᠠᠪᠠᠭᠤᠯᠢᠭ ᠲᠤ ᠰᠠᠭᠤᠷᠢᠯᠠᠨ᠂ ᠪᠥᠬᠦ ᠠᠶᠢᠮᠠᠭ ᠢᠶᠠᠷ ᠢᠶᠠᠨ ᠣᠷᠣᠨ ᠪᠦᠰᠡ ᠶᠢᠨ ᠨᠡᠶᠢᠲᠡ ᠶᠢᠨ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠬᠠᠯᠠᠮᠰᠢᠯ ᠴᠡᠭ ᠲᠤ ᠲᠦᠰᠢᠭᠯᠡᠵᠦ᠂ ᠠᠵᠤ ᠠᠬᠤᠢ ᠶᠢᠨ ᠨᠡᠭᠡᠭᠡᠯᠳᠡ ᠶᠢᠨ ᠣᠷᠣᠨ ᠪᠠ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠠᠷᠭ᠎ᠠ ᠵᠠᠮ ᠤᠨ ᠳᠠᠪᠠᠭᠤᠯᠢᠭ ᠢ ᠠᠰᠢᠭᠯᠠᠨ᠂ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠤᠨ ᠲᠦᠬᠡᠮᠡᠯᠵᠢᠬᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠰᠦᠨᠢᠳ ᠬᠤᠨᠢᠨ ᠤ ᠨᠡᠶᠢᠬᠡᠮᠴᠢᠯᠡᠭᠰᠡᠨ ᠦᠢᠯᠡᠴᠢᠯᠠᠭᠡᠨ ᠤ ᠬᠠᠮᠢᠶᠠᠷᠤᠯᠳᠠ ᠡᠵᠡᠩᠨᠡᠯᠳᠡ ᠶᠢᠨ ᠲᠠᠪᠴᠠᠩ ᠢ ᠢᠳᠡᠪᠬᠢᠳᠡᠢ ᠰᠦᠪᠡᠭᠴᠢᠯᠠᠨ ᠠᠬᠢᠭᠤᠯᠵᠦ᠂ ︽ᠢᠳᠡᠰᠢᠨ ᠤ ᠬᠤᠨᠢᠨ ᠤ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠠᠯᠠᠩ︾᠎ ᠤᠨ ᠲᠦᠷᠦᠯ ᠵᠦᠢᠯ ᠪᠡ ᠤᠶᠤᠨᠴᠢ ᠮᠠᠯ ᠠᠵᠦ ᠠᠬᠤᠢ ᠶᠢᠨ ᠲᠡᠪᠴᠠᠩ ᠤᠨ ᠪᠦᠳᠤᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠠᠮᠡᠴᠠᠨ ᠤᠯᠵᠦ᠂ ᠰᠦᠨᠢᠳ ᠬᠤᠨᠢᠨ ᠮᠢᠬᠠᠨ ᠤ ᠴᠢᠨᠡᠷ ᠢ ᠬᠢᠨᠠᠨ ᠪᠠᠶᠢᠴᠠᠭᠠᠬᠤ ᠲᠤᠭᠳᠠᠯᠴᠠᠭ᠎ᠠ ᠎ ᠶᠢᠨ ᠪᠠᠶᠢᠭᠤᠯᠤᠯᠳᠠ ᠶᠢ ᠰᠦᠪᠡᠭᠴᠢᠯᠠᠨ ᠪᠠᠶᠢᠭᠤᠯᠵᠦ᠂ ︽ᠲᠠᠩᠭᠤᠳ ᠬᠤᠨᠢ︾᠎ ᠶᠢᠨ ᠨᠠᠷᠠᠲᠤ ᠲᠡᠮᠳᠡᠭ ᠢ ᠡᠬᠦᠳᠦᠭᠰᠡᠨ ᠲᠤᠷᠰᠢᠯᠭ᠎ᠠ ᠠᠷᠭ᠎ᠠ ᠪᠠᠷᠢᠯ ᠢ ᠰᠤᠷᠤᠯᠴᠠᠵᠤ᠂ ᠮᠠᠨ ᠤ ᠬᠤᠰᠢᠭᠤᠨ ᠤ ᠮᠠᠯ ᠤᠨ ᠠᠰᠢᠭ ᠰᠢᠮ᠎ᠡ ᠶᠢᠨ ᠨᠡᠷ᠎ᠡ ᠠᠯᠳᠠᠷᠰᠢᠯ ᠪᠠ ᠨᠦᠯᠦᠬᠡᠯᠡᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠦ ᠮᠠᠯ ᠤᠨ ᠠᠰᠢᠭ ᠰᠢᠮ᠎ᠡ ᠶᠢ ᠨᠡᠶᠢᠯᠡᠬᠦᠯᠦᠨ ᠪᠤᠯᠪᠠᠰᠤᠷᠠᠭᠤᠯᠬᠤ ᠠᠷᠭ᠎ᠠ ᠵᠡᠮ ᠢ ᠰᠦᠪᠡᠭᠴᠢᠯᠡᠵᠦ᠂ ᠨᠢᠭᠡᠳᠦᠯᠲᠡᠢ ᠬᠤᠳᠠᠯᠳᠤᠨ ᠠᠪᠬᠤ᠂ ᠨᠢᠭᠡᠳᠦᠯᠲᠡᠢ ᠪᠣᠷᠣᠯᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠮᠠᠯ ᠤᠨ ᠠᠰᠢᠭ ᠰᠢᠮ᠎ᠡ ᠶᠢᠨ ᠬᠤᠳᠠᠯᠳᠤᠭᠠᠴᠢᠨ ᠤ ᠡᠪᠯᠡᠯ ᠢ ᠵᠣᠬᠢᠶᠠᠨ ᠪᠠᠶᠢᠭᠤᠯᠬᠤ ᠶᠢᠨ ᠬᠠᠮᠲᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠡᠷᠢᠶᠠᠨ ᠬᠤᠳᠠ᠂ ᠰᠦᠨᠢᠳ ᠵᠡᠬᠦᠨ ᠬᠤᠰᠢᠭᠤ ᠲᠠᠢ ᠬᠠᠮᠳᠤᠷᠠᠯᠴᠠᠨ᠂ ᠰᠦᠨᠢᠳ ᠬᠤᠨᠢᠨ ᠮᠢᠬᠠᠨ ᠤ ᠨᠡᠷᠡᠳᠤ ᠲᠡᠮᠳᠡᠭ ᠤᠨ ᠨᠡᠷ᠎ᠡ ᠠᠯᠳᠠᠷᠰᠢᠯ ᠢ ᠲᠡᠭᠡᠭᠰᠢᠯᠡᠬᠦᠯᠦᠨ᠎ᠡ᠃ ︽ᠮᠤᠩᠭᠤᠯ ᠮᠤᠷᠢᠨ ᠤ ᠵᠤᠷᠢᠭ ᠰᠠᠨᠠᠭ᠎ᠠ ᠬᠤᠨᠳᠠᠭᠠᠳᠤ︾ ᠰᠢᠯᠢ ᠶᠢᠨ ᠭᠤᠤᠯ ᠎ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠨᠠᠨᠳᠢᠨ ᠲᠤᠷᠰᠢᠯᠭ᠎ᠠ ᠶᠢ ᠨᠠᠷᠢᠨ ᠬᠢᠨᠠᠮᠠᠭᠠᠢ ᠵᠠᠳᠠᠯᠤᠨ ᠳ᠋ᠦᠩᠨᠠᠵᠦ᠂ ᠤᠳᠤ ᠦᠶ᠎ᠠ ᠶᠢᠨ ᠠᠳᠤᠭᠤᠨ ᠤ ᠦᠢᠯᠡᠰ ᠢ ᠬᠦᠭᠵᠢᠬᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠮᠠᠯᠵᠢᠬᠤ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠰᠢᠨ᠎ᠡ ᠵᠠᠮ ᠢ ᠢᠳᠡᠪᠬᠢᠲᠡᠢ ᠰᠦᠪᠡᠭᠴᠢᠯᠡᠨ᠎ᠡ᠃ ᠭᠤᠷᠪᠡ ᠳᠤ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ ᠪᠠᠷ ᠭᠠᠷᠳᠠᠴᠠ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠪᠠ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ︽ᠬᠦᠩᠭᠡᠨ ᠡᠳ᠋ ᠬᠦᠷᠦᠩᠭᠡ︾᠎ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠪᠠᠷᠢᠮᠲᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢᠶᠠᠷ ᠡᠬᠦᠳᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠳᠤ ᠲᠦᠰᠢᠭᠯᠡᠵᠦ᠂ ᠡᠷᠢᠶᠠᠨ ᠬᠤᠳᠠ ᠯᠤᠭ᠎ᠠ ᠬᠠᠮᠳᠤᠷᠠᠯᠴᠠᠵᠦ᠂ ᠬᠢᠯᠢ ᠠᠯᠤᠰᠯᠠᠭᠰᠠᠨ ᠵᠢᠭᠤᠯᠴᠢᠯᠠᠯ ᠢ ᠬᠠᠶᠢᠨ ᠰᠦᠪᠡᠭᠴᠢᠯᠡᠨ᠎ᠡ᠃ ᠪᠥᠬᠦ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠳᠣᠲᠣᠷ᠎ᠠ ᠭᠠᠵᠠᠷ ᠤᠨ ᠵᠢᠭᠤᠯᠴᠢᠯᠠᠯ ᠤᠨ ᠵᠡᠮ ᠱᠤᠭᠤᠮ ᠤᠨ ᠲᠦᠯᠦᠪᠵᠢᠬᠦᠯᠬᠡ ᠲᠠᠢ ᠤᠶᠠᠯᠳᠤᠭᠤᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠡᠷ᠂ ᠨᠤᠮᠤᠭᠠᠨ ᠠᠭᠤᠯᠠ᠂ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ᠂ ︽ᠤᠯᠠᠭᠠᠨ ᠪᠢᠴᠢᠭ ᠤᠨ ᠪᠣᠭᠴᠣ︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠤᠨ ᠦᠵᠡᠭᠦᠯᠦᠯᠭᠡ ᠶᠢᠨ ᠲᠢᠩᠬᠢᠮ᠂ ᠦᠨᠳᠦᠰᠦᠲᠡᠨ ᠤ ᠪᠦᠯᠬᠦᠮᠳᠡᠯ ᠤᠨ ᠦᠵᠡᠰᠬᠦᠯᠡᠩ᠂ ᠪᠢᠩᠲ᠋ᠤᠸᠠᠨ ᠤ ᠣᠨ ᠰᠠᠷ᠎ᠠ ᠶᠢᠨ ᠦᠵᠡᠭᠦᠯᠦᠯᠭᠡ ᠶᠢᠨ ᠣᠷᠳᠣᠨ ᠵᠡᠷᠭᠡ ᠣᠨᠴᠠᠯᠢᠭᠲᠤ ᠡᠬᠢ ᠪᠠᠶᠠᠯᠢᠭ ᠢ ᠨᠡᠶᠢᠯᠡᠭᠦᠯᠵᠦ ᠂ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠬᠤᠶᠠᠷ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠨᠢᠭᠡ ᠪᠦᠯᠦᠭ ᠬᠡᠭᠡᠷ᠎ᠡ ᠪᠠᠭᠤᠳᠠᠯᠯᠠᠬᠤ ᠭᠠᠵᠠᠷ᠂ ᠭᠡᠷ ᠪᠦᠯᠢ ᠶᠢᠨ ᠵᠢᠭᠤᠯᠴᠢᠯᠠᠯ ᠤᠨ ᠮᠠᠯᠵᠢᠯ ᠤᠨ ᠲᠠᠯᠠᠪᠠᠶ ᠂ ᠭᠠᠷᠠᠭ ᠤᠨ ᠰᠡᠭᠦᠯᠴᠢ ᠶᠢᠨ ᠰᠥᠨᠢᠳ ᠮᠠᠯᠴᠢᠨ ᠡᠷᠦᠬᠡ ᠶᠢᠨ ᠪᠡᠶᠡᠴᠢᠯᠡᠨ ᠣᠶᠢᠯᠠᠭᠠᠬᠤ ᠴᠡᠭ ᠢ ᠭᠠᠷᠭᠠᠵᠦ᠂ ᠡᠵᠡᠩᠨᠡᠯᠳᠡ ᠶᠢᠨ ᠭᠡᠯᠪᠡᠷᠢ ᠶᠢ ᠤᠯᠠᠮ ᠨᠢᠬᠡ ᠠᠯᠬᠤᠮ ᠪᠠᠶᠠᠯᠢᠭᠵᠢᠭᠤᠯᠤᠨ᠂ ᠦᠢᠯᠡᠴᠢᠯᠡᠭᠡ ᠶᠢ ᠰᠢᠯᠢᠳᠡᠭᠵᠢᠬᠦᠯᠵᠦ᠂ 12 ᠲᠦᠮᠡᠨ ︵ᠤᠳᠠᠭ᠎ᠠ︶ ᠵᠢᠭᠤᠯᠴᠢᠯᠠᠭᠰᠠᠳ ᠢ ᠬᠦᠯᠢᠶᠠᠨ ᠠᠪᠴᠦ᠂ ᠵᠢᠭᠤᠯᠴᠢᠯᠠᠯ ᠤᠨ ᠤᠷᠤᠯᠭ᠎ᠠ ᠶᠢ 3500 ᠲᠦᠮᠡᠨ ᠲᠦᠬᠦᠷᠢᠭ ᠠᠴᠠ ᠲᠡᠭᠡᠭᠰᠢ ᠳᠤ ᠬᠦᠷᠭᠡᠨ᠎ᠡ᠃ ︽ᠲᠤᠮᠳᠠᠳᠤ ᠤᠯᠤᠰ ᠤᠨ ᠤᠤᠭᠠᠨ ᠤᠯᠠᠭᠠᠨᠮᠦ᠋ᠴᠢᠷ ᠤᠨ ᠦᠯᠦᠬᠡᠢ︾ ︽ᠳᠣᠮᠳᠠᠳᠣ ᠣᠯᠣᠰ ᠤᠨ ᠲᠡᠮᠡᠭᠡᠨ ᠰᠣᠶᠣᠯ ᠤᠨ ᠨᠣᠳᠤᠭ︾ ︽ᠳᠣᠮᠳᠠᠳᠣ ᠣᠯᠣᠰ ᠤᠨ ᠲᠠᠯ᠎ᠠ ᠨᠣᠳᠤᠭ ᠤᠨ ᠬᠤᠷᠳᠣᠨ ᠬᠦᠯᠦᠭ ᠤᠨ ᠦᠯᠦᠭᠡᠢ︾ ᠵᠡᠷᠭᠡ ᠪᠠᠷ ᠭᠤᠤᠯ ᠰᠠᠳᠤᠪ ᠪᠤᠯᠭᠠᠭᠰᠠᠨ ᠰᠤᠶᠤᠯ ᠲᠠᠮᠢᠷ ᠤᠨ ᠤᠷᠤᠯᠳᠤᠭᠠᠨ ᠢ ᠨᠠᠷᠢᠯᠢᠭ ᠲᠦᠰᠦᠪᠯᠡᠵᠦ᠂ ᠮᠠᠨ ᠤ ᠬᠤᠰᠢᠭᠤᠨ ᠤ ᠦᠨᠳᠦᠷᠯᠢᠭ ᠤᠨ ᠷᠠᠰᠢᠶᠠᠨ ᠡᠷᠡᠬᠦᠯᠵᠢᠯ ᠤᠨ ᠡᠬᠢ ᠪᠠᠶᠠᠯᠢᠭ ᠤᠨ  ᠦᠢᠯᠡᠳᠦᠯ ᠢ ᠤᠯᠠᠮ ᠨᠢᠭᠡ ᠠᠯᠬᠤᠮ ᠤᠬᠠᠭᠤᠯᠤᠨ ᠪᠠᠳᠠᠷᠠᠭᠤᠯᠵᠤ᠂ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ᠂ ᠦᠨ᠎ᠡ ᠦᠷᠳᠡᠭ ᠨᠠᠩ ᠥᠨᠳᠥᠷ ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠭᠤᠯᠠ ᠤᠮᠳᠠ᠂ ᠣᠷᠣᠨ ᠰᠠᠭᠤᠴᠠ ᠵᠡᠷᠭᠡ ᠤᠯᠠᠮᠵᠢᠯᠠᠯᠲᠤ ᠬᠡᠷᠡᠭᠯᠡᠭᠡ ᠶᠢ ᠲᠠᠰᠤᠷᠠᠯᠲᠠ ᠦᠭᠡᠢ ᠥᠷᠭᠡᠳᠬᠡᠨ᠂ ᠵᠠᠰᠠᠮᠠᠯ ᠵᠠᠮ ᠤᠨ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠪᠠ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠨᠢᠭᠡ ᠴᠣᠭᠴᠠᠵᠢᠭᠰᠠᠨ ᠬᠦᠭᠵᠢᠯᠳᠡ ᠶᠢ ᠨᠢᠭᠡᠳᠦᠯᠳᠠᠢ ᠲᠦᠯᠦᠪᠵᠢᠬᠦᠯᠦᠨ᠎ᠡ᠃ ᠰᠦᠯᠵᠢᠶᠡᠨ ᠳᠡᠭᠡᠷᠡᠬᠢ ᠬᠡᠷᠡᠭᠯᠡᠭᠡᠨ ᠤ ᠵᠠᠭᠪᠤᠷ ᠢ ᠶᠡᠬᠡᠪᠡᠷ ᠬᠥᠭᠵᠢᠭᠦᠯᠵᠦ᠂ ᠰᠥᠨᠢᠳ ᠤᠨ ᠰᠢᠯᠢᠳᠡᠭ ᠪᠦᠲᠦᠭᠡᠭᠳᠡᠬᠦᠨ ᠤ ᠰᠢᠶᠠᠨ ᠤ ᠬᠡᠪᠴᠢᠶᠡᠨ ᠤ ᠡᠯᠧᠺᠲᠷᠣᠨ ᠬᠤᠳᠠᠯᠳᠤᠭᠠᠨ ᠤ ᠲᠠᠪᠴᠠᠩ᠂ ᠵᠢᠩ ᠳ᠋ᠦᠩ ᠬᠤᠳᠠᠯᠳᠤᠭᠠᠨ ᠤ ᠬᠤᠲᠠ ᠳᠠᠬᠢ ᠰᠥᠨᠢᠳ ᠲᠡᠯᠬᠡᠬᠦᠷ ᠢ ᠪᠠᠶᠢᠭᠤᠯᠵᠤ᠂ ︽832︾ ᠬᠤᠳᠠᠯᠳᠤᠨ ᠠᠪᠬᠤ ᠲᠠᠪᠴᠠᠩ ᠤᠨ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠨ᠂ ᠲᠣᠰ ᠭᠠᠵᠠᠷ ᠣᠷᠣᠨ ᠤ ᠬᠤᠪᠢ ᠶᠢᠨ ᠵᠠᠭᠤᠴᠢᠯᠠᠭᠤᠷ ᠲᠡᠭᠡᠷ᠎ᠡ ᠪᠠᠷᠠᠭ᠎ᠠ ᠤᠷᠤᠯᠠᠨ ᠬᠤᠳᠠᠯᠳᠤᠬᠤ ᠭᠠᠷᠮᠠᠭᠠᠢ ᠬᠥᠮᠥᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠰᠢᠭᠤᠳ ᠨᠡᠪᠳᠡᠷᠡᠬᠦᠯᠬᠡ ᠬᠢᠵᠦ ᠪᠠᠷᠠᠭ᠎ᠠ ᠤᠷᠤᠯᠠᠨ ᠬᠤᠳᠠᠯᠳᠤᠬᠤ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠵᠡᠷᠭᠡ ︽ᠰᠦᠯᠵᠢᠶᠡᠨ ᠤᠳᠤ︾᠎ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠵᠤ᠂ ᠬᠤᠰᠢᠭᠤᠨ ᠤ ᠭᠡᠪᠴᠢᠶᠠᠨ ᠎ ᠳᠠᠬᠢ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠳᠤ ᠦᠷᠭᠦᠯᠵᠢᠯᠡᠨ ᠲᠠᠪᠴᠠᠩ ᠪᠠᠶᠢᠭᠤᠯᠤᠨ ᠦᠭᠴᠦ᠂ ᠦᠢᠯᠡᠴᠢᠯᠡᠭᠡ ᠬᠠᠩᠭᠠᠨ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠭᠡᠮᠵᠢᠶ᠎ᠠ ᠶᠢ 6.4 ᠳ᠋ᠦᠩᠰᠢᠭᠤᠷ ᠲᠦᠬᠦᠷᠢᠭ ᠠᠴᠠ ᠲᠠᠪᠠᠭᠤᠯᠵᠦ᠂ 2.4%᠎ ᠪᠠᠷ ᠨᠡᠮᠡᠭᠳᠡᠬᠦᠯᠦᠨ᠎ᠡ᠃ ︵ᠭᠤᠷᠪᠡ︶ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠣᠷᠴᠢᠨ ᠲᠤᠭᠤᠷᠢᠨ ᠤ ᠶᠠᠰᠤ ᠴᠢᠨᠠᠷ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠨᠢᠭᠡ ᠳᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠡᠰᠡᠨ ᠰᠡᠷᠬᠦᠭᠡᠵᠦ ᠢᠯᠠᠯᠳᠠ ᠤᠯᠬᠤ ᠠᠵᠢᠯ ᠢ ᠰᠠᠶᠢᠳᠤᠷ ᠬᠢᠨ᠎ᠡ᠃ ︽ᠭᠤᠣᠯᠳᠠᠯᠭ᠎ᠠ ᠶᠢ ᠳᠣᠪᠤᠶᠢᠯᠭᠠᠬᠤ᠂ ᠪᠦᠬᠦᠯᠢ ᠴᠣᠭᠴᠠ ᠳᠤᠨᠢ ᠲᠦᠯᠬᠢᠨ ᠠᠬᠢᠭᠤᠯᠬᠤ᠂ ᠲᠤᠭᠤᠷᠢᠭ ᠬᠤᠪᠢᠶᠠᠨ ᠵᠠᠰᠠᠬᠤ︾ ᠵᠠᠷᠴᠢᠮ ᠶᠣᠰᠣᠭᠠᠷ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠴᠢᠭᠯᠡᠯ ᠪᠣᠯᠭᠠᠵᠤ᠂ ᠨᠡᠭᠦᠳᠡᠯ ᠡᠯᠡᠰᠦᠷᠬᠡᠭ ᠭᠠᠵᠠᠷ᠂ ᠬᠠᠭᠠᠰ ᠲᠣᠭᠲᠠᠮᠠᠯ ᠡᠯᠡᠰᠦᠷᠬᠡᠭ ᠭᠠᠵᠠᠷ ᠪᠠ ᠳᠤᠮᠳᠠ ᠬᠡᠮᠵᠢᠶᠠᠨ ᠤ ᠪᠡ ᠶᠡᠭᠡ ᠬᠡᠮᠵᠢᠶᠠᠨ ᠤ ᠲᠣᠭᠲᠠᠮᠠᠯ ᠡᠯᠡᠰᠦᠷᠬᠡᠭ ᠭᠠᠵᠠᠷ ᠢᠶᠠᠷ ᠭᠤᠣᠯᠳᠠᠯᠭ᠎ᠠ ᠪᠣᠯᠭᠠᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠡᠰᠡᠭ ᠤᠨ ᠰᠠᠯᠬᠢ ᠡᠯᠡᠰᠦᠨ ᠤ ᠵᠠᠮ ᠢ ᠬᠠᠯᠬᠠᠯᠠᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠪᠡ ᠨᠡᠷᠡᠨ ᠤ ᠡᠨᠧᠷᠬᠢ ᠶᠢᠨ ᠴᠠᠬᠢᠯᠭᠠᠨ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠦᠯᠦᠪᠵᠢᠬᠦᠯᠦᠨ ᠠᠬᠢᠭᠤᠯᠤᠨ᠎ᠠ᠃ ᠤᠳᠤᠷᠢᠳᠬᠤ ᠺᠠᠳ᠋ᠷ ᠤᠨ ᠲᠣᠭᠤᠷᠢᠭ ᠢ ᠲᠠᠭᠠᠭᠠᠴᠢᠯᠠᠬᠤ ᠬᠤᠯᠪᠤᠭᠠᠳᠤ ᠲᠣᠭᠲᠠᠴᠠ ᠶᠢ ᠬᠡᠷᠡᠭᠵᠢᠭᠦᠯᠵᠦ᠂ ᠵᠢᠯ ᠤᠨ ᠲᠤᠳᠤᠷ᠎ᠡ 1 ᠲᠦᠮᠡᠨ ᠮᠤ᠋ ᠲᠠᠯᠠᠪᠠᠢ ᠶᠢᠨ ᠡᠯᠡᠰᠦ ᠶᠢ ᠪᠢᠳᠡᠬᠦᠮᠵᠢᠯᠠᠨ ᠤᠶᠢᠵᠢᠭᠤᠯᠵᠦ᠂ 15 ᠲᠦᠮᠡᠨ ᠮᠧᠲᠷ ᠲᠠᠯᠠᠪᠠᠢ ᠶᠢ ᠬᠦᠷᠢᠶᠠᠯᠠᠨ ᠤᠶᠢᠵᠢᠭᠤᠯᠵᠦ᠂ 105 ᠤᠰᠤᠨ ᠰᠤᠷᠪᠤᠯᠵᠢ ᠶᠢᠨ ᠢᠨᠵᠧᠨᠧᠷᠢᠩ᠂ 7 ᠭᠤᠤ ᠵᠢᠯᠠᠭ᠎ᠠ ᠶᠢᠨ ᠬᠠᠰᠢᠯᠭ᠎ᠠ ᠶᠢᠨ ᠢᠨᠵᠧᠨᠧᠷᠢᠩ ᠢ ᠪᠠᠶᠠᠯᠠᠬᠦᠯᠤᠨ᠎ᠠ᠃ ᠬᠦᠳᠡᠯᠮᠤᠷᠢ ᠪᠠᠷ ᠲᠡᠳᠬᠦᠮᠵᠢ ᠶᠢ ᠤᠷᠤᠯᠠᠭᠤᠯᠬᠤ᠂ ᠱᠠᠩᠨᠠᠯ ᠢᠶᠠᠷ ᠨᠦᠬᠦᠪᠤᠷᠢ ᠶᠢ ᠤᠷᠤᠯᠠᠭᠤᠯᠬᠤ᠂ ᠤᠷᠢᠳᠡᠪᠡᠷ ᠪᠠᠶᠢᠭᠤᠯᠤᠨ ᠲᠠᠷᠠᠭ᠎ᠠ ᠨᠢ ᠨᠦᠬᠦᠪᠤᠷᠢᠯᠡᠬᠦ ᠵᠡᠷᠭᠡ ᠲᠤᠭᠳᠠᠴᠠ ᠪᠠᠷ᠂ ᠮᠠᠯᠴᠢᠨ ᠲᠠᠷᠢᠶᠠᠴᠢᠳ ᠵᠢᠴᠢ ᠬᠤᠷᠰᠢᠶᠠᠵᠢᠯ ᠢ ᠲᠠᠶᠢᠴᠢᠯᠠᠨ ᠡᠯᠡᠰᠦ ᠶᠢ ᠵᠠᠰᠠᠬᠤ ᠠᠵᠢᠯ ᠳᠤ ᠢᠳᠡᠪᠬᠢᠳᠡᠢ ᠤᠷᠤᠯᠴᠠᠭᠤᠯᠵᠦ᠂ ᠡᠯᠡᠰᠤ ᠶᠢ ᠵᠠᠰᠠᠬᠤ ᠪᠡ ᠪᠡᠶᠠᠵᠢᠨ ᠴᠢᠨᠡᠭᠡᠯᠢᠭᠵᠢᠬᠦ ︽ᠬᠤᠤᠰ ᠢᠯᠠᠯᠳᠠ︾᠎ ᠶᠢ ᠪᠡᠶᠡᠯᠡᠬᠦᠯᠦᠨ᠎ᠡ᠃ ᠨᠡᠷᠡᠨ ᠤ ᠡᠨᠧᠷᠬᠢ ᠎ ᠪᠠᠷ ᠡᠯᠡᠰᠦ ᠶᠢ ᠵᠠᠰᠠᠬᠤ ᠠᠵᠢᠯ ᠢ ᠡᠷᠳᠡᠭᠡᠨ ᠡᠬᠢᠯᠡᠬᠦᠯᠵᠦ᠂ ᠡᠷᠳᠡᠭᠡᠨ ᠰᠤᠳᠤᠯᠵᠦ᠂ ᠡᠷᠳᠡᠭᠡᠨ ᠪᠠᠶᠢᠷᠢᠯᠠᠭᠤᠯᠵᠦ᠂ ᠨᠡᠷᠨᠨ ᠤ ᠡᠨᠧᠷᠬᠢ ᠪᠠᠷ ᠡᠯᠡᠰᠦ ᠶᠢ ᠵᠠᠰᠠᠬᠤ ᠲᠥᠰᠥᠯ ᠢ ᠴᠢᠨᠠᠷᠯᠢᠭ ᠨᠠᠶᠢᠷᠠᠭᠤᠯᠤᠨ ᠵᠣᠬᠢᠶᠠᠵᠤ᠂ ᠳᠡᠭᠡᠳᠦ ᠱᠠᠲᠤᠨ ᠎ ᠠᠴᠠ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ ᠬᠠᠮᠤᠭ ᠤᠨ ᠶᠡᠭᠡ ᠬᠠᠷᠠᠭᠠᠯᠵᠠᠯ ᠦᠵᠡᠭᠦᠯᠬᠦ ᠶᠢ ᠭᠤᠶᠤᠴᠢᠯᠠᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠱᠠᠩᠨᠠᠯ ᠨᠦᠬᠦᠪᠤᠷᠢ ᠶᠢᠨ ᠪᠡᠯᠡ ᠮᠥᠩᠭᠦ ᠣᠯᠭᠤᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢ ᠭᠦᠢᠴᠡᠳᠬᠡᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠵᠦ᠂ 7 ᠰᠤᠮᠤ ᠪᠠᠯᠭᠠᠰᠤᠨ ᠤ ᠭᠡᠷᠡᠭᠵᠢᠬᠦᠯᠵᠦ ᠪᠠᠶᠢᠭ᠎ᠠ ᠪᠠᠶᠢᠳᠠᠯ ᠢ ᠦᠨᠳᠤᠰᠤᠯᠠᠨ ᠳ᠋ᠤᠭᠠᠷᠯᠠᠨ ᠵᠢᠭᠰᠠᠭᠠᠨ᠎ᠠ᠃ ᠬᠠᠤᠯᠢ ᠬᠡᠷᠡᠭᠵᠢᠭᠦᠯᠬᠦ ᠡᠩᠨᠡᠭᠡ ᠪᠣᠯᠣᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠤᠶᠢᠰᠢᠳᠠ ᠶᠢᠨ 5 — 10 ᠵᠢᠯ ᠤᠨ ᠪᠦᠭᠦ ᠬᠤᠰᠢᠭᠤᠨ ᠤ ᠳᠦᠷᠦᠯ ᠵᠦᠢᠯ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠳᠠ ᠪᠠ ᠭᠠᠵᠠᠷ ᠭᠡᠷᠡᠭᠯᠡᠬᠦ ᠬᠡᠷᠡᠭᠴᠡᠭᠡ ᠶᠢ ᠨᠢᠭᠡᠳᠦᠯᠲᠡᠢ ᠲᠦᠯᠦᠪᠵᠢᠬᠦᠯᠦᠨ ᠪᠣᠳᠣᠯᠬᠢᠯᠠᠵᠤ᠂ ᠦᠨᠳᠦᠰᠦᠨ ᠨᠤᠲᠤᠭ ᠪᠡᠯᠴᠢᠭᠡᠷ ᠲᠤ ᠭᠡᠷᠡᠭᠯᠡᠬᠦ ᠭᠠᠵᠠᠷ ᠢ ᠰᠢᠯᠵᠢᠭᠦᠯᠦᠨ ᠭᠠᠷᠭᠠᠬᠤ ᠶᠢᠨ ᠬᠠᠮᠲᠤ ᠰᠣᠯᠢᠬᠤ ᠠᠵᠢᠯ ᠢ ᠪᠠᠶᠡᠯᠡᠬᠦᠯᠦᠭᠰᠡᠨ ᠪᠠᠶᠢᠳᠠᠯ ᠢ ᠲᠦᠷᠭᠡᠭᠡᠨ ᠤᠶᠢᠯᠠᠭᠠᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠠᠵᠤ ᠠᠬᠤᠢ ᠶᠢᠨ ᠦᠷᠬᠦᠯᠵᠢᠯᠡᠬᠦᠶᠢᠴᠠ ᠬᠥᠭᠵᠢᠯᠲᠡ ᠶᠢᠨ ︽ᠬᠤᠤᠰ ᠢᠯᠠᠯᠳᠠ︾᠎ ᠶᠢ ᠠᠬᠢᠭᠤᠯᠤᠨ᠎ᠠ᠃ ᠬᠤᠶᠠᠷ ᠲᠤ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠠᠵᠢᠯ ᠢ ᠬᠦᠨᠵᠡᠬᠡᠢ ᠰᠠᠶᠢᠳᠣᠷ ᠬᠢᠨ᠎ᠡ᠃ᠠᠭᠤᠯᠠ ᠤᠰᠤ ᠤᠢ ᠮᠤᠳᠤ ᠭᠠᠵᠡᠷ ᠲᠠᠷᠢᠶ᠎ᠠ ᠨᠠᠭᠤᠷ ᠴᠦᠬᠦᠷᠤᠮ ᠨᠤᠳᠤᠭ ᠪᠡᠯᠴᠢᠬᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠯᠤᠰ ᠤᠨ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢᠨ  ᠲᠤᠰᠬᠠᠭᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠠᠵᠢᠯ ᠢ ᠰᠠᠶᠢᠳᠤᠷ ᠠᠬᠢᠭᠤᠯᠵᠤ᠂ ᠦᠯᠡᠳᠡᠭᠰᠡᠨ 5 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠤᠭᠳᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ᠂ ᠥᠩᠭᠡᠷᠡᠭᠰᠡᠨ ᠵᠢᠯ ᠤᠳ ᠲᠤ ᠨᠢᠭᠡᠨᠲᠡ ᠪᠡᠶᠡᠯᠡᠭᠦᠯᠦᠭᠰᠡᠨ ᠵᠠᠰᠠᠨ ᠰᠠᠶᠢᠵᠢᠷᠠᠭᠤᠯᠤᠭᠰᠠᠨ ᠠᠰᠠᠭᠤᠳᠠᠯ ᠢ ︽ᠲᠠᠬᠢᠨ ᠪᠠᠶᠢᠴᠠᠭᠠᠵᠦ︾᠂ ᠲᠠᠩᠰᠠ ᠡᠪᠬᠡᠮᠡᠯ ᠤᠨ ᠭᠡᠷᠡᠴᠢ ᠮᠡᠲ᠋ᠧᠷᠢᠶᠠᠯ ᠢ ᠪᠦᠷᠢᠨᠰᠢᠬᠦᠯᠵᠦ᠂ ᠰᠢᠨ᠎ᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢ ᠤᠭᠲᠤᠬᠤ ᠠᠵᠢᠯ ᠳᠤ ᠭᠦᠢᠴᠡᠳ ᠪᠡᠯᠡᠳᠬᠡᠯ ᠬᠢᠨ᠎ᠡ᠃ ᠲᠥᠪᠯᠡᠷᠡᠩᠭᠦᠢ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠰᠡᠯᠪᠢᠨ ᠵᠠᠰᠠᠵᠤ ᠥᠭᠡᠷᠡᠴᠢᠯᠡᠬᠦ ᠪᠠ ᠨᠡᠶᠢᠬᠡᠮᠴᠢᠯᠡᠭᠰᠡᠨ ᠡᠵᠡᠩᠨᠡᠯᠳᠡ ᠶᠢ ᠠᠬᠢᠭᠤᠯᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠲᠣᠭᠲᠠᠭᠤᠨ ᠪᠥᠭᠡᠳ ᠪᠡᠷᠢᠮᠵᠢᠶᠠᠨ ᠳᠤ ᠬᠦᠷᠬᠦ ᠶᠢ ᠪᠠᠳᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠤᠨ ᠡᠬᠢ ᠡᠬᠦᠰᠦᠯ ᠢ ᠡᠵᠡᠮᠳᠡᠬᠦ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠬᠥᠷᠥᠰᠥ ᠰᠢᠷᠣᠢ ᠶᠢᠨ ᠪᠣᠬᠢᠷᠲᠤᠯ ᠢ ᠵᠠᠰᠠᠬᠤ ᠠᠵᠢᠯ ᠢ ᠲᠤᠪᠤᠶᠢᠯᠭᠠᠵᠤ᠂ ᠬᠥᠷᠥᠰᠥ ᠰᠢᠷᠣᠢ ᠶᠢᠨ ᠣᠷᠴᠢᠨ ᠲᠤᠭᠤᠷᠢᠨ ᠤ ᠠᠮᠤᠷ ᠲᠦᠪᠰᠢᠨ ᠢ ᠪᠠᠳᠤᠯᠠᠨ᠎ᠠ ᠃ ᠭᠤᠷᠪᠡ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠭᠠᠮᠨᠠᠬᠤ᠂ ᠪᠣᠬᠢᠷᠳᠣᠯ ᠦᠭᠡᠢ ᠲᠣᠣᠷ᠎ᠠ ᠨᠡᠭᠦᠷᠡᠰᠦᠳᠦ᠋ᠷᠦᠭᠴᠢᠳᠦ ᠬᠦᠭᠵᠢᠯᠳᠡ ᠶᠢ ᠪᠠᠷᠢᠮᠳᠠᠯᠠᠵᠣ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠣᠯᠳᠠ ᠎ ᠶᠢᠨ ᠣᠷᠬᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠪᠠᠶᠢᠭᠤᠯᠣᠯᠳᠠ ᠶᠢᠨ ᠪᠦᠬᠦᠯᠢ ᠴᠣᠭᠴᠠ ᠶᠢᠨ ᠪᠠᠶᠢᠷᠢᠰᠢᠯᠡᠭᠤᠯᠣᠯᠳᠠ ᠳᠤ ᠣᠷᠣᠭᠤᠯᠵᠣ᠂ ᠡᠬᠢ ᠪᠠᠶᠠᠯᠢᠭ ᠢ ᠦᠨᠳᠦᠷ ᠦᠷ᠎ᠡ ᠪᠦᠲᠦᠮᠵᠢᠳᠠᠢ ᠠᠰᠢᠭᠯᠠᠬᠤ ᠰᠢᠨ᠎ᠡ ᠬᠡᠪ ᠪᠠᠶᠢᠳᠠᠯ ᠢ ᠡᠭᠦᠳᠦᠨ᠎ᠡ᠃ ᠪᠥᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠰᠥᠯ ᠲᠠᠢ ᠪᠠᠶᠢᠬᠤ︾ ᠪᠤᠬᠢᠷᠳᠤᠯ ᠦᠬᠡᠢ ᠴᠠᠬᠢᠯᠭᠠᠨ ᠢ ᠬᠡᠷᠡᠭᠯᠡᠬᠦ ᠶᠢ ᠵᠣᠷᠢᠭᠵᠢᠭᠤᠯᠵᠤ᠂ ᠠᠴᠢᠶᠠᠯᠠᠬᠤ ᠴᠢᠳᠠᠪᠤᠷᠢ ᠶᠢ ᠲᠣᠬᠢᠷᠠᠭᠤᠯᠬᠤ ᠳᠠᠯᠳᠠ ᠬᠦᠴᠦᠨ ᠢ ᠠᠭᠤᠳᠠᠯᠠᠨ᠂ ᠬᠠᠳᠠᠭᠠᠯᠠᠵᠤ ᠪᠠᠶᠢᠭ᠎ᠠ ᠡᠨᠧᠷᠭᠢ ᠠᠴᠢᠶᠠᠯᠠᠬᠤ ᠲᠥᠷᠥᠯ ᠵᠦᠢᠯ ᠢ ᠪᠤᠬᠢᠷᠳᠤᠯ ᠦᠬᠡᠢ ᠴᠠᠬᠢᠯᠭᠠᠨ ᠢᠶᠠᠷ ᠣᠷᠣᠯᠠᠭᠤᠯᠬᠤ ᠶᠢ ᠥᠷᠨᠢᠭᠦᠯᠦᠨ᠎ᠡ᠃ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠣᠯᠠᠨ ᠲᠠᠯᠠᠲᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠪᠡᠶ᠎ᠡ ᠪᠠᠨ ᠳᠠᠭᠠᠭᠠᠨ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢ ᠭᠦᠢᠴᠡᠳ ᠲᠤᠭ᠎ᠠ ᠪᠠᠷ ᠠᠷᠠᠯᠵᠢᠶᠠᠯᠠᠵᠤ᠂ ᠰᠢᠨ᠎ᠡ ᠡᠨᠧᠷᠭᠢ ᠶᠢᠨ ᠠᠷᠠᠯᠵᠢᠶᠠᠨ ᠤ ᠬᠠᠷᠢᠴᠠᠯ ᠢ ᠨᠡᠮᠡᠭᠳᠡᠬᠦᠯᠵᠦ᠂ ᠣᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠳᠦ᠋ᠷᠦᠭᠴᠢ ᠶᠢ ᠰᠢᠩᠭᠡᠭᠡᠬᠦ ᠲᠦᠷᠦᠯ ᠵᠦᠢᠯ ᠢ ᠨᠡᠭᠡᠭᠡᠨ ᠬᠦᠭᠵᠢᠭᠦᠯᠬᠦ ᠶᠢ ᠢᠳᠡᠪᠬᠢᠳᠠᠢ ᠰᠦᠪᠡᠭᠴᠢᠯᠡᠨ ᠦᠷᠨᠢᠭᠦᠯᠵᠦ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠮᠠᠨ ᠤ ᠬᠤᠰᠢᠭᠤᠨ ᠳᠤ ᠨᠡᠭᠦᠷᠡᠰᠦᠲᠥ᠋ᠷᠥᠭᠴᠢ ᠶᠢ ᠰᠢᠩᠭᠡᠭᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠤᠷᠢᠳᠠᠪᠠᠷ ᠭᠡᠷᠡᠭᠵᠢᠬᠦᠯᠬᠦ ᠶᠢ ᠠᠬᠢᠭᠤᠯᠵᠤ᠂ ︽ᠪᠠᠷᠠᠭᠤᠨ ᠰᠦᠨᠢᠳ ᠤᠨ ᠦᠯᠢᠬᠡᠷ ᠲᠠᠭᠤᠷᠢᠶᠠᠯ︾᠎ ᠢ ᠡᠬᠦᠳᠤᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠪᠣᠬᠢᠷᠲᠤᠯ ᠦᠭᠡᠢ ᠥᠭᠡᠷᠡᠴᠢᠯᠡᠯᠲᠡ ᠶᠢ ᠠᠬᠢᠭᠤᠯᠵᠤ᠂ ᠰᠦᠨᠢᠳ ᠲᠡᠮᠡᠭᠡᠨ ᠤ ᠦᠢᠯᠡᠰ ᠤᠨ ᠺᠤᠮᠫᠠᠨᠢ᠂ ᠮᠧᠩ ᠭᠥᠸᠧ ᠯᠧ ᠮᠢᠬᠠᠨ ᠤ ᠦᠢᠯᠡᠰ ᠢ ᠬᠠᠪᠰᠤᠷᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠬᠡᠢ ᠦᠢᠯᠡᠳᠪᠤᠷᠢ ᠪᠠᠷ ᠢᠳᠡᠪᠬᠢᠳᠡᠢ ᠭᠤᠶᠤᠴᠢᠯᠠᠨ ᠮᠡᠳᠡᠬᠦᠯᠵᠦ᠂ ᠰᠦᠨᠢᠳ ᠬᠤᠵᠢᠷ ᠤᠨ ᠦᠢᠯᠡᠰ ᠤᠨ ᠺᠤᠮᠫᠠᠨᠢ ᠶᠢ ᠤᠰᠤ ᠠᠷᠪᠢᠯᠠᠬᠤ ᠭᠡᠯᠪᠡᠷᠢ ᠶᠢᠨ ᠠᠵᠦ ᠠᠬᠤᠶᠢᠯᠠᠯ ᠢᠶᠠᠷ ᠭᠤᠶᠤᠴᠢᠯᠠᠨ ᠮᠡᠳᠡᠬᠦᠯᠬᠦ ᠠᠵᠢᠯ ᠎ ᠢ ᠰᠠᠶᠢᠳᠤᠷ ᠬᠢᠨ᠎ᠡ᠃ ︽ᠲᠠᠪᠤ ᠶᠢ ᠲᠣᠶᠢᠯᠪᠣᠷᠢᠳᠠᠢ ᠪᠠᠶᠢᠴᠠᠭᠠᠬᠤ ᠠᠵᠢᠯᠯᠠᠭ᠎ᠠ︾᠎ ᠶᠢᠨ ᠴᠡᠭᠴᠡᠯᠡᠨ ᠵᠠᠰᠠᠭᠰᠠᠨ ᠦᠷ᠎ᠡ ᠪᠦᠳᠦᠭᠡᠯ ᠢ ᠦᠷᠭᠦᠯᠵᠢᠯᠡᠨ ᠪᠠᠳᠣᠳᠬᠠᠵᠣ᠂ ᠳᠡᠭᠡᠳᠦ ᠱᠠᠲᠤᠨ ᠠᠴᠠ ᠪᠠᠭᠤᠯᠭᠠᠭᠰᠠᠨ ᠵᠥᠪᠰᠢᠶᠡᠷᠡᠭᠰᠡᠨ ᠪᠣᠯᠪᠠᠴᠤ  ᠬᠠᠩᠭᠠᠭᠠᠳᠤᠢ ᠭᠠᠵᠠᠷ ᠰᠢᠷᠣᠢ ᠶᠢ ᠠᠮᠢᠳᠤᠯᠢᠭ ᠢᠶᠠᠷ ᠠᠰᠢᠭᠯᠠᠬᠤ ᠪᠠ ᠰᠤᠯᠠ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠡᠭᠦᠷᠭᠡ ᠶᠢ ᠰᠠᠶᠢᠲᠤᠷ ᠪᠠᠶᠠᠯᠠᠬᠦᠯᠦᠨ᠎ᠡ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠨᠢᠭᠡᠨᠲᠡ ᠬᠠᠶᠢᠨ ᠲᠣᠳᠣᠯᠠᠭᠰᠠᠨ ᠬᠠᠳᠠᠭᠠᠯᠠᠭᠳᠠᠴᠠ ᠲᠠᠢ ᠠᠯᠲᠠᠨ ᠤ ᠠᠭᠤᠷᠬᠠᠢ᠂ ᠨᠡᠭᠦᠷᠡᠰᠦᠨ ᠤ ᠠᠭᠤᠷᠬᠠᠢ᠂ ᠬᠠᠶᠢᠯᠤᠭᠤᠷ ᠵᠤᠩᠰᠢ ᠶᠢᠨ ᠠᠭᠤᠷᠬᠠᠢ ᠵᠡᠷᠭᠡ ᠳᠤ ᠬᠦᠴᠢᠷ ᠪᠡᠷᠬᠡᠰᠢᠶᠡᠯ ᠢ ᠢᠯᠠᠨ ᠲᠠᠪᠠᠨ ᠪᠠᠶᠢᠵᠦ ᠬᠠᠶᠢᠨ ᠰᠢᠨᠵᠢᠯᠡᠵᠦ ᠰᠢᠯᠵᠢᠭᠦᠯᠦᠨ ᠮᠠᠯᠲᠠᠬᠤ ᠭᠠᠷᠳᠠᠮ ᠢ ᠳᠠᠷᠤᠢ ᠲᠦᠷᠭᠡᠨ ᠬᠦᠢᠴᠡᠳᠭᠡᠨ ᠦᠭᠴᠦ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠳᠡᠭᠡᠳᠦ ᠱᠠᠲᠤᠨ ᠤ ᠡᠨᠧᠷᠭᠢ ᠶᠢᠨ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠳᠡᠢ ᠭᠤᠶᠤᠴᠢᠯᠠᠨ ᠤᠯᠵᠦ᠂ ᠰᠠᠶᠢᠬᠠᠠᠭᠤᠪᠢ ᠨᠡᠬᠦᠷᠡᠰᠤᠨ ᠤ ᠠᠭᠤᠷᠬᠠᠢ ᠶᠢ ᠨᠡᠭᠡᠭᠡᠨ ᠮᠠᠯᠳᠠᠬᠤ ᠡᠮᠤᠨᠡᠬᠢ ᠬᠤᠭᠤᠴᠠᠭᠠᠨ ᠤ ᠭᠠᠷᠳᠠᠮ ᠢ ᠬᠦᠢᠴᠡᠳᠭᠡᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠨᠡᠭᠡᠭᠡᠨ ᠮᠠᠯᠳᠠᠬᠤ ᠲᠦᠯᠦᠪᠯᠡᠭᠡ ᠳᠤ ᠡᠷᠳᠡᠭᠡᠨ ᠤᠷᠤᠭᠤᠯᠬᠤ ᠪᠠᠷ ᠴᠢᠷᠮᠡᠶᠢᠨ᠎ᠡ᠃ ᠨᠡᠭᠦᠷᠡᠰᠦᠨ ᠤ ᠪᠤᠰᠤ ᠠᠭᠤᠷᠬᠠᠢ ᠪᠠᠷ ᠭᠤᠣᠯᠳᠠᠯᠭ᠎ᠠ ᠪᠣᠯᠭᠠᠨ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠰᠢᠯᠢᠳᠡᠭ ᠨᠡᠷᠡᠰ ᠤᠨ ᠵᠢᠭᠰᠠᠭᠠᠯᠲᠠ ᠶᠢᠨ ᠪᠡᠷᠢᠮᠵᠢᠶᠠᠨ ᠳᠤ ᠬᠦᠷᠭᠡᠨ ᠡᠭᠦᠳᠦᠨ ᠪᠠᠶᠢᠭᠤᠯᠬᠤ ᠠᠵᠢᠯ ᠢ ᠬᠠᠮᠵᠢᠯᠴᠠᠨ ᠠᠬᠢᠭᠤᠯᠤᠨ᠎ᠠ᠃      ︵ᠲᠦᠷᠪᠡ︶ ᠣᠷᠣᠨ ᠪᠦᠰᠡ ᠶᠢᠨ ᠬᠠᠮᠵᠢᠯᠴᠠᠭ᠎ᠠ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠥᠭᠵᠢᠯᠲᠡ ᠶᠢᠨ ᠰᠢᠨ᠎ᠡ ᠲᠦᠷᠢ ᠲᠦᠷᠬᠦ ᠶᠢ ᠪᠤᠢ ᠪᠣᠯᠭᠠᠨ᠎ᠠ᠃ ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠮᠢᠩᠭᠠᠨ ᠲᠦᠮᠡᠨ ᠢᠨᠵᠧᠨᠧᠷᠢᠩ︾᠎ ᠤᠨ ᠲᠤᠷᠰᠢᠯᠭ᠎ᠠ17᠎ ᠶᠢ ᠬᠦᠨᠵᠡᠬᠡᠢ ᠰᠤᠷᠤᠯᠴᠠᠨ ᠠᠰᠢᠭᠯᠠᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠲᠤᠭᠳᠠᠯᠴᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠲᠦᠬᠦᠭᠡᠷᠤᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ ᠵᠢᠯ ᠤᠨ ᠲᠤᠳᠤᠷ᠎ᠡ ᠡᠯ᠎ᠡ ᠱᠠᠳᠤᠨ ᠤ ᠡᠯ᠎ᠡ ᠲᠦᠷᠦᠯ ᠤᠨ ᠵᠤᠯᠭᠠᠭᠤᠯᠤᠨ ᠬᠠᠪᠰᠤᠷᠤᠨ ᠲᠡᠳᠬᠦᠬᠦ ᠪᠡᠯᠡ ᠮᠦᠩᠬᠦ 1.43 ᠳ᠋ᠦᠩᠰᠢᠭᠤᠷ ᠲᠦᠬᠦᠷᠢᠭ ᠤᠷᠤᠭᠤᠯᠬᠤ ᠪᠠᠷ ᠲᠦᠯᠦᠪᠯᠡᠵᠦ᠂ ᠠᠵᠦ ᠦᠢᠯᠡᠰ ᠤᠨ ᠬᠦᠭᠵᠢᠯᠳᠡ᠂ ᠰᠠᠭᠤᠷᠢ ᠲᠦᠬᠦᠭᠡᠷᠤᠮᠵᠢ ᠵᠡᠷᠭᠡ ᠬᠦᠷᠢᠶ᠎ᠠ ᠴᠡᠷ᠎ᠡ ᠶᠢᠨ 54 ᠲᠦᠷᠦᠯ ᠵᠦᠢᠯ ᠢ ᠭᠡᠷᠡᠭᠵᠢᠬᠦᠯᠦᠨ᠎ᠡ᠃ ︽ᠤᠯᠠᠨ ᠲᠦᠮᠡᠨ ᠬᠠᠨᠤᠮᠵᠢᠳᠡᠢ ᠪᠠᠶᠢᠬᠤ︾᠎ ᠶᠢ ᠴᠢᠩᠭ᠎ᠠ ᠪᠡᠷᠢᠮᠳᠠᠯᠠᠵᠦ᠂ ᠵᠢᠯ ᠤᠨ ᠲᠤᠳᠤᠷ᠎ᠡ ᠰᠢᠨ᠎ᠡ ᠪᠠᠷ 230 ᠵᠤᠷᠯᠤᠩ ᠤᠭᠰᠠᠷᠠᠨ᠎ᠠ᠃ ᠰᠢᠨ᠎ᠡ ᠪᠠᠷ 50 ᠬᠤᠳᠳᠤᠭ ᠮᠠᠯᠳᠠᠵᠣ᠂ 100 ᠡᠷᠦᠬᠡ ᠳᠤ ᠣᠰᠣ ᠲᠡᠳᠡᠨ ᠤᠷᠤᠭᠤᠯᠵᠦ᠂ 681 ᠬᠦᠮᠦᠨ ᠤ ᠤᠰᠤᠨ ᠤ ᠠᠰᠠᠭᠤᠳᠠᠯ ᠢ ᠰᠢᠢᠳᠪᠤᠷᠢᠯᠡᠨ᠎ᠡ᠃ ᠬᠦᠳᠡᠭᠡ ᠲᠣᠰᠬᠤᠨ ᠤ 298 ᠺᠢᠯᠣᠮᠧᠲᠷ ᠤᠨ ᠴᠠᠬᠢᠯᠭᠠᠨ ᠲᠣᠣᠷ ᠢ ᠦᠬᠡᠷᠡᠴᠢᠯᠠᠨ ᠲᠡᠰ ᠲᠡᠪᠰᠢᠬᠦᠯᠵᠦ᠂ ᠰᠢᠨ᠎ᠡ ᠡᠨᠧᠷᠬᠢ ᠶᠢᠨ ᠴᠠᠬᠢᠯᠭᠠᠨ ᠢ 228 ᠺᠢᠯᠣᠮᠧᠲᠷ ᠨᠡᠪᠳᠡᠷᠡᠭᠦᠯᠵᠦ᠂ 260 ᠮᠠᠯᠵᠢᠬᠤ ᠡᠷᠦᠬᠡ ᠶᠢᠨ ᠴᠠᠬᠢᠯᠭᠠᠨ ᠤ ᠭᠡᠷᠡᠭᠴᠡᠭᠡ ᠶᠢ ᠬᠠᠩᠭᠠᠨ᠎ᠠ᠃ 5G ᠴᠢᠮᠡᠭᠡ ᠬᠤᠯᠪᠣᠭᠠᠨ ᠤ 30 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠣ᠂ ᠪᠤᠶᠢᠳᠠ ᠪᠦᠭᠯᠡᠬᠦᠦ ᠭᠠᠵᠡᠷ ᠤᠷᠤᠨ ᠤ ᠴᠢᠮᠡᠭᠡ ᠨᠡᠪᠳᠡᠷᠡᠯᠬᠡ ᠶᠢᠨ ᠲᠤᠬᠢᠶ᠎ᠠ ᠠᠨᠠᠢ ᠪᠠᠶᠢᠳᠠᠯ ᠢ ᠲᠠᠰᠤᠷᠠᠯᠳᠠ ᠶᠢ ᠰᠠᠶᠢᠵᠢᠷᠠᠭᠤᠯᠤᠨ᠎ᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡᠨ ᠤ ᠬᠦᠮᠦᠨ ᠤ ᠲᠤᠭ᠎ᠠ ᠶᠢ ᠨᠡᠮᠡᠭᠳᠡᠬᠦᠯᠦᠨ ᠦᠢᠯᠡᠴᠢᠯᠠᠭᠡᠨ ᠤ ᠶᠠᠰᠤ ᠴᠢᠨᠠᠷ ᠢ ᠲᠡᠭᠡᠭᠰᠢᠯᠡᠬᠦᠯᠵᠦ᠂ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠨᠢ ᠮᠠᠯ ᠤᠨ ᠡᠬᠦᠯᠳᠡᠷ ᠎ ᠢ ᠰᠠᠶᠢᠵᠢᠷᠠᠭᠤᠯᠬᠤ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠵᠠᠬᠢᠶᠠᠯᠠᠭ᠎ᠠ ᠶᠢᠨ ᠮᠠᠯ ᠠᠵᠤ ᠠᠬᠤᠢ᠂ ᠡᠳ᠋ᠰᠢᠭᠦᠯᠵᠦ ᠪᠣᠯᠪᠠᠰᠤᠷᠠᠭᠤᠯᠬᠤ ᠪᠠᠷᠠᠭᠠᠨ ᠤ ᠭᠦᠢᠯᠭᠡᠭᠡ᠂ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠨᠠᠩ ᠤᠯᠠᠨ ᠡᠳ᠋ᠯᠡᠭᠦᠯᠦᠨ᠎ᠡ᠃ ︽ᠨᠠᠮ ᠵᠠᠰᠠᠭ ᠬᠠᠷᠢᠯᠴᠠᠨ ᠰᠤᠷᠪᠤᠯᠵᠢᠯᠠᠬᠤ᠂ ᠴᠢᠳᠠᠪᠤᠷᠢᠲᠠᠨ ᠢ ᠬᠠᠷᠢᠯᠴᠠᠨ ᠲᠣᠮᠢᠯᠠᠬᠤ᠂ ᠠᠵᠤ ᠠᠬᠤᠶᠢᠯᠠᠯ ᠬᠠᠷᠢᠯᠴᠠᠨ ᠬᠥᠳᠡᠯᠦᠯᠴᠡᠬᠦ᠂ ᠬᠡᠷᠡᠭᠯᠡᠭᠡ ᠪᠠᠷ ᠬᠠᠮᠵᠢᠯᠴᠠᠬᠤ᠂ ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ︾ ᠵᠡᠷᠭᠡ ᠲᠠᠯ᠎ᠠ ᠪᠠᠷ ᠠᠵᠤ ᠠᠬᠤᠢ ᠶᠢᠨ ᠨᠡᠭᠡᠭᠡᠯᠳᠡ ᠶᠢᠨ ᠣᠷᠣᠨ ᠪᠠ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠯᠦᠭᠡ ᠶᠢᠨ ᠬᠠᠮᠳᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ᠂ ᠴᠡᠭ ᠲᠣᠭᠲᠠᠭᠠᠨ ᠬᠠᠪᠰᠤᠷᠤᠨ ᠲᠡᠳᠬᠦᠬᠦ ᠰᠢᠨ᠎ᠡ ᠨᠡᠶᠢᠳᠡᠯᠢᠭ ᠵᠢᠱᠢᠶ᠎ᠠ ᠶᠢ ᠡᠬᠦᠳᠤᠨ᠎ᠡ᠃ ᠬᠤᠶᠠᠷ ᠲᠤ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠤᠬᠢᠷᠠᠮᠵᠢᠳᠠᠢ ᠤᠷᠴᠢᠨ ᠨᠦᠬᠦᠴᠠᠯ ᠢ ᠪᠦᠷᠢᠯᠳᠤᠬᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠠᠶᠢᠷ᠎ᠡ ᠬᠠᠯᠠᠮᠵᠢ ᠶᠢᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠵᠦ᠂ ᠤᠯᠤᠰ ᠠᠴᠠ ᠬᠤᠲᠠ ᠶᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠪᠡᠯᠡ ᠮᠥᠩᠭᠦ ᠭᠤᠶᠤᠴᠢᠯᠠᠨ ᠣᠯᠬᠤ ᠡᠷᠴᠢᠮ ᠢᠶᠠᠨ ᠴᠢᠩᠭᠠᠷᠠᠭᠤᠯᠤᠨ᠂ ᠢᠯᠴᠢ ᠴᠠᠬᠢᠯᠭᠠᠨ ᠢ ᠬᠠᠮᠳᠤᠷᠠᠨ ᠦᠢᠯᠡᠳᠪᠤᠷᠢᠯᠡᠬᠦ᠂ ᠲᠤᠯᠠᠭᠠᠯᠭ᠎ᠠ ᠬᠠᠩᠭᠠᠬᠤ ᠬᠤᠭᠤᠯᠠᠢ ᠲᠤᠤᠷ ᠢ ᠦᠬᠡᠷᠡᠴᠢᠯᠠᠬᠦ ᠪᠡ ︽ᠡᠪᠤᠯ ᠤᠨ ᠤᠯᠠᠷᠢᠯ ᠤᠨ ᠲᠤᠯᠠᠭᠠᠯᠭ᠎ᠠ ᠶᠢᠨ ᠠᠰᠠᠭᠤᠳᠠᠯ ᠢ ᠵᠤᠨ ᠤ ᠤᠯᠠᠷᠢᠯ ᠳᠤ ᠰᠢᠢᠳᠪᠤᠷᠢᠯᠡᠬᠦ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠭᠡᠷᠡᠭᠵᠢᠬᠦᠯᠵᠦ᠂ ᠤᠯᠠᠨ ᠠᠷᠭ᠎ᠠ ᠵᠡᠮ ᠢᠶᠠᠷ ᠤᠯᠠᠨ ᠲᠦᠮᠡᠨ ᠤ ᠲᠤᠯᠠᠭᠠᠯᠭ᠎ᠠ ᠶᠢᠨ ᠠᠰᠠᠭᠤᠳᠠᠯ ᠢ ᠰᠠᠶᠢᠳᠤᠷ ᠰᠢᠢᠳᠪᠤᠷᠢᠯᠡᠨ᠎ᠡ᠃ ᠵᠢᠯ ᠤᠨ ᠲᠤᠳᠤᠷ᠎ᠡ 12 ᠺᠢᠯᠦᠮᠧᠲᠷ ᠤᠨ ᠲᠤᠯᠠᠭᠠᠯᠭ᠎ᠠ ᠬᠠᠩᠭᠠᠬᠤ ᠬᠤᠭᠤᠯᠠᠢ ᠲᠤᠤᠷ᠂ ᠤᠰᠤ ᠬᠠᠩᠭᠠᠬᠤ ᠬᠤᠭᠤᠯᠠᠢ ᠲᠤᠤᠷ᠂ ᠪᠤᠬᠢᠷ ᠤᠰᠤᠨ ᠤ ᠬᠤᠭᠤᠯᠠᠢ ᠲᠤᠤᠷ ᠢ ᠦᠬᠡᠷᠡᠴᠢᠯᠠᠨ ᠵᠠᠰᠠᠵᠦ᠂ 3 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠦᠬᠡᠷᠡᠴᠢᠯᠠᠨ ᠵᠠᠰᠠᠵᠦ᠂ ᠴᠢᠳᠠᠪᠤᠷᠢᠳᠠᠨ ᠤ ᠨᠠᠶᠢᠳᠠ ᠶᠢᠨ ᠪᠠᠶᠢᠷᠢ 60᠎ ᠶᠢ ᠬᠤᠪᠢᠶᠡᠷᠢᠯᠠᠨ᠎ᠠ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ᠂ ᠬᠤᠭᠤᠯᠠᠨ ᠭᠡᠷ ᠎ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠪᠠ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠤᠨᠤᠯᠵᠢᠨ ᠵᠡᠮ ᠠᠴᠠ ᠳᠤᠮᠳᠠᠳᠤ ᠤᠯᠤᠰ ᠤᠨ ᠶᠧᠦ ᠯᠢᠶᠠᠨ ᠲᠤᠰᠤ ᠨᠡᠮᠡᠬᠦ ᠦᠷᠳᠡᠭᠡ ᠬᠦᠷᠬᠦ ᠵᠠᠮ ᠢ ᠥᠷᠭᠡᠳᠬᠡᠬᠦ ᠢᠨᠵᠧᠨᠧᠷᠢᠩ ᠢ ᠪᠡᠶᠡᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠡᠶᠢᠨ᠎ᠡ᠃ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠨᠳᠡᠯᠡᠨ ᠎ ᠤ ᠡᠲᠡᠭᠡᠳ ᠢ ᠤᠷᠢᠵᠤ ᠬᠤᠲᠠ ᠶᠢᠨ ᠲᠦᠷᠢ ᠲᠦᠷᠬᠦ ᠶᠢ ᠪᠠᠶᠢᠴᠠᠭᠠᠯᠭᠠᠬᠤ ᠠᠵᠢᠯ ᠢ ᠬᠡᠷᠡᠭᠵᠢᠭᠦᠯᠦᠨ᠂ ᠲᠤᠳᠠᠭᠳᠠᠯ ᠢ ᠎ ᠨᠢ ᠵᠠᠰᠠᠵᠦ᠂ ᠮᠠᠭᠤᠳᠠᠬᠤ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠨ᠎ᠡ᠃ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠲᠦᠷᠢ ᠲᠦᠷᠬᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠡᠵᠡᠮᠳᠡᠯ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠡ ᠳᠤ ᠰᠠᠭᠤᠷᠢ ᠲᠦᠬᠦᠭᠡᠷᠤᠮᠵᠢ ᠶᠢᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠪᠠᠶᠠᠨᠰᠢᠯᠢ — ᠡᠷᠢᠶᠠᠠᠨᠠᠭᠤᠷ ᠬᠦᠷᠬᠦ ᠭᠡᠰᠡᠭ ᠢ ᠬᠤᠯᠪᠤᠬᠤ 38 ᠺᠢᠯᠦᠮᠧᠲᠷ ᠤᠨ ᠵᠡᠮ᠂ G511᠎ ᠠᠴᠠ ᠰᠢᠷ᠎ᠡ ᠱᠠᠩᠳᠤ ᠵᠡᠰ ᠤᠨ ᠠᠭᠤᠷᠬᠠᠢ ᠶᠢᠨ ᠺᠤᠮᠫᠠᠨᠢ ᠬᠦᠷᠬᠦ 21 ᠺᠢᠯᠦᠮᠧᠲᠷ ᠎ ᠤᠨ ᠠᠵᠦ ᠦᠢᠯᠡᠰ ᠤᠨ ᠵᠡᠮ ᠢ ᠵᠢᠯ ᠤᠨ ᠲᠤᠳᠤᠷ᠎ᠡ ᠲᠡᠷᠭᠡ ᠨᠡᠪᠳᠡᠷᠡᠬᠦᠯᠬᠦ ᠪᠠᠷ ᠴᠢᠷᠮᠠᠶᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠯᠳᠠ ᠶᠢᠨ 6 ᠲᠥᠷᠥᠯ ᠵᠦᠢᠯ ᠢ ᠢᠳᠡᠪᠬᠢᠳᠡᠢ ᠪᠠᠷ ᠭᠤᠶᠤᠴᠢᠯᠠᠨ ᠣᠯᠵᠤ᠂ ᠮᠠᠯᠵᠢᠬᠤ ᠲᠠᠷᠢᠶᠠᠯᠠᠬᠤ ᠣᠷᠣᠨ ᠤ 100 ᠺᠢᠯᠣᠮᠧᠲᠷ ᠎ ᠤᠨ ᠵᠠᠰᠠᠮᠠᠯ ᠵᠠᠮ ᠢ ᠰᠢᠨ᠎ᠡ ᠪᠠᠷ ᠲᠠᠪᠢᠰᠴᠦ᠂ 110 ᠺᠢᠯᠣᠮᠧᠲᠷ ᠤᠨ ᠵᠡᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠂ 69.8 ᠺᠢᠯᠣᠮᠧᠲᠷ ᠤᠨ ᠵᠡᠮ ᠳᠤ ᠠᠮᠢ ᠨᠠᠰᠤᠨ ᠤ ᠠᠮᠤᠷ ᠲᠦᠪᠰᠢᠨ ᠤ ᠬᠠᠮᠠᠭᠠᠯᠠᠯᠳᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ G209 ᠦᠨᠳᠤᠷ ᠬᠤᠷᠳᠤᠴᠠᠳᠤ ᠵᠠᠰᠠᠮᠠᠯ ᠵᠡᠮ ᠤᠨ ᠰᠦᠨᠢᠳ ᠵᠡᠬᠦᠨ ᠬᠤᠰᠢᠭᠤ ᠎ ᠠᠴᠠ ᠬᠦᠭᠡᠬᠤᠳᠠ ᠬᠦᠷᠬᠦ ᠭᠡᠰᠡᠭ ᠤᠨ ᠮᠡᠨ ᠤ ᠬᠤᠰᠢᠭᠤᠨ ᠤ ᠬᠢᠯᠢ ᠲᠤᠳᠤᠷᠡᠬᠢ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠦ᠂ ᠡᠷᠳᠡᠭᠡᠨ ᠠᠵᠢᠯ ᠡᠬᠢᠯᠡᠬᠦᠯᠦᠨ ᠪᠦᠳᠤᠭᠡᠨ ᠪᠠᠶᠢᠭᠤᠯᠬᠤ ᠪᠠᠷ ᠴᠢᠷᠮᠡᠶᠢᠨ᠎ᠡ᠃       ︵ᠲᠠᠪᠤ︶ ᠥᠭᠡᠷᠡᠴᠢᠯᠡᠯᠲᠡ ᠳᠤ ᠨᠦᠬᠦᠴᠠᠯ ᠪᠦᠷᠢᠯᠳᠤᠬᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠤ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠨᠢᠬᠡ ᠳᠤ ᠦᠬᠡᠷᠡᠴᠢᠯᠠᠯᠳᠠ ᠶᠢ ᠪᠤᠳᠠᠳᠠᠢ ᠬᠦᠨᠵᠡᠬᠡᠶᠢᠷᠡᠬᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠦᠮᠴᠢᠯᠠᠯᠳᠤ ᠠᠵᠦ ᠠᠬᠤᠶᠢᠯᠠᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠦᠨ ᠲᠡᠭᠡᠭᠰᠢᠯᠡᠬᠦᠯᠬᠦ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠪᠠ ᠴᠢᠳᠠᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠴᠡᠭᠴᠡᠯᠡᠬᠦ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠠᠭᠠᠭᠠᠮᠠᠯ ᠤᠨ ᠲᠤᠰᠢᠶᠠᠯ ᠤᠨ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢ ᠨᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠤᠨ ᠰᠢᠨ᠎ᠡ ᠡᠨᠧᠷᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠶᠢᠨ ᠰᠠᠭᠤᠷᠢ ᠲᠥᠬᠦᠭᠡᠷᠦᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ᠃ ᠡᠭᠦᠨ ᠤ ᠬᠠᠮᠲᠤ᠂ ᠤᠯᠤᠰ ᠤᠨ ᠦᠮᠴᠢᠯᠠᠯᠳᠤ ᠡᠳ᠋ ᠬᠥᠷᠥᠩᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠲᠥᠷᠥᠯ ᠤᠨ ᠦᠷ᠎ᠡ ᠠᠰᠢᠭ ᠢᠶᠠᠷ ᠲᠤᠤᠷ᠎ᠡ ᠪᠦᠭᠡᠳ ᠰᠤᠯᠠ ᠪᠠᠶᠢᠭ᠎ᠠ ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠠᠰᠢᠭᠯᠠᠵᠤ᠂ ᠤᠯᠤᠰ ᠤᠨ ᠦᠮᠴᠢᠯᠠᠯᠳᠤ ᠡᠳ᠋ ᠬᠥᠷᠥᠩᠭᠡ ᠶᠢᠨ ᠥᠷᠲᠡᠭ ᠢ ᠪᠠᠳᠤᠯᠠᠨ ᠨᠡᠮᠡᠭᠳᠡᠬᠦᠯᠬᠦ ᠶᠢ ᠪᠡᠶᠡᠯᠡᠬᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠬᠦ ᠬᠦᠴᠦᠨ ᠢᠶᠠᠷ ᠢᠶᠠᠨ ᠲᠡᠳᠬᠦᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ᠂ ᠲᠤᠮᠳᠠ ᠵᠢᠵᠢᠭ ᠠᠵᠦ ᠠᠬᠤᠶᠢᠯᠠᠯ ᠢ ᠭᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠭᠠᠨ ᠲᠡᠰ ᠲᠡᠪᠰᠢᠬᠦᠯᠦᠨ ᠨᠢᠬᠡᠳᠤᠯᠳᠠᠢ ᠬᠠᠮᠢᠶᠠᠷᠤᠯᠳᠠ ᠳᠤ ᠤᠷᠤᠭᠤᠯᠬᠤ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠤ ᠬᠠᠷᠢᠶ᠎ᠠ ᠭᠠᠵᠠᠷ ᠲᠤ ᠳᠠᠩᠰᠠᠯᠠᠭᠤᠯᠬᠤ ᠵᠡᠷᠭᠡ ᠲᠡᠮᠵᠢᠯᠬᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠭᠡᠯᠪᠡᠷᠢ ᠶᠢ ᠬᠤᠪᠢᠷᠠᠭᠤᠯᠤᠨ ᠠᠵᠤ ᠠᠬᠤᠶᠢᠯᠠᠯ ᠪᠤᠯᠭᠠᠬᠤ︾ ︽ᠲᠤᠮᠳᠠ ᠪᠠᠭ᠎ᠠ ᠠᠵᠦ ᠠᠬᠤᠶᠢᠯᠠᠯ ᠤᠨ ᠭᠡᠯᠪᠡᠷᠢ ᠶᠢ ᠨᠢ ᠬᠤᠪᠢᠷᠠᠭᠤᠯᠤᠨ ᠬᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠪᠤᠯᠭᠠᠬᠤ︾᠎ ᠶᠢ ᠢᠳᠡᠪᠬᠢᠲᠡᠢ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠭᠠᠷᠳᠠᠮ ᠭᠦᠢᠴᠡᠳᠬᠡᠬᠦ᠂ ᠪᠡᠯᠡ ᠬᠤᠷᠠᠮᠳᠤᠭᠤᠯᠬᠤ ᠵᠢᠭᠡᠯᠡᠯᠭᠡ᠂ ᠬᠦᠴᠦᠨ ᠵᠦᠢᠯ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠲᠠᠯ᠎ᠠ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠬᠦᠩᠭᠡᠯᠡᠬᠦ ᠲᠥᠷᠥ ᠶᠢᠨ ᠪᠣᠳᠣᠯᠭ᠎ᠠ ᠶᠢ ᠰᠢᠭᠤᠳ ᠬᠦᠷᠳᠡᠭᠡᠬᠦ ᠶᠢ ᠠᠬᠢᠭᠤᠯᠤᠨ᠎ᠠ᠃ ᠬᠤᠶᠠᠷ ᠲᠤ ᠰᠢᠨ᠎ᠡ ᠶᠢ ᠡᠬᠦᠳᠬᠦ ᠠᠵᠢᠯ ᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ︽ᠰᠢᠪᠳᠤᠯᠤᠯᠳᠠ︾᠎ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠤ ᠦᠢᠯᠡᠰ ᠤᠨ ᠲᠥᠪᠯᠡᠷᠡᠭᠦᠯᠦᠨ ᠰᠢᠨ᠎ᠡ ᠶᠢ ᠡᠭᠦᠳᠬᠦ ᠰᠢᠪᠳᠤᠯᠤᠯᠳᠠ ᠶᠢᠨ ᠠᠵᠢᠯ ᠦᠷᠨᠢᠬᠦᠯᠬᠦ ᠶᠢ ᠳᠡᠮᠵᠢᠵᠦ᠂ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠬᠠᠷᠢᠴᠠᠯ ᠢ 20%᠎ ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠹᠧᠩ ᠽᠦᠸᠧ ᠵᠢᠢ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠥᠨᠢᠳ ᠬᠤᠨᠢᠨ ᠤ ᠤᠶᠤᠨᠴᠢ ᠪᠠᠷ ᠡᠭᠦᠯᠳᠡᠷ ᠪᠣᠶᠢᠵᠢᠭᠤᠯᠬᠤ ᠲᠣᠮᠣ ᠳ᠋ᠠᠶᠢᠲ᠋ᠠ ᠶᠢᠨ ᠦᠢᠯᠡᠴᠢᠯᠡᠭᠡ ᠂ ᠰᠢᠨ᠎ᠡ ᠡᠭᠦᠯᠳᠡᠷ ᠤᠨ ᠲᠡᠵᠢᠭᠡᠯ ᠡᠪᠡᠰᠤᠨ ᠤ ᠦᠢᠯᠡᠰ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ︽ᠬᠤᠶᠠᠷ ᠢ ᠲᠡᠬᠢᠨ ᠢᠶᠠᠷ ᠨᠡᠮᠡᠭᠳᠡᠬᠦᠯᠬᠦ︾18 ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠵᠢᠯ ᠤᠨ ᠲᠣᠳᠣᠷ᠎ᠠ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ 2᠎ ᠢ ᠪᠤᠶᠢᠵᠢᠭᠤᠯᠵᠦ᠂ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ 3 ᠲᠤᠮᠳᠠ ᠪᠠᠭ᠎ᠠ ᠠᠵᠦ ᠠᠬᠤᠶᠢᠯᠠᠯ ᠢ ᠦᠨᠡᠯᠡᠨ ︽ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠲᠤᠮᠳᠠ ᠪᠠᠭ᠎ᠠ ᠠᠵᠦ ᠠᠬᠤᠶᠢᠯᠠᠯ ᠤᠨ ᠮᠡᠳᠡᠭᠡ ᠵᠠᠩᠬᠢ ᠎ ᠶᠢᠨ ᠬᠦᠮᠦᠷᠬᠡ︾᠎ ᠳᠤ ᠤᠷᠤᠭᠤᠯᠤᠨ᠎ᠠ᠃ ᠴᠢᠳᠠᠪᠤᠷᠢᠲᠠᠨ ᠢ ᠬᠦᠮᠦᠵᠢᠬᠦᠯᠬᠦ᠂ ᠰᠢᠯᠵᠢᠭᠦᠯᠦᠨ ᠣᠷᠣᠭᠤᠯᠬᠤ᠂ ᠦᠨᠡᠯᠡᠨ ᠤᠷᠮᠠᠰᠢᠭᠤᠯᠬᠤ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠴᠤᠭᠯᠠᠷᠠᠭᠤᠯᠬᠤ ᠰᠠᠭᠤᠷᠢ ᠶᠢ ᠪᠠᠲᠤᠳᠬᠠᠨ᠎ᠠ᠃ ᠭᠤᠷᠪᠠ ᠳᠤ ᠦᠨᠳᠤᠷ ᠲᠦᠪᠰᠢᠨ ᠢᠶᠠᠷ ᠨᠡᠭᠡᠭᠡᠯᠳᠡ ᠬᠢᠬᠦ ᠶᠢ ᠦᠷᠭᠡᠳᠭᠡᠨ᠎ᠡ᠃ ᠴᠢᠯᠦᠬᠡᠳᠤ ᠠᠷᠠᠯᠵᠢᠶᠠᠨ ᠤ ᠲᠤᠭᠤᠷᠢᠭ ᠢ ᠡᠬᠦᠳᠤᠨ ᠪᠠᠶᠢᠭᠤᠯᠬᠤ ᠢᠨᠵᠧᠨᠧᠷᠢᠩ ᠵᠢᠴᠢ ᠲᠤᠮᠳᠠᠳᠤ ᠮᠤᠩᠭᠤᠯ ᠤᠨ ᠠᠮᠢ ᠠᠬᠤᠢ ᠎ ᠶᠢᠨ ᠪᠣᠯᠪᠠᠰᠤᠨ ᠤ ᠪᠦᠳᠤᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠣᠷᠣᠨ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠡᠷᠢᠶᠠᠨ ᠬᠤᠳᠠ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤᠨ ᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠭᠡᠷ᠎ᠡ︾᠎ ᠶᠢᠨ ᠨᠠᠶᠢᠳᠠᠪᠤᠷᠢᠵᠢᠭᠤᠯᠤᠯᠳᠠ ᠶᠢ ᠢᠳᠡᠪᠬᠢᠳᠡᠢ ᠠᠬᠢᠭᠤᠯᠵᠦ᠂ ᠬᠠᠷᠢᠯᠴᠠᠨ ᠬᠦᠳᠡᠯᠤᠯᠴᠠᠵᠦ᠂ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠨ᠂ ᠬᠠᠮᠳᠤᠪᠡᠷ ᠬᠦᠭᠵᠢᠬᠦ ᠶᠢ ᠨᠠᠩ ᠰᠠᠶᠢᠳᠤᠷ ᠪᠠᠶᠠᠯᠠᠬᠦᠯᠵᠦ᠂ ᠰᠢᠯᠢ ᠶᠢᠨ ᠭᠤᠤᠯ ᠤᠨ ᠪᠠᠷᠠᠭᠤᠨ ᠭᠡᠰᠡᠭ ᠤᠨ ᠠᠵᠦ ᠠᠬᠤᠢ ᠶᠢᠨ ᠰᠢᠨ᠎ᠡ ᠨᠡᠮᠡᠭᠳᠡᠯ ᠴᠡᠭ ᠢ ᠡᠬᠦᠳᠬᠦ ᠂ ᠤᠳᠤᠬᠢᠴᠢᠯᠠᠭᠰᠠᠨ ᠰᠢᠯᠢ ᠶᠢᠨ ᠭᠤᠤᠯ ᠤᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠬᠦᠨ᠎ᠡ᠃ ᠵᠢᠨᠢᠩ ᠠᠴᠠ ᠡᠷᠢᠶᠠᠨ ᠬᠤᠳᠠ ᠬᠦᠷᠬᠦ ᠲᠠᠪᠬᠤᠷ ᠵᠡᠮ ᠪᠡ ᠴᠠᠬᠢᠯᠭᠠᠨᠵᠢᠭᠤᠯᠤᠨ ᠦᠬᠡᠷᠡᠴᠢᠯᠠᠬᠦ ᠠᠰᠢᠭᠳᠠᠢ ᠲᠤᠬᠢᠶᠠᠯ ᠢ ᠴᠢᠩᠭ᠎ᠠ ᠡᠵᠡᠮᠳᠡᠵᠦ᠂ ᠮᠡᠨ ᠤ ᠬᠤᠰᠢᠭᠤ ᠨᠢ ᠭᠤᠤᠯ ᠪᠤᠯᠬᠤ ᠵᠡᠮ ᠲᠡᠭᠡᠷ᠎ᠡ ᠪᠠᠶᠢᠭ᠎ᠠ ᠠᠰᠢᠭᠳᠠᠢ ᠨᠦᠬᠦᠴᠠᠯ ᠳᠡᠭᠡᠨ ᠲᠦᠰᠢᠭᠯᠡᠵᠦ᠂ ᠲᠡᠮᠤᠷ ᠵᠡᠮ᠂ ᠵᠠᠰᠠᠮᠠᠯ ᠵᠡᠮ ᠤᠨ ᠪᠠᠷᠠᠭᠠᠨ ᠤ ᠬᠦᠢᠯᠭᠡᠭᠡᠨ ᠤ ᠠᠵᠦ ᠦᠢᠯᠡᠰ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠡᠷᠢᠶᠠᠨ ᠬᠤᠳᠠ ᠶᠢ ᠤᠨᠴᠠᠭᠠᠢ ᠠᠷᠠᠯᠵᠢᠶᠠᠨ ᠤ ᠲᠤᠭᠤᠷᠢᠭ ᠪᠤᠯᠭᠠᠨ ᠪᠦᠳᠤᠭᠡᠨ ᠪᠠᠶᠢᠭᠤᠯᠬᠤ ᠤᠯᠤᠰ ᠤᠨ ᠲᠦᠷᠦ ᠶᠢᠨ ᠪᠤᠳᠤᠯᠭ᠎ᠠ ᠳᠤ ᠮᠡᠨ ᠤ ᠬᠤᠰᠢᠭᠤ ᠪᠠᠨ ᠬᠠᠮᠤᠷᠤᠭᠤᠯᠤᠨ ᠤᠷᠤᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠡᠶᠢᠵᠦ᠂ ᠮᠡᠨ ᠤ ᠬᠤᠰᠢᠭᠤ ᠎ ᠪᠠᠨ ᠡᠳ᠋ ᠪᠠᠷᠠᠭ᠎ᠠ ᠶᠢ ᠲᠦᠪᠯᠡᠷᠡᠬᠦᠯᠦᠨ ᠲᠠᠷᠬᠠᠭᠠᠬᠤ᠂ ᠭᠠᠳᠠᠭᠠᠳᠤ ᠠᠴᠠ ᠤᠷᠤᠭᠤᠯᠤᠭᠰᠠᠨ ᠪᠦᠳᠦᠭᠡᠭᠳᠡᠬᠦᠨ ᠢ ᠪᠤᠯᠪᠠᠰᠤᠷᠠᠭᠤᠯᠬᠤ ᠪᠡ ᠪᠠᠷᠠᠭᠠᠨ ᠤ ᠬᠦᠢᠯᠬᠡᠬᠡᠨ ᠢ ᠲᠤᠬᠢᠷᠠᠭᠤᠯᠤᠨ ᠬᠦᠷᠭᠡᠬᠦ ᠶᠢ ᠬᠦᠯᠢᠶᠠᠨ ᠠᠪᠬᠤ ᠲᠤᠳᠤᠷ᠎ᠠ ᠭᠠᠵᠡᠷ ᠎ ᠤᠨ ᠲᠤᠭᠤᠷᠢᠭ ᠪᠤᠯᠭᠠᠨ ᠪᠦᠳᠤᠭᠡᠨ ᠪᠠᠶᠢᠭᠤᠯᠬᠤ ᠪᠠᠷ ᠴᠢᠷᠮᠡᠶᠢᠨ᠎ᠡ᠃ ᠠᠵᠦ ᠠᠬᠤᠢ ᠶᠢᠨ ᠨᠡᠭᠡᠭᠡᠯᠳᠡ ᠶᠢᠨ ᠤᠷᠤᠨ ᠪᠡ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠠᠪᠰᠤᠷᠤᠨ ᠲᠡᠳᠬᠦᠬᠦ ᠲᠠᠪᠠᠭᠤᠯᠢᠭ ᠢ ᠬᠦᠢᠴᠡᠳ ᠰᠠᠶᠢᠳᠤᠷ ᠠᠰᠢᠭᠯᠠᠵᠦ᠂ ᠱᠠᠨᠳᠦ᠋ᠩ᠂ ᠡᠾᠧᠪᠸᠢ ᠵᠡᠷᠭᠡ ᠭᠠᠵᠡᠷ ᠤᠷᠤᠨ ᠤ ᠬᠠᠮᠳᠤᠷᠠᠯᠴᠠᠭ᠎ᠠ ᠰᠤᠯᠢᠯᠴᠠᠭ᠎ᠠ ᠶᠢ ᠨᠡᠮᠡᠭᠳᠡᠬᠦᠯᠵᠦ᠂ ᠠᠵᠦ ᠦᠢᠯᠡᠰ ᠤᠨ ᠰᠢᠯᠵᠢᠯᠳᠡ ᠶᠢ ᠬᠦᠯᠢᠶᠠᠨ ᠠᠪᠬᠤ᠂ ᠭᠤᠤᠯ ᠪᠤᠯᠬᠤ ᠠᠵᠦ ᠦᠢᠯᠡᠰ ᠤᠨ ᠭᠡᠯᠬᠢᠶ᠎ᠠ ᠶᠢ ᠤᠷᠳᠤᠳᠬᠠᠨ ᠨᠦᠬᠦᠪᠤᠷᠢᠯᠡᠬᠦ᠂ ᠰᠢᠨ᠎ᠡ ᠭᠡᠯᠪᠡᠷᠢ ᠶᠢᠨ ᠠᠵᠦ ᠦᠢᠯᠡᠰ ᠤᠨ ᠰᠦᠷᠦᠭᠵᠢᠯ ᠢ ᠲᠦᠪᠯᠡᠷᠡᠬᠦᠯᠬᠦ᠂ ᠰᠢᠨᠵᠢᠯᠡᠭᠡ ᠮᠡᠷᠭᠡᠵᠢᠯ ᠤᠨ ᠰᠤᠶᠤᠯ ᠤᠨ ᠰᠤᠯᠢᠯᠴᠠᠭ᠎ᠠ ᠶᠢᠨ ᠲᠤᠭᠤᠷᠢᠨ ᠳᠤ ᠲᠤᠮᠤ ᠬᠦᠴᠦᠷᠭᠡᠭ ᠠᠵᠦ ᠠᠬᠤᠶᠢᠯᠠᠯ ᠢ ᠤᠷᠢᠵᠦ᠂ ᠬᠦᠭᠵᠢᠯᠳᠡ ᠶᠢᠨ ᠤᠷᠤᠨ ᠵᠠᠢ ᠶᠢ ᠦᠷᠭᠡᠳᠭᠡᠵᠦ᠂ ᠬᠠᠨᠳᠤᠰᠢ ᠪᠠᠶᠢᠳᠠᠯ ᠢ ᠨᠢ ᠠᠵᠢᠭᠯᠠᠵᠦ᠂ ᠲᠠᠪᠠᠭᠤᠯᠢᠭ ᠢ ᠨᠢ ᠠᠰᠢᠭᠯᠠᠨ ᠰᠠᠶᠢᠳᠤᠷ ᠬᠦᠭᠵᠢᠬᠦᠯᠦᠨ᠎ᠡ᠃       ︵ᠵᠢᠷᠭᠤᠭ᠎ᠠ︶ ᠠᠷᠠᠳ ᠲᠦᠮᠡᠨ ᠢ ᠲᠡᠭᠡᠳᠤᠯᠠᠬᠦ᠂ ᠵᠤᠯ ᠵᠢᠷᠭᠠᠯ ᠢ ᠨᠢ ᠨᠡᠮᠡᠭᠳᠡᠬᠦᠯᠬᠦ ᠶᠢ ᠪᠠᠷᠢᠮᠳᠠᠯᠠᠵᠦ᠂ ᠤᠯᠠᠨ ᠲᠦᠮᠡᠨ ᠤ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠬᠠᠩᠭᠠᠨ᠎ᠠ᠃ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠤᠨ ᠦᠨᠳᠤᠰᠤᠨ ᠠᠮᠢᠳᠤᠷᠠᠯ ᠢ ᠪᠠᠷᠢᠮᠵᠢᠶᠠᠨ ᠳᠤ ᠬᠦᠷᠭᠡᠬᠦ ᠶᠢ ᠠᠬᠢᠭᠤᠯᠬᠤ ᠪᠤᠶᠤ ᠪᠦᠬᠦ ᠤᠯᠤᠰ ᠤᠨ ᠲᠤᠮᠳᠠᠴᠢ ᠬᠢᠷᠢ ᠲᠦᠪᠰᠢᠨ ᠠᠴᠠ ᠲᠠᠪᠠᠭᠤᠯᠬᠤ ᠶᠢ ᠠᠷᠠᠳ ᠤᠨ ᠠᠮᠢᠳᠤᠷᠠᠯ ᠤᠨ ᠠᠵᠢᠯ ᠤᠨ ᠲᠠᠷᠢᠬᠦᠨ ᠴᠢᠬᠤᠯᠠ ᠡᠬᠦᠷᠭᠡ ᠪᠤᠯᠭᠠᠵᠦ᠂ ᠪᠦᠬᠦ ᠤᠯᠤᠰ᠂ ᠪᠦᠬᠦ ᠤᠷᠤᠨ᠂ ᠪᠦᠬᠦ ᠠᠶᠢᠮᠠᠭ ᠲᠠᠬᠢ ᠪᠦᠬᠦ ᠬᠤᠰᠢᠭᠤᠨ ᠤ ᠠᠷᠠᠳ ᠤᠨ ᠦᠨᠳᠤᠰᠤᠨ ᠠᠮᠢᠳᠤᠷᠠᠯ ᠎ ᠤᠨ ᠬᠦᠢᠴᠡᠳᠭᠡᠬᠦ ᠲᠤᠭᠠᠨ ᠤ ᠲᠠᠰ ᠲᠠᠷᠠᠭᠠᠯᠠᠯ ᠪᠡ ᠬᠢᠷᠢ ᠲᠦᠪᠰᠢᠨ ᠢ ᠪᠦᠬᠦ ᠲᠠᠯ᠎ᠠ ᠪᠠᠷ ᠤᠶᠢᠯᠠᠭᠠᠨ᠂ ᠤᠨᠤᠪᠴᠢᠳᠠᠢ ᠡᠵᠡᠮᠰᠢᠵᠦ᠂ ᠬᠠᠷᠠᠭᠠᠯᠵᠠᠯ ᠬᠦᠷᠳᠡᠬᠦ ᠡᠳᠡᠭᠡᠳ᠂ ᠪᠡᠯᠡ ᠮᠦᠩᠬᠦᠨ ᠤ ᠬᠡᠷᠡᠭᠯᠡᠯᠳᠡ᠂ ᠲᠦᠷᠦᠯ ᠵᠦᠢᠯ ᠢ ᠲᠤᠬᠢᠷᠠᠭᠤᠯᠬᠤ ᠵᠡᠷᠭᠡ ᠲᠠᠯ᠎ᠠ ᠪᠠᠷ ᠨᠠᠩ ᠶᠡᠭᠡ ᠬᠦᠴᠦ ᠲᠠᠯᠪᠢᠨ᠎ᠡ᠃ ᠨᠢᠬᠡ ᠳᠤ ᠠᠷᠠᠳ ᠲᠦᠮᠡᠨ ᠤ ᠬᠠᠨᠤᠮᠵᠢᠳᠡᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠤᠰᠤᠨ ᠡᠬᠦᠷᠭᠡ ᠶᠢ ᠨᠠᠶᠢᠳᠠᠪᠤᠷᠢᠵᠢᠭᠤᠯᠵᠦ᠂ ᠰᠠᠭᠤᠷᠢ ᠰᠤᠷᠭᠠᠨ ᠬᠦᠮᠦᠵᠢᠯ ᠪᠡ ᠠᠵᠢᠯ ᠮᠡᠷᠭᠡᠵᠢᠯ ᠤᠨ ᠰᠤᠷᠭᠠᠨ ᠬᠦᠮᠦᠵᠢᠯ ᠎ ᠤᠨ ︽ᠬᠤᠶᠠᠷ ᠢ ᠲᠡᠭᠡᠭᠰᠢᠯᠡᠬᠦᠯᠬᠦ︾ ᠠᠵᠢᠯᠯᠠᠭ᠎ᠠ ᠶᠢ ᠭᠡᠷᠡᠭᠵᠢᠬᠦᠯᠵᠦ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠵᠢᠭᠠᠨ ᠰᠤᠷᠭᠠᠯᠳᠠ ᠳᠤ ᠵᠤᠬᠢᠴᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠨᠠᠮᠤᠷ ᠎ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠤ ᠤᠯᠤᠰ ᠤᠨ ᠨᠠᠶᠢᠳᠠᠮ ᠭᠡᠷᠡᠭᠯᠡᠬᠦ ᠦᠬᠡ ᠭᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠎ ᠶᠢ ᠪᠦᠬᠦ ᠲᠠᠯ᠎ᠠ ᠪᠠᠷ ᠲᠦᠭᠡᠮᠡᠯᠵᠢᠬᠦᠯᠦᠨ ᠭᠡᠷᠡᠭᠯᠡᠬᠦ ᠶᠢ ᠪᠠᠳᠤᠯᠠᠨ᠎ᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠲᠦᠬᠡᠮᠡᠯ ᠬᠠᠷᠠᠭᠠᠯᠵᠠᠯ ᠢ ᠡᠬᠦᠳᠤᠨ ᠪᠠᠶᠢᠭᠤᠯᠬᠤ᠂ ᠠᠯᠪᠡᠨ ᠵᠢᠷᠤᠮ ᠤᠨ ᠰᠤᠷᠭᠠᠨ ᠬᠦᠮᠦᠵᠢᠯ ᠢ ᠴᠢᠨᠡᠷ ᠰᠠᠶᠢᠳᠠᠢ ᠪᠦᠭᠡᠳ ᠲᠠᠩᠴᠠᠬᠦᠷᠢᠳᠡᠢ ᠬᠦᠭᠵᠢᠬᠦᠯᠬᠦ᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠳᠤ ᠲᠠᠪᠰᠢᠬᠤ ᠪᠡ ᠶᠡᠭᠡ ᠲᠡᠭᠡᠳᠤ ᠰᠤᠷᠭᠠᠭᠤᠯᠢ ᠳᠤ ᠲᠠᠪᠰᠢᠬᠤ ᠰᠢᠯᠭᠠᠯᠳᠠ ᠶᠢᠨ ᠶᠡᠷᠦᠩᠭᠡᠶᠢᠯᠡᠭᠰᠡᠨ ᠦᠬᠡᠷᠡᠴᠢᠯᠠᠯᠳᠠ ᠎ ᠶᠢᠨ ᠠᠵᠢᠯ ᠢ ᠨᠢᠬᠡᠳᠤᠯᠳᠠᠢ ᠲᠦᠯᠦᠪᠵᠢᠬᠦᠯᠦᠨ ᠠᠬᠢᠭᠤᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠪᠡ ᠠᠵᠦ ᠠᠬᠤᠶᠢᠯᠠᠯ ᠤᠨ ᠬᠠᠮᠳᠤᠷᠠᠯᠴᠠᠭ᠎ᠠ᠂ ᠦᠢᠯᠡᠳᠪᠤᠷᠢᠯᠡᠯ ᠪᠡ ᠰᠤᠷᠭᠠᠨ ᠬᠦᠮᠦᠵᠢᠯ ᠤᠨ ᠠᠭᠤᠰᠤᠯᠴᠠᠯ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠭᠤᠷᠪᠡᠨ ᠡᠩᠨᠡᠭᠡᠨ ᠤ ᠪᠠᠶᠢᠭᠤᠯᠤᠯᠳᠠ ᠎ ᠶᠢ ᠰᠠᠶᠢᠳᠤᠷ ᠠᠳᠬᠤᠵᠦ᠂ ᠰᠤᠷᠭᠠᠭᠤᠯᠢ ︵ᠴᠡᠴᠡᠷᠯᠢᠭ︶᠎ ᠶᠢᠨ ᠵᠠᠬᠢᠷᠤᠯ ᠤᠨ ᠲᠤᠰᠢᠶᠠᠯ ᠡᠬᠦᠷᠭᠡᠯᠡᠬᠦ ᠨᠦᠬᠦᠴᠠᠯ ᠪᠡ ᠲᠤᠰᠬᠠᠢ ᠮᠡᠷᠭᠡᠵᠢᠯ ᠤᠨ ᠪᠠᠷᠢᠮᠵᠢᠶ᠎ᠠ ᠶᠤᠰᠤᠭᠠᠷ᠂ ᠲᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠪᠡᠯᠡᠳᠭᠡᠯ ᠴᠢᠳᠠᠪᠤᠷᠢᠳᠡᠨ ᠤ ᠬᠦᠮᠦᠷᠭᠡ ᠶᠢ ᠪᠠᠶᠢᠭᠤᠯᠤᠨ ᠲᠡᠬᠦᠯᠳᠡᠷᠵᠢᠬᠦᠯᠦᠨ᠎ᠡ︔ ᠪᠠᠭᠰᠢ ᠶᠢᠨ ᠪᠤᠯᠪᠠᠰᠤᠷᠠᠯ ᠢ ᠦᠷᠬᠦᠯᠵᠢᠯᠡᠨ ᠴᠢᠩᠭᠠᠳᠬᠠᠵᠦ᠂ ᠪᠠᠭᠰᠢ ᠶᠢᠨ ᠶᠡᠷᠦᠩᠭᠡᠢ ᠭᠡᠪ ᠪᠤᠯᠪᠠᠰᠤᠷᠠᠯ ᠢ ᠲᠠᠭᠡᠭᠰᠢᠯᠡᠬᠦᠯᠦᠨ᠎ᠡ︔ ᠵᠢᠭᠠᠨ ᠰᠤᠳᠤᠯᠤᠭᠴᠢ ᠶᠢᠨ ᠡᠩᠨᠡᠭᠡᠨ ᠤ ᠪᠦᠳᠤᠴᠠ ᠶᠢ ᠲᠠᠰᠤᠷᠠᠯᠳᠠ ᠦᠬᠡᠢ ᠰᠢᠯᠢᠳᠡᠭᠵᠢᠬᠦᠯᠵᠦ᠂ ᠲᠤᠰᠢᠶᠠᠯ ᠬᠠᠪᠰᠤᠷᠭᠠᠭᠰᠠᠨ ᠵᠢᠭᠠᠨ ᠰᠤᠳᠤᠯᠤᠭᠴᠢ ᠶᠢ ᠤᠷᠢᠨ ᠲᠤᠮᠢᠯᠠᠬᠤ ᠲᠤᠭᠳᠠᠴᠠ ᠶᠢ ᠲᠡᠬᠦᠯᠳᠡᠷᠵᠢᠬᠦᠯᠵᠦ᠂ ᠵᠢᠭᠠᠨ ᠰᠤᠳᠤᠯᠤᠭᠴᠢ ᠶᠢᠨ ᠰᠢᠨᠵᠢᠯᠡᠬᠡᠨ ᠤ ᠵᠢᠭᠠᠨ ᠰᠤᠳᠤᠯᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠠᠶᠢᠬᠠᠨᠳᠠᠯ᠎ᠠ ᠬᠡᠤᠭᠡᠳ ᠤᠨ ᠴᠡᠴᠡᠷᠯᠢᠭ᠂ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠦᠩᠭᠡᠶᠢᠯᠡᠭᠰᠡᠨ ᠠᠰᠠᠷ ᠵᠡᠷᠭᠡ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠲᠦᠷᠭᠡᠭᠡᠨ ᠠᠬᠢᠭᠤᠯᠤᠨ᠎ᠠ᠃ C᠂ D ᠲᠠᠰ ᠤᠨ ᠰᠤᠷᠭᠠᠭᠤᠯᠢ ᠶᠢᠨ ᠪᠠᠶᠢᠷᠢ ᠶᠢ ᠲᠦᠪᠯᠡᠷᠡᠬᠦᠯᠦᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠪᠠᠶᠢᠩᠭᠤ ᠦᠷᠨᠢᠬᠦᠯᠵᠦ᠂ ︽ᠬᠡᠤᠭᠡᠳ ᠪᠠᠭᠠᠴᠤᠳ ᠢ ᠬᠠᠮᠠᠭᠠᠯᠠᠭᠰᠠᠨ ᠠᠮᠤᠷ ᠲᠦᠪᠰᠢᠨ ᠰᠤᠷᠭᠠᠭᠤᠯᠢ︾᠎ ᠶᠢᠨ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠲᠠᠰᠤᠷᠠᠯᠳᠠ ᠦᠬᠡᠢ ᠰᠢᠯᠢᠳᠡᠭᠵᠢᠬᠦᠯᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠪᠡ ᠴᠡᠴᠡᠷᠯᠢᠭ ᠤᠨ ᠬᠡᠤᠭᠡᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃ ᠬᠤᠶᠠᠷ ᠲᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠲᠤᠭᠳᠠᠯᠴᠠᠭ᠎ᠠ ᠎ ᠶᠢ ᠰᠢᠯᠢᠳᠡᠭᠵᠢᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠠᠯᠳᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠱᠠᠳᠤ ᠬᠤᠪᠢᠶᠠᠨ ᠡᠮᠴᠢᠯᠡᠬᠦ ᠲᠤᠭᠳᠠᠯᠴᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠭᠰᠠᠨ ᠦᠢᠯᠡᠴᠢᠯᠡᠭᠡ ᠶᠢᠨ ᠬᠠᠮᠢᠶᠠᠷᠤᠯᠳᠠ ᠶᠢ ᠴᠢᠩᠭᠠᠳᠬᠠᠨ᠂ ᠨᠢᠭᠳᠠ ᠬᠠᠮᠵᠢᠯᠴᠠᠭᠠᠨ ᠤ ᠭᠡᠯᠪᠡᠷᠢ ᠶᠢᠨ ᠰᠢᠶᠠᠨ ᠤ ᠭᠡᠪᠴᠢᠶᠠᠨ ᠤ ᠡᠮᠨᠡᠯᠬᠡ ᠶᠢᠨ ᠬᠠᠮᠳᠤ ᠶᠢᠨ ᠴᠤᠭᠴᠠ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠦᠬᠦ ᠠᠶᠢᠮᠠᠭ ᠤᠨ ︽ᠦᠨᠳᠤᠰᠤᠨ ᠱᠠᠳᠤᠨ ᠤ ᠬᠢᠳᠡᠳ ᠡᠮ ᠡᠮᠨᠡᠯᠬᠡ ᠶᠢᠨ ᠠᠵᠢᠯ ᠤᠨ ᠵᠢᠱᠢᠶ᠎ᠠ ᠦᠵᠡᠬᠦᠯᠬᠦ ᠰᠢᠶᠠᠨ︾᠎ ᠢ ᠡᠬᠦᠳᠤᠨ ᠪᠠᠶᠢᠭᠤᠯᠬᠤ ᠪᠡ ᠪᠦᠬᠦ ᠠᠶᠢᠮᠠᠭ ᠎ ᠤᠨ ᠡᠮᠴᠢᠯᠡᠬᠡᠨ ᠤ ᠪᠡᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ᠲᠠᠢ ᠬᠤᠳᠠ ᠶᠢᠨ ᠪᠦᠳᠤᠭᠡᠨ ᠪᠠᠶᠢᠭᠤᠯᠤᠯᠳᠠ ᠶᠢ ᠡᠬᠢᠯᠡᠬᠦᠯᠬᠦ ᠠᠵᠠ ᠲᠤᠬᠢᠶᠠᠯ ᠢ ᠴᠢᠩᠭ᠎ᠠ ᠠᠳᠬᠤᠵᠦ᠂ ᠲᠦᠷᠦᠯ ᠵᠦᠢᠯ ᠤᠨ ᠪᠡᠯᠡ ᠮᠦᠩᠬᠦ ᠶᠢ ᠢᠳᠡᠪᠬᠢᠳᠡᠢ ᠭᠤᠶᠤᠴᠢᠯᠠᠵᠦ᠂ ᠦᠨᠳᠤᠰᠤᠨ ᠱᠠᠳᠤᠨ ᠤ ᠡᠪᠡᠳᠴᠢᠨ ᠲᠠᠬᠤᠯ ᠢ ᠰᠡᠷᠭᠡᠶᠢᠯᠡᠨ ᠡᠮᠴᠢᠯᠠᠬᠦ ᠪᠡ ᠡᠷᠡᠬᠦᠯ ᠮᠠᠨᠳᠤ ᠶᠢᠨ ᠬᠠᠮᠢᠶᠠᠷᠤᠯᠳᠠ ᠶᠢᠨ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠲᠤᠭᠳᠠᠴᠠ ᠶᠢ ᠰᠠᠶᠢᠳᠤᠷ ᠨᠠᠶᠢᠳᠠᠪᠤᠷᠢᠵᠢᠭᠤᠯᠵᠦ᠂ ᠬᠤᠯᠤᠭᠠᠨ᠎ᠠ ᠎ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠬᠡ ᠶᠢᠨ ᠤᠬᠠᠭᠤᠯᠭ᠎ᠠ ᠶᠢᠨ ᠭᠠᠷᠠᠭ᠂ ᠬᠤᠯᠤᠭᠠᠨ᠎ᠠ ᠪᠡ ᠨᠤᠬᠠᠢ ᠶᠢᠨ ᠪᠦᠭᠡᠰᠤ ᠶᠢ ᠤᠰᠠᠳᠬᠠᠬᠤ ᠠᠵᠢᠯᠯᠠᠭ᠎ᠠ ᠶᠢᠨ ᠰᠡᠷ᠎ᠡ ᠲᠠᠢ ᠤᠶᠠᠯᠳᠤᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ︽ᠭᠤᠷᠪᠡᠨ ᠪᠤᠯᠬᠤ ᠦᠬᠡᠢ ᠭᠤᠷᠪᠡ ᠶᠢ ᠮᠠᠳᠠᠬᠦᠯᠬᠦ ᠭᠤᠷᠪᠡ ᠶᠢ ᠬᠠᠮᠠᠭᠠᠯᠠᠬᠤ︾19 ᠤᠬᠠᠭᠤᠯᠭ᠎ᠠ ᠬᠦᠮᠦᠵᠢᠯ ᠢ ᠪᠠᠶᠢᠩᠭᠤ ᠦᠷᠨᠢᠬᠦᠯᠵᠦ᠂ ᠺᠡᠳ᠋ᠷ ᠪᠡ ᠤᠯᠠᠨ ᠲᠦᠮᠡᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠤᠬᠠᠮᠰᠠᠷ ᠪᠡ ᠴᠢᠳᠠᠪᠤᠷᠢ ᠶᠢ ᠨᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠡᠷᠳᠡᠭᠡᠨ ᠴᠢᠩᠭ᠎ᠠ ᠠᠳᠬᠤᠵᠦ᠂ ᠬᠦᠮᠦᠨ ᠳᠤ ᠬᠤᠯᠤᠭᠠᠨ᠎ᠠ ᠶᠢᠨ ᠬᠢᠵᠢᠭ ᠬᠠᠯᠳᠠᠪᠤᠷᠢᠯᠠᠬᠤ ᠠᠴᠠ ᠴᠢᠩᠭ᠎ᠠ ᠰᠡᠷᠭᠡᠶᠢᠯᠡᠨ᠎ᠡ᠃ ︽ᠲᠦᠷᠪᠡᠨ ᠬᠠᠮᠤᠭ ᠤᠨ ᠴᠢᠩᠭ᠎ᠠ︾20 ᠱᠠᠭᠠᠷᠳᠠᠯᠭ᠎ᠠ ᠶᠤᠰᠤᠭᠠᠷ ᠢᠳᠡᠭᠡᠨ ᠪᠡ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠰᠠᠶᠢᠳᠤᠷ ᠠᠳᠬᠤᠵᠦ᠂ ᠪᠦᠬᠦ ᠠᠶᠢᠮᠠᠭ ᠤᠨ ᠤᠯᠤᠰ ᠤᠨ ᠲᠠᠰ ᠤᠨ ᠠᠷᠢᠭᠤᠨ ᠴᠡᠪᠡᠷ ᠬᠤᠳᠠ᠂ ᠤᠯᠤᠰ ᠤᠨ ᠲᠠᠰ ᠤᠨ ᠢᠳᠡᠭᠡᠨ ᠤ ᠠᠮᠤᠷ ᠲᠦᠪᠰᠢᠨ ᠤ ᠵᠢᠱᠢᠶᠠᠴᠢ ᠬᠤᠳᠠ ᠶᠢ ᠡᠬᠦᠳᠤᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠦᠨ᠎ᠡ᠃ ᠭᠤᠷᠪᠡ ᠎ ᠳᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠠᠵᠢᠯ ᠤᠯᠭᠤᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠪᠡᠷᠢᠯ ᠢ ᠪᠦᠳᠤᠮᠵᠢᠳᠠᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠪᠡ ᠰᠢᠨ᠎ᠡ ᠪᠠᠷ ᠠᠰᠢᠭᠯᠠᠯᠳᠠ ᠳᠤ ᠤᠷᠤᠭᠰᠠᠨ ᠠᠵᠦ ᠠᠬᠤᠶᠢᠯᠠᠯ ᠤᠨ ᠠᠵᠢᠯ ᠤᠯᠭᠤᠯᠳᠠ ᠎ ᠶᠢ ᠠᠬᠢᠭᠤᠯᠬᠤ ᠬᠤᠯᠪᠤᠭᠠᠳᠤ ᠲᠤᠭᠳᠠᠴᠠ ᠶᠢ ᠢᠳᠡᠪᠬᠢᠳᠡᠢ ᠠᠬᠢᠭᠤᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ᠂ ᠲᠤᠮᠳᠠ ᠪᠠᠭ᠎ᠠ ᠵᠢᠵᠢᠭ ᠠᠵᠦ ᠠᠬᠤᠶᠢᠯᠠᠯ ᠤᠨ ᠠᠵᠢᠯ ᠤᠯᠭᠤᠯᠳᠠ ᠶᠢᠨ ᠭᠤᠤᠯ ᠠᠷᠭ᠎ᠠ ᠵᠡᠮ ᠤᠨ ᠦᠢᠯᠡᠳᠤᠯ ᠢ ᠪᠠᠳᠠᠷᠠᠭᠤᠯᠵᠦ᠂ ᠪᠡᠭᠡᠵᠢᠩ ᠵᠡᠷᠭᠡ ᠭᠠᠵᠡᠷ ᠤᠷᠤᠨ ᠲᠠᠢ ᠬᠦᠳᠡᠯᠮᠤᠷᠢ ᠬᠦᠴᠦᠨ ᠤ ᠬᠠᠮᠳᠤᠷᠠᠯᠴᠠᠭ᠎ᠠ ᠶᠢ ᠤᠯᠠᠮ ᠨᠢᠭᠡ ᠠᠯᠬᠤᠮ ᠬᠦᠨᠵᠡᠬᠡᠶᠢᠷᠡᠬᠦᠯᠵᠦ᠂ ᠤᠯᠠᠨ ᠠᠷᠭ᠎ᠠ ᠵᠡᠮ ᠢᠶᠠᠷ ᠠᠵᠢᠯ ᠤᠯᠭᠤᠯᠳᠠ ᠶᠢᠨ ᠠᠵᠢᠯ ᠤᠨ ᠪᠠᠶᠢᠷᠢ ᠴᠤᠭᠯᠠᠭᠤᠯᠵᠦ᠂ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠤᠶᠤᠳᠠᠳ᠂ ᠬᠤᠳᠠ ᠤᠷᠤᠭᠰᠠᠨ ᠮᠠᠯᠴᠢᠨ ᠲᠠᠷᠢᠶᠠᠴᠢᠳ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠠᠵᠢᠯ ᠤᠯᠭᠤᠬᠤ ᠳᠤ ᠬᠦᠴᠢᠷᠳᠡᠢ ᠬᠦᠮᠦᠰ ᠂ ︽ᠠᠵᠢᠯ ᠤᠯᠤᠭᠰᠠᠨ ᠬᠦᠮᠦᠨ ᠦᠬᠡᠢ︾ ᠭᠡᠷ ᠪᠦᠯᠢ ᠶᠢᠨ ᠪᠦᠷᠢᠯᠳᠤᠬᠦᠨ ᠵᠡᠷᠭᠡ ᠬᠦᠮᠦᠰ ᠤᠨ ᠠᠵᠢᠯ ᠤᠯᠬᠤ ᠳᠤ ᠬᠦᠴᠢᠷᠳᠡᠢ ᠠᠰᠠᠭᠤᠳᠠᠯ ᠢ ᠦᠨᠡᠨᠬᠦ ᠰᠠᠶᠢᠳᠤᠷ ᠰᠢᠢᠳᠪᠤᠷᠢᠯᠡᠵᠦ᠂ ᠵᠢᠯ ᠤᠨ ᠲᠤᠳᠤᠷ᠎ᠡ ᠬᠤᠳᠠ ᠪᠠᠯᠭᠠᠰᠤᠨ ᠤ 700 ᠬᠦᠮᠦᠨ ᠳᠤ ᠰᠢᠨ᠎ᠡ ᠪᠠᠷ ᠠᠵᠢᠯ ᠤᠯᠭᠤᠵᠦ᠂ ᠬᠤᠳᠠ ᠪᠠᠯᠭᠠᠰᠤᠨ ᠤ ᠲᠠᠩᠰᠠᠯᠠᠭᠳᠠᠭᠰᠠᠨ ᠠᠵᠢᠯ ᠠᠯᠳᠠᠯᠳᠠ ᠶᠢᠨ ᠨᠤᠷᠮ᠎ᠡ ᠶᠢ 5%᠎ ᠶᠢᠨ ᠲᠤᠳᠤᠷ᠎ᠡ ᠬᠢᠵᠠᠭᠠᠷᠯᠠᠨ᠎ᠠ᠃ ᠴᠡᠯᠢᠩ ᠬᠦᠯᠦᠰᠦ ᠦᠷᠢᠳᠦᠬᠦ ᠶᠢ ᠤᠷᠢᠳᠴᠢᠯᠠᠨ ᠰᠡᠷᠭᠡᠶᠢᠯᠡᠨ ᠵᠠᠰᠠᠨ ᠴᠡᠭᠴᠡᠯᠡᠬᠦ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠵᠦ᠂ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠴᠠᠭ ᠲᠤᠬᠠᠢ ᠳᠤᠨᠢ ᠬᠦᠢᠴᠡᠳ ᠲᠤᠭ᠎ᠠ ᠪᠠᠷ ᠤᠯᠭᠤᠬᠤ ᠶᠢ ᠬᠠᠤᠯᠢ ᠶᠤᠰᠤᠭᠠᠷ ᠪᠠᠳᠤᠯᠠᠵᠦ᠂ ᠴᠠᠯᠢᠩ ᠬᠦᠯᠦᠰᠦ ᠦᠷᠢᠳᠤᠵᠦ ᠪᠠᠶᠢᠭ᠎ᠠ ᠠᠰᠠᠭᠤᠳᠠᠯ ᠢ ᠪᠦᠬᠦᠨ ᠢ ᠨᠢ ᠰᠢᠢᠳᠪᠤᠷᠢᠯᠡᠨ᠎ᠡ᠃ ᠲᠦᠷᠪᠡ ᠳᠤ ᠨᠡᠶᠢᠬᠡᠮ ᠤᠨ ᠪᠠᠳᠤᠯᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠎ᠡ᠃ ᠡᠮ ᠡᠮᠨᠡᠯᠬᠡ ᠶᠢᠨ ᠲᠠᠠᠭᠠᠳᠬᠠᠯ᠂ ᠨᠠᠰᠤᠵᠢᠯ ᠤᠨ ᠲᠠᠭᠠᠳᠬᠠᠯ ᠳᠤ ᠤᠷᠤᠯᠴᠠᠬᠤ ᠭᠡᠪᠴᠢᠶ᠎ᠠ ᠶᠢ ᠦᠷᠬᠦᠯᠵᠢᠯᠡᠨ ᠦᠷᠭᠡᠳᠭᠡᠵᠦ᠂ ᠦᠨᠳᠤᠰᠤᠨ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠭᠰᠠᠨ ᠨᠤᠷᠮ᠎ᠡ ᠶᠢ 95%᠎ ᠠᠴᠠ ᠲᠡᠭᠡᠭᠰᠢ ᠳᠤ ᠲᠤᠭᠳᠠᠪᠤᠷᠢᠵᠢᠭᠤᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠪᠠᠳᠤᠯᠠᠬᠤ ᠶᠤᠰᠤᠳᠠᠢ ᠶᠢ ᠨᠢ ᠪᠦᠬᠦᠨ ᠢ ᠪᠠᠳᠤᠯᠠᠬᠤ ᠶᠢ ᠪᠠᠶᠠᠯᠠᠬᠦᠯᠦᠨ᠎ᠡ᠃ ᠨᠡᠶᠢᠬᠡᠮ ᠤᠨ ᠠᠪᠤᠷᠠᠨ ᠲᠤᠰᠠᠯᠠᠵᠦ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠦ᠂ ᠬᠤᠳᠠ ᠪᠡᠯᠭᠠᠰᠤᠨ ᠤ ︽ᠭᠤᠷᠪᠡ ᠦᠬᠡᠢ︾ ᠬᠦᠮᠦᠰ᠂ ᠲᠠᠪᠤᠨ ᠪᠠᠳᠤᠯᠠᠭᠠᠳᠤ ᠡᠷᠦᠬᠡ᠂ ᠦᠨᠦᠴᠢᠨ ᠵᠡᠮᠳᠡᠭ ᠵᠡᠷᠭᠡ ᠬᠦᠮᠦᠰ ᠢ ᠨᠡᠶᠢᠬᠡᠮ ᠠᠴᠠ ᠠᠪᠤᠷᠠᠨ ᠲᠤᠰᠠᠯᠠᠬᠤ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠡ᠃ ᠨᠠᠰᠤᠳᠠᠶᠢᠴᠤᠳ ᠢ ᠠᠰᠠᠷᠠᠬᠤ ᠦᠢᠯᠡᠴᠢᠯᠠᠬᠡᠨ ᠤ ᠬᠠᠩᠭᠠᠯᠭ᠎ᠠ ᠶᠢ ᠲᠡᠬᠦᠯᠳᠡᠷᠵᠢᠬᠦᠯᠵᠦ᠂ ᠠᠯᠪᠡᠨ ᠠᠴᠠ ᠡᠷᠬᠢᠯᠡᠭᠰᠡᠨ ᠨᠠᠰᠤᠳᠠᠶᠢᠴᠤᠳ ᠢ ᠠᠰᠠᠷᠠᠬᠤ ᠦᠢᠯᠡᠴᠢᠯᠠᠭᠡᠨ ᠤ ᠪᠠᠶᠢᠭᠤᠯᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠢ ᠰᠠᠶᠢᠳᠤᠷ ᠭᠡᠷᠡᠭᠵᠢᠬᠦᠯᠵᠦ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠨᠠᠰᠤᠳᠠᠶᠢᠴᠤᠳ ᠢ ᠠᠰᠠᠷᠠᠬᠤ ᠦᠢᠯᠡᠴᠢᠯᠠᠭᠡᠨ ᠤ ᠲᠦᠪ ︵ᠦᠷᠳᠡᠭᠡ︶᠎ ᠤᠨ ᠪᠦᠷᠬᠦᠴᠠ ᠶᠢᠨ ᠨᠤᠷᠮ᠎ᠡ ᠶᠢ ᠲᠡᠭᠡᠭᠰᠢᠯᠡᠬᠦᠯᠦᠨ᠎ᠡ᠃ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ ᠲᠠᠢ ᠵᠤᠯᠭᠠᠯᠳᠤᠭᠤᠯᠤᠭᠰᠠᠨ ᠵᠠᠯᠠᠭᠤᠴᠤᠳ ᠪᠠᠭᠠᠴᠤᠳ᠂ ᠡᠮᠡᠭᠳᠡᠶᠢᠴᠤᠳ ᠪᠡ ᠬᠡᠤᠭᠡᠳ ᠤᠨ ᠬᠦᠭᠵᠢᠯᠳᠡ ᠶᠢᠨ ᠲᠦᠯᠦᠪᠵᠢᠬᠦᠯᠬᠡ ᠶᠢᠨ ᠠᠵᠢᠯ ᠎ ᠤᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠯᠠᠭᠤᠴᠤᠳ ᠪᠠᠭᠠᠴᠤᠳ ᠤᠨ ᠡᠷᠭᠡ ᠠᠰᠢᠭ ᠤᠨ ︽ᠬᠠᠮᠠᠭᠠᠯᠠᠭᠴᠢ︾᠂ ᠡᠮᠡᠭᠳᠡᠶᠢᠴᠤᠳ ᠬᠡᠤᠭᠡᠳ ᠤᠨ ︽ᠬᠠᠯᠠᠮᠵᠢᠯᠠᠭᠴᠢ︾ ᠪᠤᠯᠬᠤ ᠠᠵᠢᠯ ᠢ ᠪᠦᠬᠦ ᠰᠡᠳᠬᠢᠯ ᠢᠶᠠᠷ ᠎ ᠢᠶᠠᠨ ᠰᠠᠶᠢᠳᠤᠷ ᠬᠢᠨ᠎ᠡ᠃ ᠤᠷᠤᠰᠢᠭᠤᠯᠭ᠎ᠠ ᠶᠢᠨ ᠦᠢᠯᠡᠴᠢᠯᠠᠭᠡᠨ ᠤ ᠲᠦᠬᠦᠬᠡᠷᠤᠮᠵᠢ ᠶᠢᠨ ᠪᠦᠳᠤᠭᠡᠨ ᠪᠠᠶᠢᠭᠤᠯᠤᠯᠳᠠ ᠎ ᠶᠢ ᠯᠠᠪᠳᠠᠭᠤᠨ ᠪᠠᠳᠤᠳᠠᠢ ᠠᠬᠢᠭᠤᠯᠵᠦ᠂ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠨᠠᠶᠢᠳᠠ ᠶᠢᠨ ᠤᠩᠭᠤᠨ ᠤ ᠲᠦᠷᠦᠯ ᠵᠦᠢᠯ ᠢ ᠪᠦᠳᠤᠭᠡᠨ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠦ᠂ ᠤᠷᠤᠰᠢᠭᠤᠯᠭ᠎ᠠ ᠶᠢᠨ ᠭᠠᠵᠡᠷ ᠤᠨ ᠲᠦᠷᠦᠯ ᠵᠦᠢᠯ ᠤᠨ ᠭᠤᠤᠯ ᠴᠤᠭᠴᠠ ᠶᠢᠨ ᠪᠠᠷᠢᠯᠭ᠎ᠠ ᠶᠢ ᠪᠡᠶᠡᠯᠡᠬᠦᠯᠦᠨ᠎ᠡ᠃       ︵ᠲᠤᠯᠤᠭ᠎ᠠ︶ ᠭᠤᠤᠯ ᠰᠢᠵᠢᠮ ᠤᠨ ᠲᠤᠭᠤᠷᠢᠨ ᠳᠤ᠂ ᠬᠢᠴᠢᠶᠠᠩᠬᠦᠢ ᠪᠠᠷ ᠵᠠᠰᠠᠬᠤ ᠶᠢ ᠪᠠᠷᠢᠮᠳᠠᠯᠠᠵᠦ᠂ ᠡᠶ᠎ᠡ ᠵᠤᠬᠢᠴᠠᠯᠳᠤ ᠲᠤᠭᠳᠠᠭᠤᠨ ᠤ ᠰᠢᠨ᠎ᠡ ᠪᠠᠶᠢᠳᠠᠯ ᠢ ᠡᠬᠦᠳᠤᠨ᠎ᠡ᠃ ᠨᠢᠬᠡ ᠳᠤ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠡᠯ᠎ᠡ ᠬᠦᠷᠢᠶ᠎ᠠ ᠴᠡᠷ᠎ᠡ ᠶᠢᠨ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠠᠵᠢᠯ ᠢ ᠨᠢᠬᠡᠳᠤᠯᠳᠠᠢ ᠲᠦᠯᠦᠪᠵᠢᠬᠦᠯᠦᠨ ᠰᠠᠶᠢᠳᠤᠷ ᠠᠳᠬᠤᠵᠦ᠂ ᠡᠯ᠎ᠡ ᠲᠦᠷᠦᠯ ᠤᠨ ᠨᠠᠪᠴᠢᠨ ᠤᠷᠤᠬᠤ ᠠᠵᠢᠯᠯᠠᠭ᠎ᠠ ᠶᠢ ᠰᠡᠷᠭᠡᠶᠢᠯᠡᠨ ᠴᠤᠬᠢᠯᠳᠠ ᠦᠭᠬᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠠ ᠴᠡᠷ᠎ᠡ ᠳᠠᠬᠢ ᠨᠠᠪᠴᠢᠯᠳᠠ ᠶᠢ ᠴᠢᠩᠭ᠎ᠠ ᠰᠡᠷᠭᠡᠶᠢᠯᠡᠬᠦ ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠡᠯ᠎ᠡ ᠲᠦᠷᠦᠯ ᠤᠨ ᠦᠵᠡᠯ ᠤᠬᠠᠮᠰᠠᠷ ᠤᠨ ᠭᠡᠯᠪᠡᠷᠢ ᠶᠢᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠪᠡ ᠬᠠᠮᠢᠶᠠᠷᠤᠯᠳᠠ ᠶᠢ ᠴᠢᠩᠭᠠᠳᠬᠠᠨ᠎ᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠳᠤᠷᠠᠨ ᠬᠢᠯᠢ ᠶᠢᠨ ᠰᠡᠷᠭᠡᠶᠢᠯᠡᠯᠳᠠ ᠶᠢᠨ ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ᠬᠢᠯᠢ ᠲᠠᠭᠠᠤ ᠭᠠᠵᠡᠷ ᠤᠷᠤᠨ ᠤ ︽ᠤᠰᠤ ᠴᠠᠬᠢᠯᠭᠠᠨ ᠵᠡᠮ ᠬᠠᠷᠢᠯᠴᠠᠭ᠎ᠠ ᠴᠢᠮᠡᠭᠡ ᠨᠡᠪᠳᠡᠷᠡᠯᠬᠡ︾᠎ ᠶᠢᠨ ᠰᠠᠭᠤᠷᠢ ᠲᠦᠬᠦᠭᠡᠷᠤᠮᠵᠢ ᠶᠢᠨ ᠨᠢᠬᠡ ᠴᠤᠭᠴᠠᠵᠢᠭᠤᠯᠤᠭᠰᠠᠨ ᠪᠦᠳᠤᠭᠡᠨ ᠪᠠᠶᠢᠭᠤᠯᠤᠯᠳᠠ ᠎ ᠶᠢᠨ ᠭᠤᠷᠪᠡᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠬᠢᠯᠢ ᠶᠢᠨ ᠰᠤᠮᠤᠨ ᠤ ᠤᠯᠠᠨ ᠨᠠᠶᠢᠳᠠ ᠶᠢᠨ ᠦᠨᠳᠤᠰᠤᠨ ᠦᠢᠯᠡᠴᠢᠯᠡᠭᠡ ᠪᠡ ᠰᠠᠭᠤᠷᠢ ᠲᠦᠬᠦᠭᠡᠷᠤᠮᠵᠢ ᠶᠢᠨ ᠪᠠᠳᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠬᠤᠶᠠᠷ ᠲᠤ ᠦᠨᠳᠤᠰᠤᠳᠠᠨ ᠤ ᠪᠦᠯᠬᠦᠮᠳᠡᠯ ᠢ ᠦᠷᠬᠦᠯᠵᠢᠯᠡᠨ ᠪᠠᠬᠢᠵᠢᠬᠦᠯᠦᠨ ᠬᠦᠭᠵᠢᠬᠦᠯᠦᠨ᠎ᠡ᠃ ︽ᠰᠦᠨᠢᠳ ᠪᠠᠷᠠᠭᠤᠨ ᠬᠤᠰᠢᠭᠤᠨ ᠤ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ︿1815﹀ ᠢᠨᠵᠧᠨᠧᠷᠢᠩ ᠤᠨ ᠭᠡᠷᠡᠭᠵᠢᠬᠦᠯᠬᠦ ᠲᠦᠰᠦᠯ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠮᠡᠨ ᠤ ᠬᠤᠰᠢᠭᠤᠨ ᠤ ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ ᠲᠡᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠠᠵᠢᠯ ᠤᠨ ᠲᠠᠬᠢᠨ ᠰᠢᠯᠭᠠᠨ ᠪᠠᠶᠢᠴᠠᠭᠠᠯᠳᠠ ᠪᠡ ᠪᠦᠬᠦ ᠠᠶᠢᠮᠠᠭ ᠤᠨ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠬᠦ ᠠᠶᠢᠮᠠᠭ ᠎ ᠢ ᠡᠬᠦᠳᠤᠨ ᠪᠠᠶᠢᠭᠤᠯᠬᠤ ᠠᠵᠢᠯ ᠤᠨ ᠪᠠᠶᠢᠴᠠᠭᠠᠯᠳᠠ ᠶᠢ ᠤᠭᠳᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠡ᠃ ᠦᠪᠡᠷᠳᠡᠭᠡᠨ ᠵᠠᠰᠠᠬᠤ ᠤᠷᠤᠨ ᠤ ᠬᠢᠯᠢ ᠬᠢᠵᠠᠭᠠᠷ ᠭᠠᠵᠡᠷ ᠤᠷᠤᠨ ᠤ ᠴᠢᠨᠠᠷᠯᠢᠭ ᠬᠦᠭᠵᠢᠯᠳᠡ ᠶᠢ ᠠᠬᠢᠭᠤᠯᠬᠤ ᠲᠦᠷᠢᠮ ᠵᠢᠴᠢ ᠠᠷᠭ᠎ᠠ ᠪᠡᠷᠢᠯ ᠤᠳ ᠢ ᠬᠦᠢᠴᠡᠳ ᠠᠮᠢᠳᠤᠯᠢᠭ ᠢᠶᠠᠷ ᠠᠰᠢᠭᠯᠠᠵᠦ᠂ ᠠᠷᠭ᠎ᠠ ᠪᠦᠬᠦᠨ ᠢ ᠰᠦᠪᠡᠭᠴᠢᠯᠠᠨ ᠲᠦᠷᠦᠯ ᠵᠦᠢᠯ ᠤᠨ ᠪᠡᠯᠡ ᠮᠦᠩᠭᠦ ᠶᠢ ᠭᠤᠶᠤᠴᠢᠯᠠᠨ ᠤᠯᠵᠦ᠂ ᠬᠢᠯᠢ ᠲᠠᠭᠠᠤ ᠰᠠᠭᠤᠵᠦ ᠪᠠᠶᠢᠭ᠎ᠠ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠠᠯ ᠢ ᠴᠢᠷᠮᠡᠶᠢᠨ ᠰᠠᠶᠢᠵᠢᠷᠠᠭᠤᠯᠤᠨ᠎ᠠ᠃ ᠭᠤᠷᠪᠡ ᠳᠤ ᠨᠡᠶᠢᠬᠡᠮ ᠤᠨ ᠶᠡᠭᠡ ᠲᠡᠯ᠎ᠡ ᠶᠢᠨ ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠡᠶᠢᠬᠡᠮ ᠤᠨ ᠠᠮᠤᠷ ᠲᠦᠪᠰᠢᠨ ᠢ ᠪᠦᠬᠦᠯᠢ ᠴᠤᠭᠴᠠ ᠳᠤᠨᠢ ᠰᠡᠷᠭᠡᠶᠢᠯᠡᠨ ᠡᠵᠡᠮᠳᠡᠬᠦ ᠪᠡ ᠠᠮᠢᠨ ᠭᠡᠷᠡᠭ ᠡᠬᠦᠰᠬᠦ ᠶᠢ ᠰᠡᠷᠭᠡᠶᠢᠯᠡᠬᠦ ᠠᠵᠢᠯ ᠢ ᠴᠢᠩᠭᠠᠳᠬᠠᠵᠦ᠂ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢ ᠤᠷᠤᠯᠠᠨ ᠬᠦᠢᠴᠡᠳᠭᠡᠬᠦ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠦ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠰᠠᠶᠢᠳᠤᠷ ᠰᠢᠢᠳᠪᠤᠷᠢᠯᠡᠵᠦ᠂ ︽ᠵᠦᠷᠢᠴᠠᠯ ᠢ ᠰᠢᠢᠳᠪᠤᠷᠢᠯᠡᠬᠦᠯᠬᠦ ᠪᠠᠷ ᠱᠠᠭᠠᠷᠳᠠᠭᠤᠯᠵᠦ︾ ᠪᠠᠶᠢᠭᠰᠠᠨ ᠢ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠤᠷᠢᠯᠡᠬᠦ︾ ᠪᠤᠯᠭᠠᠨ ᠬᠤᠪᠢᠷᠠᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠶᠢ ᠰᠠᠶᠢᠳᠤᠷ ᠬᠢᠨ᠎ᠡ᠃ ᠰᠢᠨ᠎ᠡ ᠴᠠᠭ ᠦᠶ᠎ᠠ ᠶᠢᠨ ︽ᠹᠧᠩ ᠴᠢᠶᠣᠣ ᠪᠠᠯᠭᠠᠰᠤᠨ ᠤ ᠲᠤᠷᠰᠢᠯᠭ᠎ᠠ︾᠎ ᠶᠢ ᠪᠠᠷᠢᠮᠳᠠᠯᠠᠨ ᠬᠦᠭᠵᠢᠬᠦᠯᠵᠦ ᠂ ︽ᠦᠷᠳᠡᠭᠡᠴᠢᠯᠡᠭᠰᠡᠨ ᠭᠡᠯᠪᠡᠷᠢ ᠶᠢᠨ︾ ᠵᠦᠷᠢᠴᠠᠯ ᠵᠢᠭᠤᠷᠠᠯᠳᠤᠭᠠᠨ ᠢ ᠤᠯᠠᠨ ᠲᠠᠯ᠎ᠠ ᠪᠠᠷ ᠨᠠᠮᠳᠠᠭᠠᠬᠤ᠂ ︽ᠰᠢᠬᠦᠭᠴᠢ᠂ ᠪᠠᠶᠢᠴᠠᠭᠠᠭᠴᠢ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠡ ᠬᠠᠤᠯᠢᠴᠢ︾ ︽ᠨᠡᠶᠢᠬᠡᠮ ᠲᠤᠭᠤᠷᠢᠭ + ᠠᠷᠠᠳ ᠤᠨ ᠴᠠᠭᠳᠠᠭ᠎ᠠ︾᠎ ᠶᠢᠨ ᠠᠷᠭ᠎ᠠ ᠪᠡᠷᠢᠯ ᠢ ᠢᠳᠡᠪᠬᠢᠳᠡᠢ ᠲᠦᠬᠡᠮᠡᠯᠵᠢᠬᠦᠯᠵᠦ᠂ ᠵᠦᠷᠢᠴᠠᠯ ᠢ ᠡᠬᠢ ᠡᠬᠦᠰᠦᠯ ᠎ ᠠᠴᠠ ᠨᠢ ᠰᠡᠷᠭᠡᠶᠢᠯᠡᠨ ᠡᠵᠡᠮᠳᠡᠬᠦ᠂ ᠪᠡᠶᠢᠴᠠᠭᠠᠨ ᠡᠮᠬᠢᠯᠡᠬᠦ᠂ ᠵᠦᠷᠢᠴᠠᠯ ᠢ ᠨᠠᠮᠳᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ︽ᠨᠡᠶᠢᠬᠡᠮ ᠤᠨ ᠵᠦᠷᠢᠴᠠᠯ ᠢ ᠶᠡᠷᠦᠩᠭᠡᠶᠢᠯᠡᠨ ᠵᠠᠰᠠᠬᠤ ᠲᠤᠭᠳᠠᠴᠠ︾᠎ ᠶᠢ ᠲᠦᠷᠭᠡᠨ ᠪᠦᠷᠢᠯᠳᠤᠬᠦᠯᠵᠦ᠂ ᠦᠨᠳᠤᠷ ᠬᠢᠷᠢ ᠲᠦᠪᠰᠢᠨ ᠪᠦᠬᠦᠢ ︽ᠬᠠᠤᠯᠢᠳᠤ ᠪᠠᠷᠠᠭᠤᠨ ᠰᠦᠨᠢᠳ︾ ︽ᠠᠮᠤᠭᠤᠯᠠᠩᠳᠤ ᠪᠠᠷᠠᠭᠤᠨ ᠰᠦᠨᠢᠳ︾᠎ ᠢ ᠪᠠᠶᠢᠭᠤᠯᠤᠨ᠎ᠠ᠃ ᠲᠦᠷᠪᠡ ᠳᠤ ᠵᠠᠰᠠᠭ ᠤᠨ ᠤᠷᠳᠤᠨ ᠤ ᠦᠷᠢ ᠰᠢᠷᠢ ᠶᠢᠨ ᠲᠦᠭᠰᠢᠬᠦᠷᠢ ᠎ ᠶᠢ ᠪᠦᠳᠤᠮᠵᠢᠳᠡᠢ ᠰᠡᠷᠭᠡᠶᠢᠯᠡᠨ ᠡᠵᠡᠮᠳᠡᠨ᠎ᠡ᠃ ᠲᠦᠰᠦᠪ ᠤᠨ ᠬᠢᠵᠠᠭᠠᠷᠯᠠᠯ ᠪᠡ ᠠᠵᠢᠯ ᠤᠨ ᠦᠷ᠎ᠡ ᠪᠦᠳᠤᠮᠵᠢ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠨᠢᠭᠤᠭᠳᠠᠮᠠᠯ ᠦᠷᠢ ᠰᠢᠷᠢ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠦ᠂ ︽ᠪᠡᠳᠤ ᠴᠢᠩᠭ᠎ᠠ᠂ ᠡᠵᠡᠮᠳᠡᠵᠦ ᠪᠤᠯᠬᠤ᠂ ᠡᠮᠬᠢ ᠵᠢᠷᠤᠮ ᠲᠠᠢ᠂ ᠲᠤᠬᠢᠷᠠᠮᠵᠢᠳᠠᠢ ᠪᠠᠶᠢᠬᠤ︾ ᠶᠡᠷᠦᠩᠭᠡᠢ ᠱᠠᠭᠠᠷᠳᠠᠯᠭ᠎ᠠ ᠶᠤᠰᠤᠭᠠᠷ᠂ ᠵᠢᠬᠡᠯᠡᠯᠬᠡ ᠶᠢ ᠨᠠᠮᠳᠠᠭᠠᠬᠤ ᠤᠨ ᠤ ᠡᠬᠦᠷᠭᠡ ᠪᠠᠨ ᠪᠡᠶᠡᠯᠡᠬᠦᠯᠬᠦ ᠶᠢ ᠪᠠᠳᠤᠯᠠᠨ᠎ᠠ᠃ ᠲᠡᠭᠡᠳᠤ ᠱᠠᠳᠤᠨ ᠤ ᠵᠢᠭᠡᠯᠡᠯᠭᠡ ᠶᠢᠨ ᠲᠡᠮᠳᠡᠭᠳᠤ ᠪᠡ ᠡᠯ᠎ᠡ ᠲᠦᠷᠦᠯ ᠤᠨ ᠠᠵᠦ ᠦᠢᠯᠡᠰ ᠤᠨ ᠪᠡᠯᠡ ᠤᠷᠤᠭᠤᠯᠤᠯᠳᠠ ᠎ ᠶᠢᠨ ᠰᠠᠭᠤᠷᠢ ᠮᠦᠩᠬᠦᠨ ᠤ ᠲᠡᠮᠵᠢᠯᠬᠡ ᠶᠢ ᠢᠳᠡᠪᠬᠢᠳᠡᠢ ᠭᠤᠶᠤᠴᠢᠯᠠᠨ ᠤᠯᠵᠦ᠂ ᠭᠤᠤᠯᠳᠠᠯᠭ᠎ᠠ ᠲᠠᠢ ᠲᠦᠷᠦᠯ ᠵᠦᠢᠯ ᠎ ᠤᠨ ᠪᠦᠳᠤᠭᠡᠨ ᠪᠠᠶᠢᠭᠤᠯᠤᠯᠳᠠ ᠳᠤ ᠪᠡᠯᠡ ᠮᠦᠩᠬᠦᠨ ᠤ ᠪᠠᠳᠤᠯᠠᠭ᠎ᠠ ᠬᠠᠩᠭᠠᠵᠦ᠂ ᠵᠠᠰᠠᠭ ᠤᠨ ᠤᠷᠳᠤᠨ ᠤ ᠨᠢᠭᠤᠭᠳᠠᠮᠠᠯ ᠦᠷᠢ ᠰᠢᠷᠢ ᠶᠢᠨ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠳᠤ ᠨᠠᠩ ᠰᠠᠶᠢᠨ ᠨᠦᠬᠦᠴᠠᠯ ᠡᠬᠦᠳᠤᠨ᠎ᠡ᠃ ᠠᠷᠠᠳ ᠤᠨ ᠬᠤᠭᠤᠷᠤᠨᠳᠤᠬᠢ ᠵᠢᠬᠡᠯᠡᠯᠬᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠲᠦᠷᠢᠮᠵᠢᠬᠦᠯᠵᠦ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ᠂ ᠦᠨᠳᠤᠷ ᠬᠦᠦ ᠲᠠᠢ ᠵᠢᠭᠡᠯᠡᠯᠭᠡ ᠲᠠᠯᠪᠢᠬᠤ ᠵᠡᠷᠭᠡ ᠮᠦᠩᠬᠦᠨ ᠬᠦᠢᠯᠬᠡᠬᠡᠨ ᠤ ᠬᠠᠤᠯᠢ ᠪᠤᠰᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠡ ᠴᠤᠬᠢᠯᠳᠠ ᠦᠭᠴᠦ᠂ ᠮᠦᠩᠬᠦᠨ ᠬᠦᠢᠯᠬᠡᠬᠡᠨ ᠤ ᠠᠮᠤᠷ ᠲᠦᠪᠰᠢᠨ ᠪᠡ ᠨᠡᠶᠢᠬᠡᠮ ᠤᠨ ᠲᠤᠭᠳᠠᠭᠤᠨ ᠢ ᠦᠨᠡᠨᠬᠦ ᠬᠠᠮᠠᠭᠠᠯᠠᠨ᠎ᠠ᠃ ᠲᠠᠪᠤ ᠳᠤ ᠠᠶᠤᠯᠬᠦᠢ ᠦᠢᠯᠡᠳᠪᠤᠷᠢᠯᠡᠯ ᠎ ᠢ ᠦᠴᠦᠬᠡᠨ ᠴᠦ ᠰᠤᠯᠠᠷᠡᠰᠢ ᠦᠬᠡᠢ ᠰᠠᠶᠢᠳᠤᠷ ᠠᠳᠬᠤᠨ᠎ᠡ᠃ ᠠᠶᠤᠯᠬᠦᠢ ᠦᠢᠯᠡᠳᠪᠤᠷᠢᠯᠡᠯ ᠤᠨ ᠬᠤᠷᠢᠭ᠎ᠠ ᠱᠤᠭᠤᠮ ᠎ ᠤᠨ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ︽ᠭᠤᠷᠪᠡ ᠶᠢ ᠬᠠᠮᠢᠶᠡᠷᠬᠤ᠂ ᠭᠤᠷᠪᠡᠨ ᠡᠷᠭᠡᠪᠰᠢ︾21᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠠᠮᠤᠷ ᠲᠦᠪᠰᠢᠨ ᠤ ᠲᠦᠬᠦᠭᠡᠷᠤᠮᠵᠢ ᠶᠢᠨ ᠭᠤᠷᠪᠡᠨ ᠬᠠᠮᠳᠤ ᠎ ᠳᠤᠨᠢ ᠪᠠᠶᠢᠬᠤ ᠬᠠᠮᠢᠶᠠᠷᠤᠯᠳᠠ22᠎ ᠶᠢ ᠴᠢᠩᠭᠠᠳᠬᠠᠨ᠂ ᠠᠶᠦᠯᠬᠦᠢ ᠦᠢᠯᠡᠳᠪᠤᠷᠢᠯᠡᠯ ᠤᠨ ᠪᠤᠭᠤᠮᠳᠠ ᠶᠢ ᠡᠬᠢ ᠡᠬᠦᠰᠦᠯ ᠠᠴᠠ ᠨᠢ ᠰᠠᠶᠢᠳᠤᠷ ᠠᠳᠬᠤᠨ᠎ᠡ᠃ ᠠᠳᠡᠯ ᠭᠡᠷᠡᠭ ᠢ ᠨᠢᠭᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ ᠮᠡᠳᠡᠬᠦᠯᠬᠦ ᠦᠬᠡᠢ ᠪᠠᠷ ᠤᠷᠬᠢᠭᠳᠠᠭᠤᠯᠤᠭᠰᠠᠨ ᠦᠢᠯᠡ ᠠᠵᠢᠯᠯᠠᠭ᠎ᠠ ᠶᠢ ᠦᠴᠦᠬᠡᠨ ᠴᠦ ᠢᠯᠳᠠᠷ ᠬᠠᠶᠠᠬᠤ ᠦᠬᠡᠢ ᠪᠠᠷ ᠴᠢᠩᠭ᠎ᠠ ᠪᠠᠶᠢᠴᠠᠭᠠᠨ ᠰᠢᠳᠭᠡᠵᠦ᠂ ᠴᠡᠭᠡᠷᠯᠡᠯ ᠪᠤᠯᠭᠠᠬᠤ ᠦᠢᠯᠡᠳᠤᠯ ᠢ ᠪᠠᠳᠠᠷᠠᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠠ ᠴᠡᠷ᠎ᠡ ᠶᠢᠨ ᠲᠠᠯᠳᠠ ᠭᠡᠮ ᠢ ᠪᠠᠶᠢᠴᠠᠭᠠᠬᠤ ᠪᠡ ᠲᠤᠰᠬᠠᠢ ᠲᠦᠷᠦᠯ ᠎ ᠤᠨ ᠴᠡᠭᠴᠡᠯᠡᠯᠳᠠ ᠶᠢ ᠴᠢᠩᠭᠠᠳᠬᠠᠵᠦ᠂ ᠬᠦᠮᠦᠨ ᠤᠯᠠᠨ ᠴᠤᠭᠯᠠᠷᠠᠭᠰᠠᠨ ᠭᠠᠵᠡᠷ ᠪᠡ ᠭᠤᠤᠯᠳᠠᠯᠭ᠎ᠠ ᠲᠠᠢ ᠰᠡᠷᠭᠡᠶᠢᠯᠡᠯᠳᠠ ᠶᠢᠨ ᠬᠦᠷᠢᠶ᠎ᠠ ᠴᠡᠷ᠎ᠡ ᠶᠢᠨ ᠭᠠᠯ ᠤᠨᠳᠠᠷᠠᠭᠠᠬᠤ ᠠᠮᠤᠷ ᠲᠦᠪᠰᠢᠨ ᠢ ᠨᠢᠭᠳᠠ ᠠᠩᠬᠠᠷᠤᠨ᠎ᠠ᠃ ᠠᠶᠠᠨᠴᠢᠳ ᠤᠨ ᠲᠡᠭᠡᠭᠡᠪᠤᠷᠢ᠂ ᠪᠠᠷᠠᠭᠠᠨ ᠤ ᠲᠡᠭᠡᠭᠡᠪᠤᠷᠢ ᠶᠢᠨ ᠵᠠᠬ᠎ᠠ ᠲᠠᠯᠬᠡᠬᠦᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠪᠡ ᠢᠳᠡᠭᠡᠨ ᠡᠮ ᠤᠨ ᠵᠦᠢᠯ ᠤᠨ ᠠᠵᠢᠯ ᠲᠦᠷᠦᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠤᠨᠴᠠ ᠶᠡᠭᠡ ᠠᠳᠡᠯ ᠡᠬᠦᠰᠬᠦ ᠶᠢ ᠡᠷᠡᠰ ᠰᠡᠷᠭᠡᠶᠢᠯᠡᠨ᠎ᠡ᠃ ᠡᠩ ᠤᠨ ᠦᠶᠠᠰ ᠪᠤᠯᠤᠨ ᠪᠡᠴᠢᠮ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠳᠠᠯᠠᠵᠦ᠂ ᠦᠪᠡᠷᠳᠡᠭᠡᠨ ᠵᠠᠰᠠᠬᠤ ᠤᠷᠤᠨ ᠤ ︽ᠠᠶᠤᠯᠬᠦᠢ ᠦᠢᠯᠡᠳᠪᠤᠷᠢᠯᠡᠯ ᠤᠨ ᠦᠨᠳᠤᠰᠤᠨ ᠱᠠᠳᠤᠨ ᠤ ᠰᠠᠭᠤᠷᠢ ᠪᠦᠳᠤᠭᠡᠨ ᠪᠠᠶᠢᠭᠤᠯᠤᠯᠳᠠ ᠶᠢᠨ ᠤᠨ︾᠎ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠶᠤᠯᠬᠦᠢ ᠦᠢᠯᠡᠳᠪᠤᠷᠢᠯᠡᠯ ᠪᠡ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠪᠡ ᠬᠢᠷᠢ ᠲᠦᠪᠰᠢᠨ ᠢ ᠲᠡᠭᠡᠭᠰᠢᠯᠡᠬᠦᠯᠦᠨ᠂ ᠠᠷᠠᠳ ᠤᠯᠠᠨ ᠤ ᠠᠮᠢ ᠨᠠᠰᠤ ᠪᠡ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃      ᠭᠤᠷᠪᠡ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ        ᠲᠦᠯᠦᠬᠡᠯᠡᠭᠴᠢᠳ ᠡ᠂ ᠬᠥᠭᠵᠢᠯᠲᠡ ᠶᠢᠨ ᠬᠦᠨᠳᠦ ᠡᠭᠦᠷᠭᠡ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢᠨ ᠡᠮᠦᠨ᠎ᠡ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠤ ᠴᠤᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠦᠭᠵᠢᠯᠳᠡ ᠶᠢ ᠰᠦᠪᠡᠭᠴᠢᠯᠠᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠠᠰᠠᠭ ᠤᠨ ᠣᠷᠳᠣᠨ ᠤ ᠵᠠᠰᠠᠯᠲᠠ ᠶᠢᠨ ᠲᠤᠭᠳᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ︵ᠨᠢᠬᠡ︶ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢᠨ ᠴᠢᠬᠤᠯᠠ ᠴᠢᠨᠡᠷ ᠢ ᠪᠠᠲᠤ ᠡᠵᠡᠮᠳᠡᠵᠦ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠡᠭᠦᠨ ᠢ ᠵᠠᠰᠠᠭ ᠤᠨ ᠣᠷᠳᠣᠨ ᠤ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠡᠷ᠎ᠡ᠂ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠢᠮᠠᠭᠲᠠ ︽ᠬᠤᠶᠠᠷ ᠢ ᠲᠤᠭᠳᠠᠭᠠᠭᠰᠠᠨ︾᠎ ᠤ ᠡᠷᠡᠰ ᠪᠠᠲᠤ ᠬᠠᠮᠠᠭᠠᠯᠠᠭᠴᠢ᠂ ︽ᠬᠤᠶᠠᠷ ᠢ ᠬᠠᠮᠠᠭᠠᠯᠠᠬᠤ︾᠎ ᠶᠢᠨ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ  ᠪᠤᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠳᠠᠩᠰᠠ ᠮᠡᠳᠡᠭᠦᠯᠬᠦ ᠤᠬᠠᠮᠰᠠᠷ᠂ ᠡᠬᠦᠷᠭᠡ ᠪᠠᠨ ᠪᠠᠶᠡᠯᠡᠬᠦᠯᠬᠦ ᠤᠬᠠᠮᠰᠠᠷ᠂ ᠦᠷ᠎ᠡ ᠪᠦᠲᠦᠭᠡᠯ ᠭᠠᠷᠭᠠᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ︽ᠤᠶᠢᠯᠠᠰ ᠪᠤᠰᠬᠠᠬᠤ ᠵᠣᠷᠢᠭ ᠰᠠᠨᠠᠭ᠎ᠠ︾᠎ ᠪᠠᠷ ᠵᠠᠮ ᠨᠡᠭᠡᠭᠡᠵᠦ᠂ ︽ᠠᠰᠠᠭᠤᠳᠠᠯ ᠢ ᠰᠢᠢᠳᠪᠤᠷᠢᠯᠡᠬᠦ ᠰᠡᠳᠬᠢᠬᠦᠢ ᠲᠠᠢ ᠪᠠᠶᠢᠬᠤ︾᠎ ᠪᠠᠷ ᠠᠵᠢᠯ ᠢᠶᠠᠨ ᠡᠬᠢᠯᠡᠭᠦᠯᠵᠦ᠂ ᠨᠠᠮ ᠤᠨ ᠲᠥᠪ ᠬᠤᠷᠢᠶ᠎ᠠ ᠪᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠡ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠪᠡ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ᠂ ᠬᠤᠰᠢᠭᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠨᠠᠷᠢᠨ ᠲᠠᠩᠰᠠ ᠶᠢᠨ ᠬᠠᠮᠢᠶᠠᠷᠤᠯᠲᠠ᠂ ᠲᠠᠩᠰᠠ ᠡᠪᠭᠡᠮᠡᠯ ᠤᠨ ᠠᠵᠢᠯ ᠢ ᠠᠬᠢᠭᠤᠯᠬᠤ᠂ ᠱᠠᠯᠠᠪᠳᠠᠭᠤᠯᠤᠨ ᠭᠦᠢᠴᠡᠳᠬᠡᠬᠦ ᠶᠢ ᠮᠦᠷᠳᠡᠨ ᠲᠠᠭᠠᠬᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ︾ ᠠᠵᠢᠯ ᠤᠨ ᠪᠢᠳᠡᠬᠦᠮᠵᠢᠯᠡᠭᠰᠡᠨ ᠵᠠᠭᠪᠤᠷ ᠢ ᠲᠡᠭᠦᠯᠳᠡᠷᠵᠢᠭᠦᠯᠦᠨ᠂ ᠶᠠᠪᠤᠳᠠᠯ ᠪᠤᠯᠭᠠᠨ ᠤ ᠨᠠᠶᠢᠳᠠᠪᠤᠷᠢᠵᠢᠭᠤᠯᠤᠯᠳᠠ ᠶᠢ ᠠᠳᠬᠤᠵᠤ᠂ ᠤᠴᠢᠷ ᠪᠣᠯᠭᠠᠨ ᠳᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠎ᠠ᠃      ︵ᠬᠤᠶᠠᠷ︶ ᠠᠷᠠᠳ ᠲᠦᠮᠡᠨ ᠢ ᠲᠡᠭᠡᠳᠤᠯᠠᠬᠦ ᠶᠢᠨ ᠦᠨᠳᠤᠰᠤ ᠶᠢ ᠪᠠᠳᠤ ᠡᠵᠡᠮᠳᠡᠵᠦ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠦᠨᠳᠤᠰᠤᠨ ᠱᠠᠳᠤᠨ ᠳᠤ ᠭᠦᠨᠵᠡᠭᠡᠶᠢᠷᠡᠨ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠵᠣᠪᠠᠨᠢᠯ ᠢ ᠰᠢᠢᠳᠪᠦᠷᠢᠯᠡᠨ᠎ᠡ᠃ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ᠂ ᠪᠢᠳᠡ ᠬᠠᠷᠢᠭᠤ ᠦᠭᠬᠦ ᠶᠢ ᠪᠠᠷᠢᠮᠲᠠᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠳᠤ ᠮᠡᠳᠡᠷᠡᠭᠳᠡᠬᠦ‍ ᠨᠢᠭᠡ ᠪᠦᠯᠦᠭ ᠪᠣᠳᠠᠲᠤ ᠶᠠᠪᠤᠳᠠᠯ ᠢ ᠬᠢᠵᠦ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠡᠮᠨᠡᠬᠦᠯᠬᠦ ᠠᠴᠠ ᠡᠮᠨᠡᠯᠬᠡ ᠲᠠᠢ᠂ ᠰᠠᠭᠤᠬᠤ ᠎ ᠠᠴᠠ ᠲᠤᠬᠢᠯᠢᠭ ᠰᠠᠭᠤᠴᠠ ᠲᠠᠢ᠂ ᠬᠦᠴᠢᠷᠳᠡᠯ ᠳᠤ ᠲᠤᠯᠭᠠᠷᠠᠪᠠᠯ ᠤᠯᠠᠨ ᠢᠶᠠᠷ ᠢᠶᠠᠨ ᠲᠤᠰᠠᠯᠠᠵᠤ᠂ ᠥᠲᠡᠯᠪᠡᠯ ᠠᠰᠠᠷᠠᠮᠵᠢ ᠲᠠᠢ ᠪᠠᠶᠢᠬᠤ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠣᠣᠷ ᠴᠢᠨᠠᠷ ᠢᠶᠠᠨ ᠢᠯᠡᠷᠡᠭᠦᠯᠵᠦ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠤᠯᠠᠨ ᠲᠦᠮᠡᠨ ᠤ ᠵᠤᠯ ᠵᠢᠷᠭᠠᠯ ᠢ ᠨᠡᠮᠡᠭᠳᠡᠬᠦᠯᠵᠦ᠂ ᠬᠥᠭᠵᠢᠯᠲᠡ ᠶᠢᠨ ᠨᠠᠩ ᠤᠯᠠᠨ ᠦᠷ᠎ᠡ ᠪᠦᠳᠤᠮᠵᠢ ᠶᠢ ᠠᠷᠠᠳ ᠲᠦᠮᠡᠨ ᠳᠤ ᠡᠳ᠋ᠯᠡᠬᠦᠯᠦᠨ᠎ᠡ᠃︵ᠭᠤᠷᠪᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠰᠠᠭᠤᠷᠢ ᠶᠢ ᠪᠠᠲᠤ ᠰᠠᠬᠢᠵᠤ᠂ ᠬᠠᠤᠯᠢ ᠪᠠᠷ ᠵᠠᠰᠠᠭᠰᠠᠨ ᠦᠨᠡᠨᠴᠢ ᠢᠳᠡᠭᠡᠮᠵᠢᠳᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠳᠤ ᠵᠠᠰᠠᠭ ᠤᠨ ᠣᠷᠳᠣᠨ᠂ ᠬᠠᠤᠯᠢᠳᠤ ᠨᠡᠶᠢᠭᠡᠮ ᠢ ᠨᠢᠭᠡ ᠴᠣᠭᠴᠠᠵᠢᠭᠤᠯᠤᠨ ᠪᠠᠶᠢᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠲᠦᠯᠬᠢᠨ ᠠᠬᠢᠭᠤᠯᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠯᠳᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠨᠡᠷᠢᠨ ᠬᠢᠨᠠᠮᠠᠭᠠᠢ ᠲᠤᠤᠱᠯᠠᠭᠤᠯᠵᠦ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠤᠴᠢᠷ ᠶᠠᠪᠤᠳᠠᠯ ᠤᠨ ᠲᠤᠬᠠᠢ ᠬᠠᠮᠳᠤᠪᠡᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ  ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠦᠯᠲᠡ ᠬᠢᠬᠦ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠶᠢ ᠢᠯᠡ ᠪᠣᠯᠭᠠᠨ᠎ᠠ᠃︵ᠲᠦᠷᠪᠡ︶ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠬᠦ ᠶᠣᠰᠣ ᠮᠣᠷᠠᠯ ᠢᠶᠠᠨ ᠪᠠᠲᠤᠳᠬᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ︽ᠨᠢᠭᠡᠳᠦᠭᠡᠷ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠎ ᠶᠢᠨ ᠬᠤᠤᠰ ᠬᠠᠷᠢᠭᠤᠴᠠᠯᠭ᠎ᠠ︾᠎ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠪᠠ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠎ ᠤ ᠠᠰᠠᠭᠤᠳᠠᠯ ᠢ ᠬᠦᠨᠵᠡᠬᠡᠢ ᠴᠡᠭᠴᠡᠯᠡᠨ ᠵᠠᠰᠠᠵᠦ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠳᠠ ᠪᠠᠷᠢᠮᠲᠠᠯᠠᠵᠤ᠂ ᠤᠯᠤᠰ ᠲᠦᠷᠦ ᠶᠢᠨ ᠤᠷᠴᠢᠨ ᠢ ᠬᠠᠮᠠᠭᠠᠯᠠᠨ᠎ᠠ᠃ ᠠᠷᠪᠢᠴᠢ ᠭᠠᠮᠳᠠᠢ ᠪᠠᠶᠢᠬᠤ ᠶᠢ ᠡᠷᠬᠢᠮᠯᠡᠵᠦ᠂ ᠵᠠᠰᠠᠭ ᠤᠨ ᠣᠷᠳᠣᠨ ᠤ ᠵᠠᠷᠤᠯᠭ᠎ᠠ ᠶᠢ ᠪᠠᠭᠠᠰᠬᠠᠵᠦ᠂ ᠠᠵᠤ ᠠᠬᠤᠶᠢᠯᠠᠯ ᠢ ᠳᠡᠮᠵᠢᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠠᠭᠤᠵᠢᠭᠤ ᠲᠠᠯᠪᠢᠵᠤ᠂ ᠵᠠᠰᠠᠭ ᠤᠨ ᠣᠷᠳᠣᠨ ︽ᠠᠷᠪᠢᠯᠠᠨ ᠭᠠᠮᠨᠠᠬᠤ︾᠎ ᠪᠠᠷ ᠲᠠᠮᠵᠢᠨ ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦᠯᠦᠨ᠎ᠡ᠃      ᠲᠥᠯᠥᠭᠡᠯᠡᠭᠴᠢᠳ ᠠ᠋᠂ ᠲᠡᠮᠡᠴᠡᠯ ᠪᠣᠯ ᠥᠨᠢᠳᠡ ᠳᠠᠭᠤᠰᠤᠰᠢ ᠦᠭᠡᠢ ᠶᠤᠮ᠂ ᠴᠢᠷᠮᠡᠶᠢᠨ ᠠᠵᠢᠯᠯᠠᠪᠠᠯ ᠰᠠᠶ᠋ᠢ ᠢᠷᠡᠭᠡᠳᠦᠢ ᠪᠠᠨ ᠴᠤᠭᠴᠠᠯᠠᠵᠦ ᠲᠠᠶᠢᠯᠤᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ︾᠎ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠠᠵᠠ ᠲᠣᠬᠢᠶᠠᠯ ᠢ ᠠᠳᠬᠤᠵᠦ᠂ ᠰᠢᠨ᠎ᠡ ᠪᠡᠷᠬᠡ ᠰᠡᠳᠦᠪ ᠢ ᠰᠢᠢᠳᠪᠦᠷᠢᠯᠡᠵᠦ᠂ ᠰᠢᠨ᠎ᠡ ᠰᠢᠪᠲᠤᠯᠤᠯᠲᠠ ᠶᠢ ᠡᠷᠢᠯᠬᠢᠯᠡᠨ᠂ ᠣᠳᠣᠬᠢᠴᠢᠯᠠᠭᠰᠠᠨ ᠰᠦᠨᠢᠳ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ︕ᠨᠡᠷᠡᠰ ᠤᠨ ᠳᠠᠶᠢᠯᠪᠣᠷᠢ᠄1. ︽ᠬᠤᠶᠠᠷ ᠶᠡᠭᠡ ᠶᠠᠪᠣᠳᠠᠯ︾᠄ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠲᠣᠰᠢᠶᠠᠭᠰᠠᠨ ᠲᠠᠪᠣᠨ ᠶᠡᠭᠡ ᠡᠭᠦᠷᠭᠡ ᠪᠠ ︽ᠵᠢᠱᠢᠶᠡᠴᠢ ᠦᠪᠡᠷᠳᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠃2. ︽ᠭᠤᠷᠪᠠᠨ ᠣᠷᠣᠨ ᠭᠤᠷᠪᠠᠨ ᠱᠣᠭᠤᠮ︾᠄ ︽ᠭᠤᠷᠪᠠᠨ ᠣᠷᠣᠨ︾ ᠭᠡᠳᠡᠭ ᠨᠢ ᠬᠤᠳᠠ ᠪᠠᠯᠭᠠᠰᠣᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠲᠦᠷᠦᠯ ᠤᠨ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢ ᠵᠢᠭᠠᠨ᠎ᠠ︔ ︽ᠭᠤᠷᠪᠠᠨ ᠱᠣᠭᠤᠮ︾ ᠭᠡᠳᠡᠭ ᠨᠢ ᠬᠤᠳᠠ ᠪᠠᠯᠭᠠᠰᠣ ᠶᠢ ᠨᠡᠭᠡᠭᠡᠨ ᠬᠦᠭᠵᠢᠭᠦᠯᠬᠦ ᠵᠠᠭᠠᠭ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠭᠤᠷᠪᠠᠨ ᠵᠣᠷᠪᠣᠰ ᠡᠵᠡᠮᠳᠡᠬᠦ ᠱᠣᠭᠤᠮ ᠢ ᠵᠢᠭᠠᠨ᠎ᠠ᠃3. ︽ᠭᠤᠷᠪᠠᠨ ᠬᠤᠷᠢᠭ᠎ᠠ ᠱᠣᠭᠤᠮ᠂ ᠨᠢᠭᠡ ᠨᠠᠷᠢᠨ ᠳᠠᠩᠰᠠ︾᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠤ ᠶᠡᠰᠤ ᠴᠢᠨᠡᠷ ᠤᠨ ᠲᠤᠤᠷ᠎ᠡ ᠬᠢᠵᠠᠭᠠᠷ᠂ ᠡᠬᠢ ᠪᠠᠶᠠᠯᠢᠭ ᠤᠨ ᠠᠰᠢᠭᠯᠠᠯᠳᠠ ᠶᠢᠨ ᠲᠡᠭᠡᠳᠤ ᠬᠢᠵᠠᠭᠠᠷ ᠪᠡ ᠠᠵᠦ ᠠᠬᠤᠶᠢᠯᠠᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠳᠤ ᠬᠠᠨᠳᠤᠭᠰᠠᠨ ᠨᠠᠷᠢᠨ ᠲᠡᠩᠰᠡ᠃ 4. ︽VCS + CCB︾᠄ ᠨᠡᠭᠦᠷᠡᠰᠦᠳᠦ᠋ᠷᠦᠭᠴᠢ ᠶᠢᠨ ᠪᠠᠷᠢᠮᠵᠢᠶ᠎ᠠ ᠶᠢ ᠬᠠᠷᠭᠤᠭᠤᠯᠣᠨ ᠲᠣᠭᠳᠠᠭᠠᠬᠤ + ᠠᠭᠤᠷ ᠠᠮᠢᠰᠬᠤᠯ/ ᠨᠡᠶᠢᠭᠡᠮ ᠲᠣᠭᠤᠷᠢᠭ/ ᠠᠮᠢᠳᠣ ᠪᠣᠳᠠᠰ ᠤᠨ ᠣᠯᠠᠨ ᠵᠦᠢᠯᠳᠦ ᠴᠢᠨᠠᠷ ᠤᠨ ᠪᠠᠷᠢᠮᠵᠢᠶ᠎ᠠ5. ᠪᠡᠭᠡᠵᠢᠩ ᠦᠪᠦᠷ ᠮᠣᠩᠭᠤᠯ ᠤᠨ ᠬᠠᠮᠳᠣᠷᠠᠯᠴᠠᠭ᠎ᠠ ᠶᠢᠨ ᠵᠢᠷᠭᠤᠭᠠᠨ ︽ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ︾᠄ ᠰᠣᠷᠭᠠᠨ ᠬᠦᠮᠦᠵᠢᠯ ᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ᠂ ᠡᠮ ᠡᠮᠨᠡᠯᠭᠡ ᠶᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ᠂ ᠵᠢᠭᠤᠯᠴᠢᠯᠠᠯ ᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ᠂ ᠠᠵᠣ ᠦᠢᠯᠡᠰ ᠤᠨ ᠬᠠᠮᠳᠣᠷᠠᠯᠴᠠᠭ᠎ᠠ ᠶᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠠᠬᠢᠨ ᠢᠶᠠᠷ ᠨᠡᠮᠡᠭᠳᠡᠭᠦᠯᠬᠦ ᠲᠦᠯᠦᠪᠯᠡᠭᠡ᠃6. ︽ᠭᠤᠷᠪᠠᠨ ᠬᠢᠵᠠᠭᠠᠷᠯᠠᠬᠤ ᠱᠣᠭᠤᠮ︾᠄ ᠬᠤᠳᠠ ᠪᠠᠯᠭᠠᠰᠣ ᠶᠢ ᠨᠡᠭᠡᠭᠡᠨ ᠬᠦᠭᠵᠢᠭᠦᠯᠬᠦ ᠵᠠᠭᠠᠭ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠤᠨ ᠭᠤᠷᠪᠠᠨ ᠵᠣᠷᠪᠣᠰ ᠡᠵᠡᠮᠳᠡᠬᠦ ᠱᠣᠭᠤᠮ ᠢ ᠵᠢᠭᠠᠨ᠎ᠠ᠃7. ︽ᠬᠤᠶᠠᠷ ᠮᠦᠩᠬᠦ᠂ ᠭᠤᠷᠪᠡᠨ ᠲᠦᠷᠢᠮ︾᠄ ︽ᠬᠤᠶᠠᠷ ᠮᠦᠩᠭᠦ︾ ᠭᠡᠳᠡᠭ ᠨᠢ ᠬᠦᠯᠦᠰᠦᠨ ᠠᠵᠢᠯᠴᠢᠨ ᠤ ᠴᠠᠯᠢᠩ ᠤᠨ ᠪᠠᠳᠤᠯᠠᠭ᠎ᠠ ᠶᠢᠨ ᠮᠦᠩᠬᠦ ᠪᠡ ᠪᠠᠴᠢᠮ ᠪᠠᠶᠢᠳᠠᠯ ᠢ ᠠᠷᠭᠠᠴᠠᠭᠠᠬᠤ ᠡᠷᠬᠢᠯᠳᠡ ᠶᠢᠨ ᠮᠦᠩᠬᠦ︔ ︽ᠭᠤᠷᠪᠠᠨ ᠲᠦᠷᠢᠮ︾ ᠭᠡᠳᠡᠭ ᠨᠢ ᠪᠠᠷᠢᠯᠭ᠎ᠠ ᠶᠢᠨ ᠶᠡᠷᠦᠩᠭᠡᠶᠢᠯᠡᠨ ᠳᠠᠭᠠᠭᠠᠴᠢᠯᠠᠭᠰᠠᠨ ᠠᠵᠣ ᠠᠬᠤᠶᠢᠯᠠᠯ ᠤᠨ ᠬᠤᠪᠢᠶᠠᠨ ᠳᠠᠭᠠᠭᠠᠴᠢᠯᠠᠭᠰᠠᠨ ᠠᠵᠣ ᠠᠬᠤᠶᠢᠯᠠᠯ ᠤᠨ ᠴᠠᠯᠢᠩ ᠦᠷᠢᠳᠦᠬᠦ ᠠᠰᠠᠭᠤᠳᠠᠯ ᠢ ᠬᠠᠷᠢᠭᠤᠴᠠᠨ ᠰᠢᠢᠳᠪᠦᠷᠢᠯᠡᠬᠦ ︽ᠬᠠᠷᠢᠭᠤᠴᠠᠯᠭ᠎ᠠ ᠶᠢᠨ ᠲᠦᠷᠢᠮ︾᠂ ᠴᠠᠯᠢᠩ ᠦᠷᠢᠳᠦᠵᠦ ᠣᠷᠭᠤᠵᠣ ᠳᠠᠯᠳᠠᠯᠠᠭᠰᠠᠨ ᠦᠢᠯᠡ ᠠᠵᠢᠯᠯᠠᠭ᠎ᠠ ᠶᠢᠨ ︽ᠵᠠᠰᠠᠭ ᠵᠠᠬᠢᠷᠭᠠᠨ ᠤ ᠬᠠᠣᠯᠢ ᠴᠠᠭᠠᠵᠠ ᠶᠢᠨ ᠬᠤᠯᠪᠣᠭᠠᠯᠠᠨ ᠬᠦᠳᠡᠯᠦᠯᠴᠡᠵᠦ ᠴᠣᠬᠢᠯᠳᠠ ᠦᠭᠬᠦ ᠲᠦᠷᠢᠮ︾᠂ ᠴᠠᠯᠢᠩ ᠦᠷᠢᠳᠦᠭᠰᠡᠨ ᠬᠡᠷᠡᠭ ᠢ ᠰᠢᠢᠳᠪᠦᠷᠢᠯᠡᠬᠦ ︽ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠬᠤ ᠲᠦᠷᠢᠮ︾᠎ ᠢ ᠵᠢᠭᠠᠨ᠎ᠠ  ᠃8. ︽145︾ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠠᠷᠭ᠎ᠠ᠄ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ 1 ᠢᠵᠢ ᠰᠢᠰᠲ᠋ᠧᠮ ᠢ ᠪᠠᠶᠢᠭᠤᠯᠬᠤ ︵ᠨᠠᠮ ᠤᠨ ᠬᠤᠷᠢᠶ᠎ᠠ ᠨᠢᠭᠡᠳᠦᠯᠳᠠᠢ ᠣᠳᠣᠷᠢᠳᠣᠨ᠂ ᠵᠠᠰᠠᠭ ᠤᠨ ᠣᠷᠳᠣᠨ ᠵᠣᠬᠢᠶᠠᠨ ᠪᠠᠶᠢᠭᠤᠯᠣᠨ ᠨᠠᠶᠢᠳᠠᠪᠣᠷᠢᠵᠢᠭᠤᠯᠵᠣ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠤᠯᠪᠣᠭᠠᠯᠠᠭᠰᠠᠨ ᠬᠤᠷᠠᠯ ᠎ ᠢᠶᠠᠷ ᠵᠣᠬᠢᠴᠠᠭᠤᠯᠵᠣ᠂ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ ᠮᠦᠴᠢᠷ ᠠᠬᠢᠭᠤᠯᠵᠣ᠂ ᠡᠯ᠎ᠡ ᠲᠠᠯ᠎ᠠ ᠪᠠᠷ ᠢᠶᠠᠨ ᠵᠡᠷᠭᠡᠪᠡᠷ ᠠᠳᠬᠤᠨ ᠬᠠᠮᠢᠶᠠᠷᠬᠤ︶︔ 4 ᠠᠵᠢᠯ ᠤᠨ ᠡᠩᠨᠡᠭᠡ ᠶᠢ ᠪᠠᠶᠢᠭᠤᠯᠬᠤ ︵ᠵᠠᠬᠢᠳᠠᠯ ᠰᠣᠷᠪᠣᠯᠵᠢᠯᠠᠭ᠎ᠠ ᠶᠢ ᠣᠷᠣᠯᠠᠨ ᠭᠦᠢᠴᠡᠳᠭᠡᠬᠦ ᠠᠵᠢᠯ ᠤᠨ ᠡᠩᠨᠡᠭᠡ᠂ ︽ᠰᠢᠭᠦᠭᠴᠢ᠂ ᠪᠠᠶᠢᠴᠠᠭᠠᠭᠴᠢ᠂ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ᠂ ᠬᠠᠣᠯᠢᠴᠢ︾᠎ ᠪᠠᠷ ᠪᠦᠷᠢᠯᠳᠦᠭᠰᠡᠨ ᠬᠠᠣᠯᠢ ᠴᠠᠭᠠᠵᠠ ᠶᠢᠨ ᠠᠵᠢᠯ ᠤᠨ ᠡᠩᠨᠡᠭᠡ᠂ ︽ᠨᠡᠶᠢᠭᠡᠮ ᠲᠣᠭᠤᠷᠢᠭ + ᠠᠷᠠᠳ ᠤᠨ ᠴᠠᠭᠳᠠᠭ᠎ᠠ︾ ᠠᠵᠢᠯ ᠤᠨ ᠡᠩᠨᠡᠭᠡ᠂ ᠡᠮᠡᠭᠳᠠᠶᠢᠴᠣᠳ ᠤᠨ ᠬᠠᠣᠯᠢ ᠲᠦᠭᠡᠮᠡᠯᠵᠢᠭᠦᠯᠬᠦ ᠠᠵᠢᠯ ᠤᠨ ᠡᠩᠨᠡᠭᠡ︶︔ 5 ᠲᠦᠷᠦᠯ ᠤᠨ ᠠᠵᠢᠯ ᠤᠨ  ᠲᠦᠷᠢᠮ ᠢ ᠰᠦᠪᠡᠭᠴᠢᠯᠡᠬᠦ ︵ᠲᠦᠭᠦᠮ ᠭᠦᠢᠴᠡᠳᠭᠡᠬᠦ ᠲᠦᠷᠢᠮ᠂ ᠠᠩᠬ᠎ᠠ ᠢᠷᠡᠭᠦᠯᠦᠭᠰᠡᠨ ᠵᠠᠬᠢᠳᠠᠯ ᠰᠣᠷᠪᠣᠯᠵᠢᠯᠠᠭ᠎ᠠ ᠶᠢ ᠲᠡᠷᠢᠭᠦᠨ ᠳᠤ ᠭᠦᠢᠴᠡᠳᠭᠡᠬᠦ ᠲᠦᠷᠢᠮ᠂ ᠣᠳᠣᠷᠢᠳᠣᠯᠭ᠎ᠠ ᠬᠡᠷᠡᠭ ᠢ ᠳᠠᠭᠠᠭᠠᠴᠢᠯᠠᠬᠤ ᠲᠦᠷᠢᠮ᠂ ᠣᠳᠣᠷᠢᠳᠣᠯᠭ᠎ᠠ ᠵᠠᠬᠢᠳᠠᠯ ᠰᠣᠷᠪᠣᠯᠵᠢᠯᠠᠭ᠎ᠠ ᠬᠦᠯᠢᠶᠡᠬᠦ ᠲᠦᠷᠢᠮ ᠂ ᠵᠦᠷᠢᠴᠡᠯ ᠵᠢᠭᠤᠷᠠᠯᠳᠣᠭᠠᠨ ᠢ ᠪᠠᠶᠢᠩᠭᠤ ᠪᠠᠶᠢᠴᠠᠭᠠᠬᠤ ᠲᠦᠷᠢᠮ︶᠃9. ᠰᠢᠨ᠎ᠡ ᠴᠠᠭ ᠦᠶ᠎ᠡ ᠶᠢᠨ ︽ᠹᠧᠩ ᠴᠢᠶᠣᠣ ᠪᠠᠯᠭᠠᠰᠣᠨ ᠤ ᠳᠣᠷᠰᠢᠯᠭ᠎ᠠ︾᠄ ᠭᠤᠣᠯ ᠠᠭᠤᠯᠭ᠎ᠠ ᠨᠢ ᠨᠡᠶᠢᠭᠡᠮ ᠎ ᠤᠨ ᠵᠠᠰᠠᠯᠳᠠ ᠶᠢ ᠦᠷᠨᠢᠭᠦᠯᠬᠦ ᠶᠠᠪᠣᠴᠠ ᠳᠤ ︽ᠲᠠᠪᠤ ᠶᠢ ᠪᠠᠷᠢᠮᠳᠠᠯᠠᠬᠤ︾᠎ ᠶᠢ ᠬᠡᠷᠡᠭᠵᠢᠭᠦᠯᠵᠦ᠂ ᠲᠠᠷᠣᠢ ᠨᠠᠮ ᠤᠨ ᠪᠠᠶᠢᠭᠤᠯᠣᠯᠳᠠ ᠶᠢᠨ ᠬᠦᠳᠦᠯᠦᠨ ᠳᠠᠭᠠᠭᠤᠯᠬᠤ ᠶᠢ ᠪᠠᠷᠢᠮᠳᠠᠯᠠᠵᠣ᠂ ᠠᠷᠠᠳ ᠲᠦᠮᠡᠨ ᠤ ᠭᠤᠣᠯ ᠴᠣᠭᠴᠠ ᠶᠢ ᠪᠠᠷᠢᠮᠳᠠᠯᠠᠵᠣ᠂ ᠦᠪᠡᠷᠳᠡᠭᠡᠨ ᠵᠠᠰᠠᠬᠤ᠂ ᠬᠠᠣᠯᠢ ᠪᠠᠷ ᠵᠠᠰᠠᠬᠤ᠂ ᠮᠣᠷᠠᠯ ᠢᠶᠠᠷ ᠵᠠᠰᠠᠬᠤ ︽ᠭᠤᠷᠪᠠᠨ ᠵᠠᠰᠠᠯᠳᠠ ᠶᠢ ᠠᠭᠤᠰᠣᠯᠴᠠᠭᠤᠯᠬᠤ︾᠎ ᠶᠢ ᠪᠠᠷᠢᠮᠳᠠᠯᠠᠵᠣ᠂ ᠬᠦᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠰᠡᠳᠬᠢᠯ ᠢᠶᠠᠷ ᠰᠡᠷᠭᠡᠶᠢᠯᠡᠬᠦ ︽ᠳᠦᠷᠪᠡᠨ ᠰᠡᠷᠭᠡᠶᠢᠯᠡᠬᠦ ᠶᠢ ᠵᠡᠷᠭᠡᠪᠡᠷ ᠴᠢᠬᠤᠯᠠᠴᠢᠯᠠᠬᠤ︾᠎ ᠶᠢ ᠪᠠᠷᠢᠮᠳᠠᠯᠠᠵᠣ᠂ ᠬᠠᠮᠳᠣᠪᠡᠷ ᠪᠠᠶᠢᠭᠤᠯᠵᠣ ᠬᠠᠮᠳᠣᠪᠡᠷ ᠡᠳ᠋ᠯᠡᠬᠦ ᠶᠠᠪᠣᠳᠠᠯ ᠪᠣᠯᠣᠨ᠎ᠠ᠃10. ᠬᠤᠶᠠᠷ ᠰᠠᠯᠪᠣᠷᠢ ᠨᠢᠭᠡ ᠲᠣᠪᠴᠢᠶ᠎ᠠ ᠨᠢᠭᠡ ᠲᠢᠩᠭᠢᠮ᠄ ︽ᠲᠣᠮᠢᠯᠠᠭᠰᠠᠨ ᠰᠠᠯᠪᠣᠷᠢ᠂ ᠬᠠᠣᠯᠢ ᠴᠠᠭᠠᠵᠠ ᠶᠢᠨ ᠰᠠᠯᠪᠣᠷᠢ᠂ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠲᠣᠪᠴᠢᠶ᠎ᠠ᠂ ᠠᠷᠠᠳ ᠤᠨ ᠰᠢᠬᠦᠬᠦ ᠲᠢᠩᠭᠢᠮ︾᠎ ᠤᠨ ᠬᠠᠮᠢᠶ᠎ᠠ ᠪᠦᠬᠦᠢ ᠠᠵᠢᠯᠳᠠᠳ ᠤᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠠᠷᠢᠯᠴᠠᠨ ᠬᠤᠯᠪᠣᠭᠠᠯᠠᠵᠣ᠂ ᠦᠨᠳᠦᠰᠦᠨ ᠱᠠᠳᠣᠨ ᠤ ᠨᠡᠶᠢᠭᠡᠮ ᠤᠨ ᠵᠦᠷᠢᠴᠡᠯ ᠵᠢᠭᠤᠷᠠᠯᠳᠣᠭᠠᠨ ᠢ ᠪᠦᠲᠦᠮᠵᠢᠳᠠᠢ ᠰᠢᠢᠳᠪᠦᠷᠢᠯᠡᠬᠦ ᠠᠵᠢᠯ ᠤᠨ ᠲᠦᠷᠢᠮ᠃11. ᠳᠦᠷᠪᠡᠨ ᠰᠠᠯᠪᠣᠷᠢ ᠨᠢᠭᠡ ᠲᠢᠩᠭᠢᠮ᠄ ︽ᠬᠠᠣᠯᠢ ᠴᠠᠭᠠᠵᠠ ᠶᠢᠨ ᠰᠠᠯᠪᠣᠷᠢ᠂ ᠲᠣᠮᠢᠯᠠᠭᠰᠠᠨ ᠰᠠᠯᠪᠣᠷᠢ᠂ ᠬᠠᠣᠯᠢᠴᠢ ᠶᠢᠨ ᠬᠡᠷᠡᠭ ᠡᠷᠬᠢᠯᠡᠬᠦ ᠭᠠᠵᠠᠷ᠂ ᠦᠨᠳᠦᠰᠦᠨ ᠱᠠᠳᠣᠨ ᠤ ᠬᠠᠣᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠠᠷᠠᠳ ᠤᠨ ᠰᠢᠬᠦᠬᠦ ᠲᠢᠩᠭᠢᠮ︾᠎ ᠤᠨ ᠬᠠᠮᠢᠶ᠎ᠠ ᠪᠦᠬᠦᠢ ᠠᠵᠢᠯᠳᠠᠳ ᠤᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠠᠷᠢᠯᠴᠠᠨ ᠬᠤᠯᠪᠣᠭᠠᠯᠠᠵᠣ᠂  ᠦᠨᠳᠦᠰᠦᠨ ᠱᠠᠳᠣᠨ ᠤ ᠨᠡᠶᠢᠭᠡᠮ ᠤᠨ ᠵᠦᠷᠢᠴᠡᠯ ᠵᠢᠭᠤᠷᠠᠯᠳᠣᠭᠠᠨ ᠎ ᠢ ᠪᠦᠲᠦᠮᠵᠢᠳᠠᠢ ᠰᠢᠢᠳᠪᠦᠷᠢᠯᠡᠬᠦ ᠠᠵᠢᠯ ᠤᠨ ᠲᠦᠷᠢᠮ᠃12. ︽ᠰᠢᠭᠦᠭᠴᠢ᠂ ᠪᠠᠶᠢᠴᠠᠭᠠᠭᠴᠢ᠂ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ᠂ ᠬᠠᠣᠯᠢᠴᠢ︾13. ᠬᠤᠣᠰ ᠰᠣᠭᠤᠴᠢᠯᠳᠠ᠂ ᠨᠢᠭᠡ ᠢᠯᠡ ᠪᠣᠯᠭᠠᠬᠤ᠄ ᠬᠢᠨᠠᠨ ᠬᠠᠮᠢᠶᠠᠷᠬᠤ ᠶᠠᠪᠣᠴᠠ ᠳᠤ ᠪᠠᠶᠢᠴᠠᠭᠠᠭᠳᠠᠬᠤ ᠡᠳᠡᠭᠡᠳ ᠢ ᠰᠣᠭᠤᠴᠢᠨ ᠲᠣᠭᠳᠠᠭᠠᠵᠣ᠂ ᠬᠠᠣᠯᠢ ᠬᠡᠷᠡᠭᠵᠢᠭᠦᠯᠵᠦ ᠪᠠᠶᠢᠴᠠᠭᠠᠬᠤ ᠠᠵᠢᠯᠳᠠᠨ ᠢ ᠰᠣᠭᠤᠴᠢᠨ ᠲᠣᠭᠢᠷᠠᠭᠤᠯᠵᠣ᠂ ᠡᠭᠦᠨ ᠤ ᠬᠠᠮᠳᠣ ᠰᠣᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠭᠰᠠᠨ ᠦᠷ᠎ᠡ ᠳ᠋ᠦᠩ ᠢ ᠴᠠᠭ ᠲᠣᠬᠠᠢ ᠳᠤᠨᠢ ᠨᠡᠶᠢᠭᠡᠮ ᠨᠡᠶᠢᠳᠡ ᠳᠤ ᠢᠯᠡ  ᠪᠣᠯᠭᠠᠬᠤ᠃14. ᠵᠢᠷᠭᠤᠭᠠᠨ ᠢᠨᠵᠧᠨᠧᠷᠢᠩ᠄ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠭᠰᠠᠨ ᠢᠨᠵᠧᠨᠧᠷᠢᠩ᠂ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠪᠠ ᠴᠠᠬᠢᠯᠭᠠᠨ ᠬᠦᠴᠦᠨ ᠤ ᠴᠠᠬᠢᠯᠭᠠᠨ ᠪᠠ ᠨᠠᠷᠠᠨ ᠤ ᠡᠨᠧᠷᠬᠢ ᠶᠢᠨ ᠴᠠᠬᠢᠯᠭᠠᠨ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ᠂ ᠢᠳᠡᠭᠡᠮᠵᠢ ᠶᠢᠨ ᠪᠠᠶᠢᠭᠤᠯᠣᠯᠳᠠ ᠶᠢᠨ ᠢᠨᠵᠧᠨᠧᠷᠢᠩ᠂ ᠰᠢᠨᠵᠢᠯᠡᠭᠡ ᠮᠡᠷᠭᠡᠵᠢᠯ ᠤᠨ ︽ᠰᠢᠪᠳᠣᠯᠣᠯᠳᠠ︾᠎ ᠶᠢᠨ ᠢᠨᠵᠧᠨᠧᠷᠢᠩ᠂ ᠴᠢᠯᠦᠭᠡᠳᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃15. ︽ᠬᠤᠶᠠᠷ ᠵᠢᠷᠤᠭ ᠬᠤᠶᠠᠷ ᠬᠦᠰᠦᠨᠦᠭᠳᠤ ᠬᠤᠶᠠᠷ ᠬᠦᠮᠦᠷᠭᠡ︾᠄ ᠠᠵᠦ ᠦᠢᠯᠡᠰ ᠤᠨ ᠬᠡᠯᠬᠢᠶᠠᠨ ᠤ ᠪᠦᠬᠦ ᠦᠵᠡᠮᠵᠢ ᠶᠢᠨ ᠵᠢᠷᠤᠭ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠯᠤᠰ ᠭᠡᠳᠤ ᠶᠢᠨ ᠲᠦᠰᠦᠪ ᠤᠨ ᠵᠢᠷᠤᠭ᠂ ᠲᠤᠯᠤᠭᠠᠶᠢᠯᠠᠭᠴᠢ ᠠᠵᠦ ᠠᠬᠤᠶᠢᠯᠠᠯ ᠤᠨ ᠬᠦᠰᠦᠨᠦᠭᠳᠤ᠂ ᠢᠵᠢ ᠪᠦᠷᠢᠨ ᠠᠵᠦ ᠠᠬᠤᠶᠢᠯᠠᠯ ᠤᠨ ᠬᠦᠰᠦᠨᠦᠭᠳᠤ᠂ ᠭᠤᠤᠯᠳᠠᠯᠭ᠎ᠠ ᠲᠠᠢ ᠲᠦᠷᠦᠯ ᠵᠦᠢᠯ ᠤᠨ ᠬᠦᠮᠦᠷᠭᠡ᠂ ᠬᠠᠷᠢᠯᠴᠠᠭᠠᠨ ᠤ ᠵᠤᠴᠢᠨ ᠡᠷᠦᠬᠡ ᠶᠢᠨ ᠬᠦᠮᠦᠷᠭᠡ᠃16. ︽ᠨᠢᠬᠡ ᠶᠢ ᠰᠢᠯᠢᠳᠡᠭᠵᠢᠬᠦᠯᠦᠨ ᠬᠤᠶᠠᠷ ᠢ ᠦᠰᠭᠡᠬᠦ︾᠄ ︽ᠬᠤᠨᠢᠨ ᠤ ᠡᠬᠦᠯᠳᠡᠷ ᠢ ᠰᠢᠯᠢᠳᠡᠭᠵᠢᠬᠦᠯᠦᠨ ᠦᠬᠡᠷ ᠦᠰᠭᠡᠬᠦ︾ ︽ᠬᠤᠨᠢᠨ ᠤ ᠡᠬᠦᠯᠳᠡᠷ ᠢ ᠰᠢᠯᠢᠳᠡᠭᠵᠢᠬᠦᠯᠦᠨ ᠲᠡᠮᠡᠭᠡ ᠦᠰᠬᠡᠬᠦ︾᠃17᠂ ︽ᠮᠢᠩᠭᠠᠨ ᠲᠦᠮᠡᠨ ᠢᠨᠵᠧᠨᠧᠷᠢᠩ︾᠎ ᠤᠨ ᠲᠤᠷᠰᠢᠯᠭ᠎ᠠ᠄ ︽ᠮᠢᠩᠭᠠᠨ ᠲᠤᠰᠬᠤᠨ ᠢᠶᠠᠷ ᠵᠢᠱᠢᠶ᠎ᠠ ᠦᠵᠡᠬᠦᠯᠵᠦ᠂ ᠲᠦᠮᠡᠨ ᠲᠤᠰᠬᠤᠨ ᠢ ᠵᠠᠰᠠᠨ ᠴᠡᠭᠴᠡᠯᠡᠬᠦ︾ ᠢᠨᠵᠧᠨᠧᠷᠢᠩ ᠢ ᠲᠦᠬᠦᠮᠴᠢᠯᠡᠬᠡᠳ ︽ᠮᠢᠩᠭᠠᠨ ᠲᠦᠮᠡᠨ ᠢᠨᠵᠧᠨᠧᠷᠢᠩ︾ ᠭᠡᠳᠡᠭ᠂ ᠡᠨᠡ ᠪᠤᠯ ᠵᠧᠵᠢᠶᠠᠩ ᠤᠨ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠬᠠᠶᠢᠷᠬᠠᠨ ᠮᠦᠨ︾ ᠭᠡᠬᠦ ᠤᠶᠢᠯᠠᠭᠠᠭᠳᠠᠬᠤᠨ ᠤ ᠦᠨᠳᠤᠰᠤᠨ ᠱᠠᠳᠤᠨ ᠤ ᠲᠠᠷᠢᠶᠠᠯᠠᠬᠤ ᠲᠤᠰᠬᠤᠨ ᠤ ᠠᠮᠵᠢᠯᠳᠠᠳᠠᠢ ᠦᠢᠯᠡᠳᠤᠯᠭᠡ ᠮᠥᠨ᠃18. ︽ᠬᠤᠶᠠᠷ ᠢ ᠲᠠᠬᠢᠨ ᠢᠶᠠᠷ ᠨᠡᠮᠡᠭᠳᠡᠬᠦᠯᠬᠦ︾ ᠠᠵᠢᠯᠯᠠᠭ᠎ᠠ᠄ ᠲᠡᠭᠡᠳᠤ ᠰᠢᠨ᠎ᠡ ᠮᠡᠷᠭᠡᠵᠢᠯ ᠤᠨ ᠠᠵᠦ ᠠᠬᠤᠶᠢᠯᠠᠯ ᠪᠡ ᠰᠢᠨᠵᠢᠯᠡᠭᠡ ᠮᠡᠷᠭᠡᠵᠢᠯ ᠤᠨ ᠭᠡᠯᠪᠡᠷᠢ ᠶᠢᠨ ᠲᠤᠮᠳᠠ ᠪᠠᠭ᠎ᠠ ᠠᠵᠦ ᠠᠬᠤᠶᠢᠯᠠᠯ ᠤᠨ ︽ᠬᠤᠶᠠᠷ ᠢ ᠲᠡᠬᠢᠨ ᠢᠶᠠᠷ ᠨᠡᠮᠡᠭᠳᠡᠬᠦᠯᠬᠦ︾ ᠠᠵᠢᠯᠯᠠᠭ᠎ᠠ ᠪᠤᠯᠤᠨ᠎ᠠ᠃19. ︽ᠭᠤᠷᠪᠡᠨ ᠪᠤᠯᠬᠤ ᠦᠬᠡᠢ ᠭᠤᠷᠪᠡ ᠶᠢ ᠮᠡᠳᠡᠬᠦᠯᠬᠦ ᠭᠤᠷᠪᠡ ᠶᠢ ᠬᠠᠮᠠᠭᠠᠯᠠᠬᠤ︾᠄ ︽ᠭᠤᠷᠪᠡᠨ ᠪᠤᠯᠬᠤ ᠦᠬᠡᠢ︾ ᠭᠡᠳᠡᠭ ᠨᠢ ᠲᠠᠷᠤᠢ ᠬᠤᠯᠤᠭᠠᠨ᠎ᠠ᠂ ᠲᠠᠤᠯᠠᠢ᠂ ᠦᠨᠡᠭᠡ᠂ ᠴᠢᠨ᠋ᠸ᠎ᠠ᠂ ᠲᠠᠨᠤᠬᠦᠯ ᠨᠤᠬᠠᠢ᠂ ᠲᠠᠨᠤᠬᠦᠯ ᠮᠤᠤᠷ᠂ ᠵᠡᠭᠡᠷ᠎ᠡ᠂ ᠲᠠᠷᠪᠠᠭ᠎ᠠ ᠵᠡᠷᠭᠡ ᠠᠮᠢᠳᠠᠨ ᠲᠠᠢ ᠦᠢᠷᠡᠳᠴᠦ ᠪᠤᠯᠬᠤ ᠦᠬᠡᠢ᠂ ᠮᠢᠬ᠎ᠠ ᠶᠢ ᠨᠢ ᠢᠳᠡᠬᠦ ᠦᠬᠡᠢ᠂ ᠠᠪᠴᠦ ᠶᠠᠪᠤᠬᠤ ᠦᠬᠡᠢ ᠪᠠᠶᠢᠬᠤ︔ ᠭᠡᠭᠡᠷ᠎ᠡ ᠭᠠᠳᠠᠨ᠎ᠠ᠂ ᠤᠨᠴᠠᠭᠠᠶᠢᠯᠠᠨ ᠬᠤᠯᠤᠭᠠᠨ᠎ᠠ ︵ᠲᠠᠷᠪᠠᠭ᠎ᠠ ᠪᠠᠭᠳᠠᠨ᠎ᠠ︶᠎ ᠶᠢᠨ ᠲᠦᠷᠦᠯ᠂ ᠭᠡᠭᠡᠷ᠎ᠡ ᠶᠢᠨ ᠲᠠᠤᠯᠠᠢ ᠵᠡᠷᠭᠡ ᠠᠮᠢᠳᠠᠨ ᠤ ᠨᠦᠬᠡᠨ ᠤ ᠦᠢᠷ᠎ᠡ ᠬᠠᠪᠢ ᠪᠠᠷ ᠠᠮᠠᠷᠠᠵᠦ ᠪᠤᠯᠬᠤ ᠦᠬᠡᠢ᠂ ᠨᠠᠩ ᠴᠦ ᠠᠮᠢᠳᠠᠨ ᠤ ᠨᠦᠬᠡ ᠶᠢ ᠮᠠᠯᠳᠠᠵᠦ ᠪᠤᠯᠬᠤ ᠦᠬᠡᠢ︔ ᠬᠡᠨᠡᠳᠳᠡ ᠦᠭᠦᠭᠰᠡᠨ ᠡᠪᠡᠳᠴᠢᠳᠠᠨ᠂ ᠬᠤᠯᠤᠭᠠᠨ᠎ᠠ ᠎ ᠶᠢᠨ ᠬᠢᠵᠢᠭ ᠤᠨ ᠰᠡᠵᠢᠭᠯᠡᠯᠳᠡᠢ ᠡᠪᠡᠳᠴᠢᠳᠠᠨ᠂ ᠬᠤᠯᠤᠭᠠᠨ᠎ᠠ ᠶᠢᠨ ᠬᠢᠵᠢᠭ ᠢᠶᠠᠷ ᠤᠨᠤᠰᠢᠯᠠᠭᠳᠠᠭᠰᠠᠨ ᠡᠪᠡᠳᠴᠢᠳᠠᠨ ᠎ ᠲᠠᠢ ᠤᠶᠢᠷᠠᠳᠴᠦ ᠪᠤᠯᠬᠤ ᠦᠬᠡᠢ᠃ ︽ᠭᠤᠷᠪᠡ ᠶᠢ ᠮᠡᠳᠡᠬᠦᠯᠬᠦ︾ ᠭᠡᠳᠡᠭ ᠨᠢ ᠲᠠᠷᠤᠢ ᠡᠪᠡᠳᠴᠢᠨ ᠢᠶᠠᠷ ᠦᠬᠦᠭᠰᠡᠨ ᠬᠤᠯᠤᠭᠠᠨ᠎ᠠ᠂ ᠬᠤᠯᠤᠭᠠᠨ᠎ᠠ ᠶᠢᠨ ᠬᠢᠵᠢᠭ ᠤᠨ ᠰᠡᠵᠢᠭᠯᠡᠯᠳᠡᠢ ᠡᠪᠡᠳᠴᠢᠳᠠᠨ᠂ ᠰᠢᠯᠳᠠᠭᠠᠨ ᠨᠢ ᠲᠤᠳᠤᠷᠬᠠᠢ ᠦᠬᠡᠢ ᠶᠡᠭᠡᠪᠡᠷ ᠬᠠᠯᠠᠭᠤᠷᠠᠵᠦ ᠪᠠᠶᠢᠭ᠎ᠠ ᠡᠪᠡᠳᠴᠢᠳᠠᠨ ᠪᠡ ᠭᠡᠨᠡᠳᠳᠠ ᠦᠬᠦᠭᠰᠡᠨ ᠡᠪᠡᠳᠴᠢᠳᠠᠨ ᠢ ᠴᠠᠭ ᠲᠤᠬᠠᠢ ᠳᠤᠨᠢ ᠮᠡᠳᠡᠬᠦᠯᠬᠦ ᠭᠡᠷᠡᠭᠳᠡᠢ︔ ᠤᠷᠤᠨ ᠰᠠᠭᠤᠴᠠ ᠵᠢᠴᠢ ᠦᠢᠷ᠎ᠡ ᠬᠠᠪᠢ ᠶᠢᠨ ᠤᠷᠴᠢᠨ ᠲᠤᠭᠤᠷᠢᠨ ᠢ ᠴᠡᠪᠡᠷ ᠲᠡᠭᠰᠢ ᠪᠠᠶᠢᠯᠭᠠᠵᠦ᠂ ᠮᠤᠤᠷ ᠢ ᠰᠢᠩᠭᠡᠯᠢᠭ ᠲᠤ ᠬᠤᠷᠢᠬᠤ᠂ ᠨᠤᠬᠠᠢ ᠶᠢ ᠤᠶᠠᠵᠦ ᠲᠡᠵᠢᠬᠡᠬᠦ᠂ ᠲᠤᠭᠳᠠᠭᠰᠠᠨ ᠬᠤᠭᠤᠴᠠᠭ᠎ᠠ ᠎ ᠲᠠᠢ ᠪᠠᠷ ᠨᠤᠬᠠᠢ ᠶᠢᠨ ᠪᠦᠭᠡᠰᠤ ᠶᠢ ᠤᠰᠠᠳᠬᠠᠬᠤ ᠠᠷᠭ᠎ᠠ ᠭᠡᠮᠵᠢᠶ᠎ᠠ ᠠᠪᠬᠤ ᠭᠡᠷᠡᠭᠳᠡᠢ︔ ᠡᠪᠡᠳᠴᠢᠳᠠᠨ ᠢ ᠲᠤᠬᠠᠢ ᠎ ᠶᠢᠨ ᠭᠠᠵᠡᠷ ᠲᠤᠨᠢ ᠡᠮᠨᠡᠨ ᠵᠠᠰᠠᠵᠦ᠂ ᠡᠪᠡᠳᠴᠢᠳᠠᠨ ᠢ ᠦᠳᠳᠡᠷ ᠲᠦᠷᠭᠡᠨ ᠴᠠᠭ ᠲᠤᠬᠠᠢ ᠳᠤᠨᠢ ᠡᠮᠨᠡᠨ ᠵᠠᠰᠠᠬᠤ ᠶᠢ ᠪᠠᠳᠤᠯᠠᠬᠤ ᠭᠡᠷᠡᠭᠳᠡᠢ᠃ ︽ᠭᠤᠷᠪᠡ ᠶᠢ ᠬᠠᠮᠠᠭᠠᠯᠠᠬᠤ︾ ᠭᠡᠳᠡᠭ ᠨᠢ ᠲᠠᠷᠤᠢ ᠪᠦᠳᠤᠮᠵᠢᠳᠡᠢ ᠰᠠᠷᠭᠡᠶᠢᠯᠡᠨ ᠬᠠᠮᠠᠭᠠᠯᠠᠵᠦ ᠂ ᠭᠡᠭᠡᠷ᠎ᠡ ᠭᠠᠳᠠᠨ᠎ᠠ ᠬᠦᠳᠡᠯᠭᠡᠭᠡᠨ ᠬᠢᠬᠦ ᠪᠤᠶᠤ ᠠᠵᠢᠯᠯᠠᠬᠤ ᠳᠠᠭᠠᠨ ᠤᠷᠳᠤ ᠦᠮᠦᠳᠤ᠂ ᠤᠷᠳᠤ ᠬᠠᠨᠴᠤᠢ ᠲᠠᠢ ᠬᠦᠷᠮ᠎ᠡ ᠡᠮᠤᠰᠴᠦ᠂ ᠴᠢᠬᠤᠯᠠ ᠲᠠᠢ ᠦᠶ᠎ᠠ ᠳᠤ ᠦᠨᠳᠤᠷ ᠲᠦᠷᠡᠢ ᠲᠠᠢ ᠭᠤᠳᠤᠯ ᠪᠤᠶᠤ ᠨᠤᠬᠠᠢ ᠶᠢᠨ ᠪᠦᠭᠡᠰᠤ ᠠᠴᠠ ᠰᠡᠷᠭᠡᠶᠢᠯᠡᠬᠦ ᠤᠶᠢᠮᠤᠰᠤ ᠡᠮᠤᠰᠬᠦ ᠭᠡᠷᠡᠭᠳᠡᠢ᠃ ᠬᠢᠵᠢᠭ ᠲᠠᠢ ᠤᠷᠤᠨ᠂ ᠬᠢᠵᠢᠭ ᠤᠨ ᠴᠡᠭ ᠲᠤ ᠰᠢᠢᠳᠪᠤᠷᠢᠯᠡᠬᠦ ᠠᠵᠢᠯ ᠬᠢᠬᠦ ᠶᠠᠪᠤᠴᠠ ᠳᠤ᠂ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠤ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠶᠢ ᠴᠢᠩᠭᠠᠳᠬᠠᠬᠤ ᠭᠡᠷᠡᠭᠳᠡᠢ︔ ᠡᠷᠡᠬᠦᠯ ᠮᠠᠨᠳᠤ ᠶᠢᠨ ᠬᠢᠨᠠᠨ ᠬᠠᠮᠠᠭᠠᠯᠠᠯᠳᠠ ᠬᠢᠵᠦ᠂ ᠬᠤᠨᠢᠴᠢᠨ᠂ ᠬᠤᠯᠤᠭᠠᠨ᠎ᠠ ᠤᠰᠠᠳᠬᠠᠭᠴᠢ᠂ ᠭᠡᠭᠡᠷ᠎ᠡ ᠭᠠᠳᠠᠨ᠎ᠠ ᠠᠵᠢᠯᠯᠠᠵᠦ ᠪᠠᠶᠢᠭ᠎ᠠ ᠬᠦᠮᠦᠰ ᠪᠡ ᠬᠢᠵᠢᠭ ᠤᠨ ᠰᠤᠷᠪᠤᠯᠵᠢ ᠭᠠᠵᠡᠷ ᠎ ᠤᠨ ᠰᠠᠭᠤᠭᠠᠯᠢ ᠠᠷᠠᠳ ᠲᠤ ᠡᠳᠤᠷ ᠪᠦᠷᠢ ᠡᠷᠡᠬᠦᠯ ᠮᠠᠨᠳᠤ ᠶᠢᠨ ᠬᠢᠨᠠᠨ ᠪᠠᠶᠢᠴᠠᠭᠠᠯᠳᠠ ᠬᠢᠵᠦ᠂ ᠭᠡᠪ ᠤᠨ ᠪᠤᠰᠤ ᠪᠠᠶᠢᠳᠠᠯ ᠭᠠᠷᠪᠡᠯ ᠴᠠᠭ ᠲᠤᠬᠠᠢ ᠳᠤᠨᠢ ᠮᠡᠳᠡᠬᠦᠯᠬᠦ ᠭᠡᠷᠡᠭᠳᠡᠢ︔ ᠬᠠᠷᠠᠵᠦ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠬᠢᠵᠢᠭ ᠤᠨ ᠴᠡᠭ ᠤᠨ ᠦᠢᠷ᠎ᠡ ᠬᠠᠪᠢ ᠪᠠᠷ ᠤᠷᠤᠵᠦ ᠭᠠᠷᠬᠤ ᠬᠦᠮᠦᠰ ᠢ ᠡᠷᠭᠡᠪᠰᠢ ᠬᠠᠷᠠᠵᠦ ᠬᠠᠮᠠᠭᠠᠯᠠᠵᠦ᠂ ᠪᠦᠳᠤᠮᠵᠢᠳᠡᠢ ᠰᠡᠷᠭᠡᠶᠢᠯᠡᠯᠳᠡ ᠬᠠᠮᠠᠭᠠᠯᠠᠯᠳᠠ ᠦᠬᠡᠢ ᠪᠠᠷ ᠬᠦᠮᠦᠰ ᠤᠨ ᠬᠢᠵᠢᠭ ᠤᠨ ᠴᠡᠭ ᠲᠤ ᠤᠷᠤᠬᠤ ᠶᠢ ᠰᠡᠷᠭᠡᠶᠢᠯᠡᠬᠦ ᠭᠡᠷᠡᠭᠳᠡᠢ᠃20. ︽ᠲᠦᠷᠪᠡᠨ ᠬᠠᠮᠤᠭ ᠴᠢᠩᠭ᠎ᠠ︾᠄ ᠬᠠᠮᠤᠭ ᠤᠨ ᠴᠢᠩᠭ᠎ᠠ ᠪᠡᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠳᠠ᠂ ᠬᠠᠮᠤᠭ ᠤᠨ ᠴᠢᠩᠭ᠎ᠠ ᠪᠠᠷ ᠰᠢᠳᠭᠡᠬᠦ᠂ ᠬᠠᠮᠤᠭ ᠤᠨ ᠴᠢᠩᠭ᠎ᠠ ᠪᠠᠷ ᠬᠠᠷᠢᠭᠤᠴᠠᠯᠭ᠎ᠠ ᠭᠡᠯᠡᠯᠴᠠᠬᠦ᠃21. ︽ᠭᠤᠷᠪᠡ ᠶᠢ ᠬᠠᠮᠢᠶᠠᠷᠬᠤ ᠭᠤᠷᠪᠡᠨ ᠡᠷᠭᠡᠪᠰᠢ︾᠄ ᠠᠵᠢᠯ ᠲᠦᠷᠦᠯ ᠢ ᠬᠠᠮᠢᠶᠠᠷᠬᠤ ᠳᠤ ᠡᠷᠭᠡᠪᠰᠢ ᠠᠮᠤᠷ ᠲᠦᠪᠰᠢᠨ ᠢ ᠬᠠᠮᠢᠶᠡᠷᠤᠨ᠎ᠠ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠭᠡᠪᠰᠢ ᠠᠮᠤᠷ ᠲᠦᠪᠰᠢᠨ ᠢ ᠬᠠᠮᠢᠶᠠᠷᠤᠨ᠎ᠠ᠂ ᠦᠢᠯᠡᠳᠪᠤᠷᠢᠯᠡᠯ ᠡᠵᠡᠩᠨᠡᠯᠳᠡ ᠶᠢ ᠬᠠᠮᠢᠶᠠᠷᠬᠤ ᠳᠤ ᠡᠷᠭᠡᠪᠰᠢ ᠠᠮᠤᠷ ᠲᠦᠪᠰᠢᠨ ᠢ ᠬᠠᠮᠢᠶᠠᠷᠤᠨ᠎ᠠ᠃22. ︽ᠠᠮᠤᠷ ᠲᠦᠪᠰᠢᠨ ᠤ ᠲᠦᠬᠦᠭᠡᠷᠤᠮᠵᠢ ᠶᠢᠨ ᠭᠤᠷᠪᠡᠨ ᠬᠠᠮᠳᠤ ᠳᠤᠨᠢ ᠪᠠᠶᠢᠬᠤ ᠬᠠᠮᠢᠶᠠᠷᠤᠯᠳᠠ︾᠄ ᠦᠢᠯᠡᠳᠪᠤᠷᠢᠯᠡᠯ ᠡᠵᠡᠩᠨᠡᠯᠳᠡ ᠶᠢᠨ ᠨᠢᠭᠡᠴᠠ ᠶᠢᠨ ᠰᠢᠨ᠎ᠡ ᠪᠠᠷ ᠪᠠᠶᠢᠭᠤᠯᠬᠤ᠂ ᠦᠬᠡᠷᠡᠴᠢᠯᠠᠨ ᠪᠠᠶᠢᠭᠤᠯᠬᠤ᠂ ᠦᠷᠭᠡᠳᠭᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠠᠮᠤᠷ ᠲᠦᠪᠰᠢᠨ ᠤ ᠲᠦᠬᠦᠭᠡᠷᠤᠮᠵᠢ ᠶᠢ ᠡᠷᠭᠡᠪᠰᠢ ᠭᠤᠤᠯ ᠴᠤᠭᠴᠠ ᠶᠢᠨ ᠢᠨᠵᠧᠨᠧᠷᠢᠩ ᠲᠠᠢ ᠬᠠᠮᠳᠤ ᠳᠤᠨᠢ ᠲᠦᠯᠦᠪᠯᠡᠬᠦ᠂ ᠬᠠᠮᠳᠤ ᠳᠤᠨᠢ ᠪᠠᠷᠢᠯᠭ᠎ᠠ ᠪᠡᠷᠢᠬᠤ᠂ ᠬᠠᠮᠳᠤ ᠳᠤᠨᠢ ᠠᠰᠢᠭᠯᠠᠯᠳᠠ ᠳᠤ ᠤᠷᠤᠭᠤᠯᠬᠤ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号