ᠠᠶᠢᠯ ᠬᠤᠳᠠᠯᠠᠭᠠᠷ ᠢᠶᠠᠨ ᠴᠤᠭᠯᠠᠷᠠᠨ᠂ ᠠᠬᠠᠮᠠᠳ ᠳᠤᠮᠤᠭᠠᠳᠠᠨ ᠳᠤ ᠪᠠᠨ ᠵᠤᠯᠭᠠᠳᠠᠭ ᠰᠢᠨ᠎ᠡ ᠵᠢᠯ ᠴᠠᠭᠠᠨ | ᠰᠠᠷ᠎ᠠ ᠪᠠᠷ᠂ ᠠᠷᠠᠳ ᠤᠯᠠᠨ ᠤ ᠠᠮᠤᠷ ᠲᠦᠪᠰᠢᠨ ᠢ ᠴᠠᠭ ᠢᠮᠠᠭᠳᠠ ᠪᠠᠳᠤᠯᠠᠨ ᠰᠠᠬᠢᠳᠠᠭ ᠨᠢᠭᠡ ᠪᠦᠯᠦᠭ ᠨᠢᠭᠡᠳᠦᠭᠡᠷ | ᠹᠷᠤᠨᠲ ᠤᠨ ᠭᠠᠪᠰᠢᠭᠠᠶᠢᠯᠠᠭᠴᠢᠳ᠂ ᠵᠢᠯ ᠪᠤᠯᠭᠠᠨ ᠠᠵᠢᠯ ᠤᠨ ᠪᠠᠶᠢᠷᠢᠨ ᠳᠡᠭᠡᠷ᠎ᠡ ᠪᠠᠨ ᠰᠢᠨ᠎ᠡ ᠵᠢᠯ ᠢᠶᠠᠨ ᠤᠭᠳᠤᠨ᠂ | ᠴᠠᠭᠠᠨ ᠰᠠᠷ᠎ᠠ ᠪᠠᠨ ᠳᠡᠮᠳᠡᠭᠯᠡᠳᠡᠭ᠃ ᠳᠡᠭᠡᠪᠡᠯ ᠬᠤᠰᠢᠭᠤ ᠲᠦᠮᠡᠷ ᠤᠨᠳᠠᠷᠠᠭᠠᠬᠤ ᠶᠡᠭᠡ ᠠᠩᠭᠢ ᠶᠢᠨ ᠬᠢᠨ ᠴᠠᠭᠠᠨ | ᠰᠠᠷ᠎ᠠ ᠪᠠᠨ ᠶᠠᠭᠠᠬᠢᠵᠦ ᠳᠡᠮᠳᠡᠭᠯᠡᠭᠰᠡᠨ ᠪᠤᠯ︖ | ᠲᠦᠢᠮᠡᠷ ᠤᠨᠳᠠᠷᠠᠭᠠᠬᠤ ᠶᠡᠭᠡ ᠠᠩᠭᠢ ᠶᠢᠨ ᠬᠤᠭᠤᠯᠠᠨ ᠭᠡᠷ ᠲᠤ᠂ ᠬᠦᠷ ᠬᠦᠭᠵᠢᠶᠡᠨ ᠢᠶᠠᠷ ᠪᠢᠯᠬᠠᠨ᠂ | ᠪᠠᠶᠢᠯᠳᠤᠭᠴᠢᠳ ᠮᠢᠬ᠎ᠠ ᠨᠤᠭᠤᠭ᠎ᠠ ᠭᠡᠷᠡᠴᠢᠨ᠂ ᠭᠤᠯᠢᠷ ᠨᠤᠬᠤᠵᠤ᠂ ᠰᠢᠨ᠎ᠡ ᠵᠢᠯ ᠤᠨ ᠵᠦᠩᠨᠡᠯ ᠢᠶᠠᠨ ᠰᠢᠩᠭᠡᠭᠡᠭᠰᠡᠨ | ᠠᠮᠳᠠᠳᠤ ᠪᠠᠩᠰᠢ ᠪᠠᠷᠢᠵᠠᠭᠠᠨᠠ᠃ | ᠰᠤᠷᠪᠤᠯᠵᠢᠯᠠᠭ᠎ᠠ᠄ ᠲᠦᠢᠮᠡᠷ ᠤᠨᠳᠠᠷᠠᠭᠠᠬᠤ ᠶᠡᠭᠡ ᠠᠩᠭᠢ ᠶᠢᠨ ᠪᠠᠶᠢᠯᠳᠤᠭᠴᠢ ᠵᠤᠤ ᠲᠢᠶᠧ ᠵᠦ ︵ᠪᠢᠳᠡ | ᠴᠠᠭᠠᠨ ᠰᠠᠷ᠎ᠠ ᠪᠠᠶᠢᠯᠳᠤᠭᠠᠨ ᠤ ᠬᠤᠪᠴᠠᠰᠤ ᠪᠠᠨ ᠡᠮᠦᠰᠴᠦ ᠬᠠᠮᠳᠤᠪᠡᠷ ᠪᠢᠲᠡᠭᠦᠨ ᠤ ᠬᠤᠭᠤᠯᠠ ᠢᠳᠡᠳᠡᠭ᠃ | ᠪᠢᠲᠡᠭᠦᠨ ᠪᠤᠯ ᠪᠠᠰᠠᠴᠤ ᠬᠠᠮᠤᠭ ᠤᠨ ᠠᠮᠠᠷᠬᠠᠨ ᠭᠠᠯ ᠤᠨ ᠠᠶᠤᠯ ᠡᠬᠦᠰᠬᠦ ᠲᠤᠬᠢᠶᠠᠯᠳᠤᠯ ᠦᠨᠳᠦᠷ ᠪᠠᠶᠢᠳᠠᠭ ᠠᠴᠠ | ᠪᠢᠳᠡ ᠪᠦᠭᠦᠳᠡᠭᠡᠷ ᠢᠶᠠᠨ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠬᠤᠪᠴᠠᠰᠤ ᠪᠠᠨ ᠡᠮᠦᠰᠦᠨ ᠰᠢᠷᠡᠭᠡᠨ ᠳᠤ | ᠰᠠᠭᠤᠵᠤ᠂ ᠠᠪᠤᠷᠠᠨ ᠳᠤᠰᠠᠯᠠᠬᠤ ᠪᠠᠷ ᠴᠠᠭ ᠢᠮᠠᠭᠳᠠ ᠪᠡᠯᠡᠬᠡᠨ ᠪᠠᠶᠢᠵᠤ᠂ ᠤᠯᠠᠨ ᠲᠦᠮᠡᠨ ᠤ ᠰᠠᠶᠢᠨ ᠰᠠᠶᠢᠬᠠᠨ | ᠰᠢᠨᠡᠯᠡᠬᠦ ᠶᠢ ᠪᠠᠳᠤᠯᠠᠳᠠᠭ᠃ ︶ | ᠰᠤᠷᠪᠤᠯᠵᠢᠯᠠᠭ᠎ᠠ᠄ ᠲᠦᠢᠮᠡᠷ ᠤᠨᠳᠠᠷᠠᠭᠠᠬᠤ ᠶᠡᠭᠡ ᠠᠩᠭᠢ ᠶᠢᠨ ᠪᠠᠶᠢᠯᠳᠤᠭᠴᠢ ᠯᠢ ᠴᠢᠶᠠᠩ ︵ᠡᠨᠡ ᠵᠢᠯ ᠪᠣᠯ | ᠮᠢᠨᠤ ᠴᠡᠷᠢᠭ ᠲᠤ ᠣᠷᠣᠭᠰᠠᠨ ᠲᠠᠪᠤᠳᠠᠭᠢ ᠵᠢᠯ ᠮᠥᠨ᠂ ᠠᠪᠤ ᠡᠵᠢ ᠪᠠᠨ ᠶᠡᠭᠡ ᠰᠠᠨᠠᠵᠤ ᠪᠠᠶᠢᠨ᠎ᠠ᠂ ᠭᠡᠪᠡᠴᠦ ᠪᠠᠰᠠ | ᠮᠠᠰᠢ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠂ ᠭᠡᠷ ᠤᠨ ᠬᠥᠮᠥᠰ ᠤᠨ ᠢᠶᠠᠨ ᠰᠢᠨ᠎ᠡ ᠨᠢᠭᠡ ᠵᠢᠯ ᠳᠤ ᠠᠯᠢᠪᠠ | ᠪᠦᠬᠦᠨ ᠨᠢ ᠰᠠᠶᠢᠨ ᠰᠠᠶᠢᠬᠠᠨ ᠪᠠᠶᠢᠬᠤ ᠶᠢ ᠬᠦᠰᠡᠵᠦ ᠪᠠᠶᠢᠨ᠎ᠠ᠃︶ | ᠬᠠᠮᠳᠤ ᠳᠤ ᠪᠠᠨ ᠬᠤᠤᠰ ᠤᠶᠠᠩᠭ᠎ᠠ ᠨᠠᠭᠠᠨ ᠦᠩᠭᠡᠳᠦ ᠳᠤᠭ ᠡᠯᠭᠦᠵᠦ᠂ ᠠᠩᠭᠢ ᠶᠢᠨ ᠭᠡᠷ ᠢᠶᠠᠨ ᠰᠢᠨ᠎ᠡ | ᠵᠢᠯ ᠤᠨ ᠪᠠᠶᠠᠷᠳᠤ ᠠᠭᠤᠷ ᠠᠮᠢᠰᠬᠤᠯ ᠢᠶᠠᠷ ᠪᠢᠯᠬᠠᠭᠤᠯᠤᠨ᠂ ᠭᠡᠷ ᠤᠨ ᠬᠦᠮᠦᠰ ᠲᠠᠢ ᠪᠠᠨ ᠤᠳᠠᠰᠤ ᠸᠢᠴᠠᠲ ᠢᠶᠠᠷ | ᠬᠤᠯᠪᠤᠭᠳᠠᠨ᠂ ᠠᠮᠤᠷ ᠮᠡᠨᠳᠦ ᠪᠠᠨ ᠳᠤᠭᠤᠯᠭᠠᠨ᠂ ᠠᠪᠤ ᠡᠵᠢ ᠠᠬᠠᠨ ᠳᠡᠬᠦᠰ ᠲᠠᠢ ᠪᠠᠨ ᠮᠡᠨᠳᠦᠯᠡᠳᠡᠭ ᠨᠢ ᠶᠡᠭᠡ | ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠵᠤᠷᠰᠢᠯ ᠪᠤᠯᠵᠤ᠂ ᠠᠵᠢᠯ ᠤᠨ ᠪᠠᠶᠢᠷᠢ᠂ ᠲᠦᠢᠮᠡᠷ ᠰᠡᠷᠭᠡᠶᠢᠯᠡᠬᠦ | ᠡᠮᠤᠨ᠎ᠡ ᠹᠷᠤᠨᠲ ᠢᠶᠠᠨ ᠪᠠᠳᠤ ᠰᠠᠬᠢᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ | ᠴᠠᠭ ᠢᠮᠠᠭᠳᠠ ᠪᠠᠳᠤᠯᠠᠨ ᠰᠠᠬᠢᠬᠤ ᠡᠬᠦᠷᠭᠡ ᠬᠠᠷᠢᠭᠤᠴᠠᠯᠭ᠎ᠠ ᠪᠠᠨ ᠢᠷᠠᠭᠤ ᠠᠯᠳᠠᠷᠳᠠᠢ ᠪᠠᠷ ᠡᠬᠦᠷᠭᠡᠯᠡᠳᠡᠭ ᠪᠢᠯᠡ᠃ | ᠴᠠᠭᠠᠨ ᠰᠠᠷ᠎ᠠ ᠶᠢᠨ ᠬᠤᠭᠤᠴᠠᠭᠠᠨ ᠳᠤ᠂ ᠲᠠᠳᠠ ᠮᠥᠨ ᠯᠡ ᠬᠤᠳᠠᠯᠳᠤᠭ᠎ᠠ ᠳᠡᠯᠭᠡᠭᠦᠷ᠂ ᠵᠤᠭ᠎ᠠ ᠴᠡᠩᠭᠡᠬᠦᠨ ᠤ | ᠭᠠᠵᠠᠷ ᠵᠡᠷᠭᠡ ᠲᠠᠯᠠᠪᠤᠷ ᠲᠤ ᠴᠢᠭᠯᠡᠭᠦᠯᠦᠨ ᠲᠤᠰᠬᠠᠢ ᠪᠠᠶᠢᠴᠠᠭᠠᠯᠲᠠ ᠬᠢᠵᠦ᠂ ᠣᠯᠠᠨ ᠨᠡᠶᠢᠲᠡ ᠶᠢᠨ ᠲᠠᠯᠠᠪᠤᠷ ᠤᠨ | ᠲᠦᠮᠡᠷ ᠤᠨᠲᠠᠷᠠᠭᠠᠬᠤ ᠵᠠᠮ ᠢ ᠪᠥᠭᠯᠡᠭᠰᠡᠨ ᠡᠰᠡᠬᠦ᠂ ᠠᠵᠤ ᠠᠬᠤᠶᠢᠯᠠᠯ ᠨᠢᠭᠡᠴᠡ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠵᠤ | ᠂ ᠣᠯᠵᠤ ᠮᠡᠳᠡᠭᠰᠡᠨ ᠠᠰᠠᠭᠤᠳᠠᠯ ᠢ ᠴᠠᠭ ᠳᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠠᠯᠳᠠ ᠭᠡᠮ ᠢ ᠠᠷᠢᠯᠭᠠᠨ | ᠂ ᠬᠠᠷᠢᠶ᠎ᠠ ᠣᠷᠣᠨ ᠤ ᠠᠮᠤᠷ ᠲᠦᠪᠰᠢᠨ ᠢ ᠪᠠᠲᠤᠯᠠᠵᠤ᠂ ᠠᠷᠠᠳ ᠤᠯᠠᠨ ᠳᠤ ᠠᠮᠤᠷ ᠠᠮᠤᠭᠤᠯᠠᠩ᠂ ᠪᠠᠶᠠᠷ ᠬᠦᠷ | ᠲᠠᠢ ᠰᠢᠨᠡᠯᠡᠬᠦ ᠣᠷᠴᠢᠨ ᠨᠥᠬᠦᠴᠡᠯ ᠪᠦᠷᠢᠳᠦᠬᠦᠯᠵᠡᠢ᠃ | ᠰᠤᠷᠪᠤᠯᠵᠢᠯᠠᠭ᠎ᠠ᠄ ᠲᠦᠢᠮᠡᠷ ᠤᠨᠳᠠᠷᠠᠭᠠᠬᠤ ᠶᠡᠭᠡ ᠠᠩᠭᠢ ᠶᠢᠨ ᠪᠠᠶᠢᠯᠳᠤᠭᠴᠢ ᠼᠠᠢ ᠶᠢᠨ ᠮᠢᠩ ︵ᠪᠢ ᠪᠣᠯ | ᠲᠦᠢᠮᠡᠷ ᠤᠨᠲᠠᠷᠠᠭᠠᠭᠴᠢ᠂ ᠠᠵᠢᠯ ᠤᠨ ᠪᠠᠶᠢᠷᠢ ᠪᠠᠨ ᠪᠠᠲᠤ ᠰᠠᠬᠢᠬᠤ ᠪᠣᠯ ᠮᠢᠨᠤ ᠡᠭᠦᠷᠭᠡ ᠬᠠᠷᠢᠭᠤᠴᠠᠯᠭ᠎ᠠ ᠮᠥᠨ᠃ | ᠴᠠᠭᠠᠨ ᠰᠠᠷ᠎ᠠ ᠶᠢᠨ ᠬᠤᠭᠤᠴᠠᠭᠠᠨ ᠳᠤ ᠭᠡᠷ ᠲᠡᠭᠡᠨ ᠬᠠᠷᠢᠵᠤ ᠭᠡᠷ ᠤᠨ ᠬᠥᠮᠥᠰ ᠲᠠᠢ ᠪᠠᠨ ᠠᠭᠤᠯᠵᠠᠵᠤ ᠴᠢᠳᠠᠬᠤ | ᠦᠭᠡᠢ ᠪᠣᠯᠤᠭᠰᠠᠨ ᠳᠠᠭᠠᠨ ᠬᠠᠷᠠᠮᠰᠠᠵᠤ ᠪᠠᠶᠢᠨ᠎ᠠ᠃ ᠭᠡᠪᠡᠴᠦ ᠣᠯᠠᠨ ᠤ ᠠᠮᠤᠷ ᠲᠦᠪᠰᠢᠨ ᠠᠭᠤᠯᠵᠠᠯᠳᠠ ᠶᠢᠨ | ᠲᠥᠯᠥᠭᠡ᠂ ᠪᠢ ᠳᠤᠷᠠᠳᠠᠶ᠎ᠠ ᠠᠵᠢᠯ ᠤᠨ ᠪᠠᠶᠢᠷᠢ ᠪᠠᠨ ᠪᠠᠳᠤ ᠰᠠᠬᠢᠨ᠎ᠠ︶ | ᠰᠤᠷᠪᠤᠯᠵᠢᠯᠠᠭ᠎ᠠ᠄ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠷᠠᠰᠢᠶᠠᠨ ᠵᠡᠭᠡᠯᠢ ᠶᠢᠨ | ᠵᠢᠭᠠᠨ ᠵᠢᠯᠣᠭᠤᠳᠤᠭᠴᠢ ᠸᠧᠢ ᠵᠧᠩ ᠮᠢᠨ ︵ᠠᠷᠠᠳ ᠤᠯᠠᠨ ᠪᠠᠶᠠᠷ ᠤᠨ ᠡᠳᠦᠷ ᠢᠶᠠᠨ ᠦᠩᠭᠡᠷᠡᠬᠦᠯᠬᠦ ᠳᠤ᠂ ᠲᠦᠢᠮᠡᠷ | ᠤᠨᠳᠠᠷᠠᠭᠠᠬᠤ ᠠᠩᠭᠢ ᠶᠢᠨ ᠬᠢᠨ ᠠᠵᠢᠯ ᠤᠨ ᠪᠠᠶᠢᠷᠢ ᠪᠠᠨ ᠪᠠᠳᠤ ᠰᠠᠬᠢᠬᠤ ᠭᠡᠷᠡᠭᠳᠡᠢ᠃ ᠮᠠᠨ ᠤ ᠶᠡᠭᠡ ᠠᠩᠭᠢ ᠶᠢᠨ | ᠪᠥᠬᠦ ᠬᠥᠮᠥᠰ ᠠᠵᠢᠯ ᠤᠨ ᠪᠠᠶᠢᠷᠢ ᠪᠠᠨ ᠪᠠᠳᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠂ ᠪᠢᠳᠡ | ᠥᠪᠡᠷ ᠤᠨ ᠪᠡᠶ᠎ᠡ ᠪᠠᠨ ᠦᠷᠡᠭᠳᠡᠭᠦᠯᠵᠦ ᠲᠦᠭ ᠲᠦᠮᠡᠨ ᠭᠡᠷ ᠪᠦᠯᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ | ᠂ ᠣᠯᠠᠨ ᠢᠶᠠᠷ ᠢᠶᠠᠨ ᠴᠠᠭᠠᠨ ᠰᠠᠷ᠎ᠠ ᠪᠠᠨ ᠪᠠᠶᠠᠷ ᠬᠥᠷ ᠲᠠᠢ ᠪᠡᠯᠭᠡᠯᠡᠬᠦ ᠶᠢ ᠵᠦᠩᠨᠡᠶ᠎ᠡ︶ | ᠠᠵᠢᠯ ᠤᠨ ᠪᠠᠶᠢᠷᠢ ᠪᠠᠨ ᠪᠠᠲᠤ ᠰᠠᠬᠢᠵᠤ ᠲᠦᠭ ᠲᠦᠮᠡᠨ ᠠᠶᠢᠯ ᠭᠡᠷ ᠤᠨ ᠠᠮᠤᠷ ᠲᠠᠶᠢᠪᠤᠩ ᠰᠢᠨᠡᠯᠡᠬᠦ ᠳᠤ | ᠠᠷᠤ ᠲᠦᠰᠢᠭ ᠪᠤᠯᠵᠤ ᠪᠠᠶᠢᠭ᠎ᠠ ᠡᠯ᠎ᠡ ᠠᠵᠢᠯ ᠲᠦᠷᠦᠯ ᠤᠨ ᠪᠦᠬᠦ ᠨᠦᠬᠦᠳ ᠲᠤ ᠬᠦᠨᠳᠦᠳᠭᠡᠯ ᠳᠡᠪᠰᠢᠬᠦᠯᠦᠶ᠎ᠡ︕ |