ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ ᠢᠶᠠᠨ ᠡᠬᠢᠯᠡᠬᠦᠯᠦᠯ᠎ᠡ
ᠨᠡᠶᠢᠲᠡᠯᠡᠭᠰᠡᠨ ᠴᠠᠭ᠄
2024/3/1
   2 ᠰᠠᠷ᠎ᠠ ᠶᠢᠨ 29᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠬᠤᠰᠢᠭᠤ ᠵᠡᠪᠰᠡᠭᠲᠦ ᠬᠦᠴᠦᠨ ᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠡᠷᠬᠦᠶ᠎ᠡ︾ ᠬᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠤᠨᠴᠠᠭᠠᠢ ᠠᠩᠬᠠᠨ ᠤ ᠬᠢᠴᠢᠶᠡᠯ ᠤᠷᠤᠭᠰᠠᠨ ᠪᠠᠶᠢᠨ᠎ᠠ᠃    ᠠᠵᠢᠯᠯᠠᠭ᠎ᠠ ᠳᠤ᠂  ᠬᠤᠰᠢᠭᠤ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠬᠡᠰᠢᠬᠦᠨ ᠸᠠᠩ ᠠᠢ ᠴᠢᠶᠠᠩ ︽ᠶᠠᠭᠤ ᠶᠢ ᠤᠯᠤᠰ ᠤᠨ ᠪᠠᠲᠤᠯᠠᠨ ᠬᠠᠮᠠᠭᠠᠯᠠᠯᠲᠠ ᠭᠡᠬᠦ ᠪᠣᠶ︾ ᠭᠡᠳᠡᠭ ᠢᠶᠠᠷ ᠭᠠᠷᠳᠠᠴᠠ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠳᠠᠬᠤᠨ᠂ ᠴᠡᠷᠢᠭ ᠤᠨ ᠲᠥᠷᠥᠯ ᠮᠡᠷᠭᠡᠵᠢᠯ ᠤᠨ ᠲᠥᠷᠥᠯ᠂ ᠳᠡᠯᠡᠬᠡᠢ ᠶᠢᠨ ᠪᠠᠶᠢᠳᠠᠯ ᠵᠡᠷᠭᠡ ᠮᠡᠳᠡᠯᠭᠡ ᠶᠢ ᠨᠠᠷᠢᠨ ᠲᠠᠨᠢᠯᠴᠠᠭᠤᠯᠵᠤ᠂ ᠰᠤᠷᠤᠭᠴᠢᠳ ᠲᠤ ᠦᠨᠳᠦᠰᠦᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠨᠣᠯ ᠤᠨ ᠮᠡᠳᠡᠯᠭᠡ ᠶᠢ ᠣᠶᠢᠯᠠᠭᠠᠭᠤᠯᠵᠤ᠂ ᠰᠤᠷᠤᠭᠴᠢᠳ ᠤᠨ ᠠᠯᠤᠰ ᠬᠡᠲᠦ ᠶᠢᠨ ᠵᠣᠷᠢᠯᠲᠠ ᠲᠠᠢ ᠪᠠᠶᠢᠵᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠶᠢ ᠵᠣᠷᠢᠭᠵᠢᠭᠤᠯᠵᠠᠢ᠃  ᠳᠠᠷᠠᠭ᠎ᠠ ᠨᠢ ᠦᠵᠡᠭᠦᠯᠦᠯᠭᠡ ᠶᠢᠨ ᠲᠢᠩᠬᠢᠮ ᠤᠨ ᠲᠠᠶᠢᠯᠪᠤᠷᠢᠯᠠᠭᠴᠢ ᠣᠯᠠᠨ ᠢ ᠳᠠᠭᠠᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠎ ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠤ ᠬᠠᠮᠳᠤ  ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ  ᠳᠠᠨᠢᠯᠴᠠᠭᠤᠯᠵᠤ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠵᠢᠯᠲᠠᠳ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠳᠦᠷ ᠤᠨ ᠢᠷᠡᠯᠲᠡ᠂ ᠠᠴᠢ ᠬᠤᠯᠪᠣᠭᠳᠠᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠡᠮᠳᠡᠭ ᠤᠨ ᠠᠭᠤᠯᠭ᠎ᠠ ᠵᠡᠷᠭᠡ ᠶᠢ  ᠳᠠᠶᠢᠯᠪᠤᠷᠢᠯᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号