ᠲᠦᠯ ᠤᠨ ᠳᠠᠭᠤᠨ ᠳᠤ ᠪᠠᠶᠠᠰᠬᠤ ᠮᠠᠯᠴᠢᠳ ᠤᠨ ᠰᠡᠳᠬᠢᠯ ᠳᠡᠨᠢᠭᠡᠷ
ᠨᠡᠶᠢᠲᠡᠯᠡᠭᠰᠡᠨ ᠴᠠᠭ᠄
2024/3/1
     ᠰᠢᠨ᠎ᠡ ᠵᠢᠯ ᠬᠠᠭᠤᠴᠢᠷᠠᠵᠤ᠂ ᠤᠷᠢᠨ ᠬᠠᠪᠤᠷ ᠨᠠᠭᠠᠰᠢᠯᠠᠬᠤ ᠴᠠᠭ ᠢᠶᠠᠷ᠂ ᠰᠦᠨᠢᠳ ᠤᠨ ᠳᠠᠯ᠎ᠠ ᠳᠤ ᠰᠢᠨ᠎ᠡ ᠴᠠᠰᠤ ᠨᠡᠮᠡᠵᠦ ᠦᠭᠬᠦᠭᠡᠵᠢ ᠰᠢᠮ᠎ᠡ ᠪᠠᠨ ᠬᠠᠶᠢᠷᠠᠯᠠᠨ᠂ ᠲᠦᠯ ᠳᠤᠰᠴᠤ ᠪᠠᠶᠢᠭ᠎ᠠ ᠮᠠᠯᠴᠢᠨ ᠠᠶᠢᠯ ᠤᠨ ᠠᠵᠢᠯ ᠬᠢᠳᠡᠯ ᠶᠡᠬᠡᠰᠴᠦ᠂  ᠶᠠᠭᠠᠷᠠᠯᠳᠠᠢ ᠶᠠᠳᠠᠷᠠᠯᠳᠠᠢ ᠪᠠᠶᠢᠭᠰᠠᠨ ᠴᠦ᠂ ᠬᠠᠩᠭᠢᠨᠠᠬᠤ ᠲᠦᠯ ᠤᠨ ᠳᠠᠭᠤᠨ ᠳᠤ ᠮᠠᠯᠴᠢᠳ ᠤᠨ ᠰᠡᠳᠬᠢᠯ ᠳᠡᠨᠢᠭᠡᠷ ᠪᠠᠶᠢᠨ᠎ᠠ᠃      ᠰᠠᠩᠪᠤᠯᠠᠭ ᠰᠤᠮᠤᠨ ᠤ ᠪᠠᠶ᠋ᠬᠠᠠᠭᠤᠯᠠ ᠭᠠᠴᠠᠭᠠᠨ ᠤ ᠮᠠᠯᠴᠢᠨ ᠰᠠᠶᠢᠨᠴᠤᠭᠳᠤ ᠶᠢᠨ ᠬᠢᠨ ᠬᠤᠷᠤᠭ᠎ᠠ ᠬᠠᠰᠢᠶᠠᠨ ᠎ ᠳᠤ ᠪᠠᠨ ᠲᠦᠯ ᠮᠠᠯ ᠲᠠᠢ ᠪᠠᠨ ᠪᠤᠵᠢᠭᠢᠨᠠᠯᠳᠤᠭᠠᠳ ᠶᠠᠭᠠᠷᠠᠤ ᠪᠠᠶᠢᠯ᠎ᠠ᠃ ᠮᠠᠯᠴᠢᠳ ᠤᠨ ᠬᠠᠪᠤᠷ ᠤᠨ ᠠᠷᠠᠴᠢᠯᠠᠭ᠎ᠠ ᠮᠠᠯᠠᠯᠭ᠎ᠠ ᠶᠢᠨ ᠠᠵᠢᠯ ᠳᠤ ᠳᠤᠰᠠ ᠪᠤᠯᠬᠤ ᠪᠠᠷ ︽ᠤᠯᠠᠭᠠᠨ ᠪᠤᠭᠴᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠬᠦᠨ ᠦᠨᠦᠳᠦᠷ ᠡᠳᠡᠨᠡᠶᠢᠬᠢᠨ ᠳᠤ ᠢᠷᠡᠵᠦ ᠲᠡᠵᠢᠭᠡᠨ ᠦᠷᠡᠵᠢᠭᠦᠯᠬᠦ ᠮᠡᠷᠭᠡᠵᠢᠯ ᠤᠨ ᠳᠤᠬᠠᠢ ᠰᠢᠨ᠎ᠡ ᠮᠡᠳᠡᠯᠭᠡ ᠬᠦᠷᠭᠡᠵᠦ ᠢᠷᠡᠯ᠎ᠡ᠃ ᠤᠶᠢᠷ᠎ᠠ ᠳᠤ᠂ ᠪᠠᠶ᠋ᠬᠠᠠᠭᠤᠯᠠ ᠭᠠᠴᠠᠭᠠᠨ ᠤ ︽ᠤᠯᠠᠭᠠᠨ ᠪᠤᠭᠴᠤ︾ ᠰᠠᠶᠢᠨ ᠳᠤᠷ᠎ᠠ ᠎ ᠶᠢᠨ ᠦᠢᠯᠡᠴᠢᠯᠡᠭᠡᠨ ᠤ ᠠᠩᠭᠢ ᠮᠠᠯᠴᠢᠨ ᠠᠶᠢᠯ ᠢᠶᠠᠷ ᠬᠦᠨᠵᠡᠭᠡᠶᠢᠷᠡᠵᠦ᠂ ᠲᠡᠵᠢᠭᠡᠨ ᠦᠷᠡᠵᠢᠬᠦᠯᠬᠦ ᠮᠡᠳᠡᠯᠭᠡ᠂ ᠬᠢᠵᠢᠭ ᠎ ᠢ ᠰᠡᠷᠭᠡᠶᠢᠯᠡᠬᠦ ᠤᠬᠠᠭᠤᠯᠭ᠎ᠠ ᠵᠡᠷᠭᠡ ᠮᠠᠯᠴᠢᠨ ᠲᠦᠮᠡᠨ ᠳᠤ ᠭᠡᠷᠡᠭᠴᠡᠭᠡ ᠲᠠᠢ ᠵᠦᠢᠯᠡᠰ ᠢ ᠬᠦᠷᠭᠡᠵᠦ ᠪᠠᠶᠢᠨ᠎ᠠ᠃       ᠰᠠᠶᠢᠨᠴᠣᠭᠲᠤ ᠶᠢᠨ ᠬᠢᠨ ᠤᠶᠢᠷ᠎ᠠ ᠶᠢᠨ ᠠᠷᠪᠠᠭᠠᠳ ᠡᠳᠦᠷ ᠭᠤᠴᠢᠭᠠᠳ ᠲᠦᠯ ᠳᠤᠰᠴᠤ᠂ ᠤᠷᠭᠤᠬᠤ ᠤᠯᠠᠭᠠᠨ ᠨᠠᠷᠠᠨ ᠠᠴᠠ ᠦᠳᠡᠰᠢ ᠶᠢᠨ ᠪᠦᠷᠦᠢ ᠪᠤᠯᠳᠠᠯ᠎ᠠ ᠬᠤᠷᠤᠭ᠎ᠠ ᠬᠠᠰᠢᠶ᠎ᠠ᠂ ᠲᠦᠯ ᠮᠠᠯ ᠬᠡᠮᠡᠨ ᠪᠤᠷᠪᠢ ᠪᠤᠬᠢᠰᠬᠢᠯ ᠦᠬᠡᠢ ᠶᠠᠭᠠᠷᠠᠭᠰᠠᠨ ᠴᠦ ᠳᠤᠷᠨᠢᠭᠤᠨ ᠬᠦᠷᠪᠡᠵᠢᠵᠦ ᠪᠠᠶᠢᠭ᠎ᠠ ᠲᠦᠯ ᠤᠨ ᠮᠠᠶᠢᠯᠠᠭᠠᠨ ᠮᠠᠯᠴᠢᠨ ᠡᠵᠡᠨ ᠢᠶᠠᠨ ᠪᠠᠶᠠᠰᠬᠠᠨ᠎ᠠ᠃      ᠮᠠᠯᠴᠢᠨ ᠵᠠᠶᠠᠭ᠎ᠠ ᠦᠪᠯᠡᠭᠰᠡᠨ ᠬᠠᠰᠢᠷ ᠳᠤᠷᠰᠢᠯᠭ᠎ᠠ ᠲᠠᠢ ᠰᠠᠶᠢᠨᠴᠤᠭᠳᠤ ᠦᠩᠭᠡᠷᠡᠬᠦ ᠡᠪᠦᠯ ᠮᠠᠯ ᠤᠨ ᠢᠶᠠᠨ ᠡᠪᠡᠰᠦ ᠪᠣᠷᠳᠤᠭ᠎ᠠ ᠶᠢ ᠬᠦᠷᠦᠯᠴᠡᠭᠡᠳᠡᠢ ᠪᠡᠯᠡᠳᠬᠡᠵᠦ᠂ 20 ᠲᠤᠨ ᠡᠪᠡᠰᠦ ᠪᠤᠷᠳᠤᠭ᠎ᠠ ᠬᠤᠳᠠᠯᠳᠤᠨ ᠠᠪᠴᠤ᠂ ᠮᠠᠯ ᠎ ᠤᠨ ᠳᠠᠷᠭᠤ ᠬᠦᠴᠦ᠂ ᠲᠦᠯ ᠤᠨ ᠤᠨᠳᠤᠷᠤᠯᠳᠠ ᠶᠢ ᠪᠠᠳᠤᠯᠠᠵᠤ᠂ ᠮᠠᠯᠵᠢᠬᠤ ᠠᠮᠢᠳᠤᠷᠠᠯ ᠤᠨ ᠢᠶᠠᠨ ᠰᠠᠶᠢᠨ ᠰᠠᠶᠢᠬᠠᠨ ᠢ ᠬᠦᠰᠡᠨ ᠪᠠᠷᠠᠯᠠᠵᠤ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号