2023 ᠣᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠴᠥᠮ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ | ᠨᠢᠭᠡ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠪᠡ | 2023 ᠣᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 47061 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ 10 | ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠣᠷᠣᠪᠠ᠃ | ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ ᠪᠣᠯᠤᠨ ᠡᠵᠡᠩᠨᠡᠯᠲᠡ ᠶᠢᠨ | ᠴᠢᠨᠠᠷᠲᠠᠶ ᠣᠷᠣᠯᠭ᠎ᠠ ᠨᠢ ᠮᠥᠨ ᠬᠦ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ | ᠰᠠᠭᠤᠷᠢ ᠪᠠᠲᠤᠯᠠᠭ᠎ᠠ ᠪᠣᠯᠤᠨ᠎ᠠ᠃ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠰᠤᠷᠠᠯᠲᠠ | ᠥᠬᠡᠶ ᠰᠢᠯᠢᠳᠡᠭᠵᠢᠵᠦ᠂ ᠦᠢᠯᠡᠴᠢᠯᠡᠭᠡᠨ ᠤ ᠦᠢᠯᠡᠰ ᠤᠨ ᠬᠦᠷᠢᠶ᠎ᠡ ᠬᠡᠪᠴᠢᠶ᠎ᠡ ᠨᠡᠯᠢᠶᠡᠳ ᠲᠦᠷᠭᠡᠨ ᠪᠣᠯᠵᠣ᠂ ᠬᠤᠲᠠ | ᠪᠠᠯᠭᠠᠰᠤᠨ ᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠠᠵᠢᠯ ᠤᠯᠬᠤ ᠬᠡᠪᠴᠢᠶ᠎ᠡ ᠶᠢ ᠪᠦᠲᠦᠮᠵᠢᠲᠡᠶ | ᠥᠷᠭᠡᠳᠬᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠰᠠᠭᠤᠭᠠᠯᠢ ᠠᠷᠠᠳ ᠤᠨ ᠢᠳᠡᠭᠡᠨ | ᠤᠮᠳᠠᠭᠠᠨ᠂ ᠵᠢᠭᠤᠯᠴᠢᠯᠠᠯ ᠵᠡᠷᠭᠡ ᠬᠡᠷᠡᠭᠯᠡᠭᠡᠨ ᠤ ᠦᠢᠯᠡᠴᠢᠯᠡᠭᠡᠨ ᠤ ᠬᠡᠷᠡᠭᠴᠡᠭᠡ ᠨᠡᠶᠢᠳᠡᠮ ᠳᠡᠭᠡᠨ ᠲᠠᠰ ᠳᠡᠪᠰᠢᠵᠦ᠂ | ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠥᠬᠡᠶ ᠨᠡᠮᠡᠭᠳᠡᠪᠡ᠃ ᠪᠦᠬᠦ | ᠵᠢᠯ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠶ ᠣᠷᠣᠯᠭ᠎ᠠ 21245 | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1391 ᠲᠥᠭᠦᠷᠢᠭ ᠨᠡᠮᠡᠭᠳᠡᠵᠦ᠂ | 7% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 45% ᠶᠢ ᠡᠵᠡᠯᠡᠪᠡ᠃ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ 3.1 ᠵᠠᠭᠤᠨ ᠤ ᠨᠢᠭᠡᠴᠢ ᠳᠠᠶᠢᠴᠢᠯᠠᠪᠠ᠃ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ 12834 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 939 ᠲᠥᠭᠦᠷᠢᠭ ᠨᠡᠮᠡᠭᠳᠡᠵᠦ᠂ 7.9% ᠪᠠᠷ ᠨᠡᠮᠡᠭᠳᠡᠵᠦ᠂ | ᠡᠵᠡᠮᠳᠡᠵᠦ ᠪᠣᠯᠬᠤ ᠣᠷᠣᠯᠭ᠎ᠠ ᠶᠢᠨ 27% ᠶᠢ ᠡᠵᠡᠯᠡᠵᠦ᠂ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠢ 2.1 ᠵᠠᠭᠤᠨ ᠤ ᠨᠢᠭᠡᠴᠢ ᠳᠠᠶᠢᠴᠢᠯᠠᠪᠠ᠃ | ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ 1196 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 23 ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 2% ᠢᠶᠠᠷ | ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 3% ᠶᠢ ᠡᠵᠡᠯᠡᠪᠡ᠃ ᠭᠤᠣᠯᠳᠠᠭᠤ ᠭᠡᠷ ᠪᠠᠶᠢᠰᠢᠩ ᠤᠨ | ᠲᠦᠷᠢᠶᠡᠰᠦᠨ ᠮᠥᠩᠭᠦᠨ ᠤ ᠨᠡᠮᠡᠭᠳᠡᠯ ᠵᠡᠷᠭᠡ ᠰᠢᠯᠲᠠᠭᠠᠨ ᠠᠴᠠ ᠪᠣᠯᠵᠤ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢᠨ | ᠪᠠᠭ᠎ᠠ ᠬᠡᠮᠵᠢᠶ᠎ᠡ ᠪᠠᠷ ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠰᠢᠯᠵᠢᠯᠲᠡ ᠶᠢᠨ ᠴᠢᠨᠠᠷᠲᠠᠶ ᠣᠷᠣᠯᠭ᠎ᠠ 11785 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 100 ᠲᠥᠭᠦᠷᠢᠭ ᠨᠡᠮᠡᠭᠳᠡᠵᠦ᠂ 0.9% ᠨᠡᠮᠡᠭᠳᠡᠨ᠂ ᠡᠵᠡᠮᠳᠡᠵᠦ ᠪᠣᠯᠬᠤ | ᠣᠷᠣᠯᠭ᠎ᠠ ᠶᠢᠨ 25% ᠶᠢ ᠡᠵᠡᠯᠡᠪᠡ᠃ ᠭᠤᠣᠯᠳᠠᠭᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ | ᠠᠮᠠᠷᠠᠭᠰᠠᠳ ᠤᠨ ᠨᠠᠰᠤᠵᠢᠯ ᠤᠨ ᠳᠠᠭᠠᠳᠬᠠᠯ ᠤᠨ ᠮᠥᠩᠭᠦ ᠨᠡᠮᠡᠭᠳᠡᠭᠰᠡᠨ ᠪᠠᠶᠢᠨ᠎ᠠ᠃ | ᠬᠤᠶᠠᠷ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠠᠮᠢᠳᠤᠷᠠᠯ ᠤᠨ | ᠬᠡᠷᠡᠭᠯᠡᠭᠡᠨ ᠤ ᠴᠢᠨᠠᠷᠲᠠᠶ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠪᠡ | 2023 ᠣᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 30284 ᠲᠥᠭᠦᠷᠢᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 4155 ᠲᠥᠭᠦᠷᠢᠭ ᠨᠡᠮᠡᠭᠳᠡᠵᠦ᠂ 16% ᠪᠠᠷ ᠨᠡᠮᠡᠭᠳᠡᠪᠡ᠃ ᠨᠠᠢᠮᠠᠨ ᠶᠡᠭᠡ | ᠲᠥᠷᠥᠯ ᠤᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢᠨ ᠪᠠᠶᠢᠳᠠᠯ ᠠᠴᠠ ᠦᠵᠡᠪᠡᠯ᠄ ᠬᠥᠮᠦᠨ ᠳᠤᠮᠳᠠᠴᠢ ᠶᠢᠨ | ᠢᠳᠡᠭᠡᠨ ᠤ ᠵᠠᠷᠤᠯᠭ᠎ᠠ 9303 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1230 ᠲᠥᠭᠦᠷᠢᠭ | ᠨᠡᠮᠡᠭᠳᠡᠵᠦ᠂ 15% ᠪᠠᠷ ᠨᠡᠮᠡᠭᠳᠡᠪᠡ︔ ᠬᠥᠮᠦᠨ ᠳᠤᠮᠳᠠᠴᠢ ᠶᠢᠨ ᠬᠤᠪᠴᠠᠰᠤ ᠬᠤᠨᠠᠷ ᠤᠨ ᠬᠡᠷᠡᠭᠯᠡᠭᠡ 2259 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 102 ᠲᠥᠭᠦᠷᠢᠭ ᠨᠡᠮᠡᠭᠳᠡᠵᠦ᠂ 5% ᠪᠠᠷ | ᠨᠡᠮᠡᠭᠳᠡᠪᠡ᠃ | ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠵᠠᠷᠤᠯᠭ᠎ᠠ 4352 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 172 ᠲᠥᠭᠦᠷᠢᠭ ᠨᠡᠮᠡᠭᠳᠡᠵᠦ᠂ 4% ᠪᠠᠷ ᠨᠡᠮᠡᠭᠳᠡᠪᠡ᠃ ᠬᠥᠮᠦᠨ ᠳᠤᠮᠳᠠᠴᠢ ᠶᠢᠨ | ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ 2617 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 234 ᠲᠥᠭᠦᠷᠢᠭ ᠨᠡᠮᠡᠭᠳᠡᠵᠦ᠂ 10% ᠪᠠᠷ ᠨᠡᠮᠡᠭᠳᠡᠪᠡ᠃ | ᠬᠥᠮᠦᠨ ᠳᠤᠮᠳᠠᠴᠢ ᠶᠢᠨ ᠵᠠᠮ ᠬᠠᠷᠢᠯᠴᠠᠭ᠎ᠠ ᠪᠠ ᠴᠢᠮᠡᠭᠡ ᠬᠤᠯᠪᠣᠭᠠᠨ ᠤ ᠲᠥᠷᠥᠯ ᠤᠨ ᠵᠠᠷᠤᠯᠭ᠎ᠠ 3735 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1137 ᠲᠥᠭᠦᠷᠢᠭ ᠨᠡᠮᠡᠭᠳᠡᠨ᠂ 44% ᠪᠠᠷ | ᠨᠡᠮᠡᠭᠳᠡᠪᠡ᠃ | ᠬᠥᠮᠦᠨ ᠳᠤᠮᠳᠠᠴᠢ ᠶᠢᠨ ᠰᠤᠷᠭᠠᠨ ᠬᠥᠮᠦᠵᠢᠯ ᠰᠣᠶᠣᠯ ᠴᠡᠩᠭᠡᠯ ᠤᠨ ᠦᠢᠯᠡᠴᠢᠯᠡᠭᠡᠨ ᠤ ᠲᠥᠷᠥᠯ ᠤᠨ ᠵᠠᠷᠤᠯᠭ᠎ᠠ | 4250 ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1077 ᠲᠥᠭᠦᠷᠢᠭ ᠨᠡᠮᠡᠭᠳᠡᠵᠦ᠂ 34% ᠨᠡᠮᠡᠭᠳᠡᠪᠡ᠃ | ᠬᠥᠮᠦᠨ ᠳᠤᠮᠳᠠᠴᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 3145 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 52 ᠲᠥᠭᠦᠷᠢᠭ ᠨᠡᠮᠡᠭᠳᠡᠵᠦ᠂ 2 % ᠢᠶᠠᠷ ᠨᠡᠮᠡᠭᠳᠡᠪᠡ᠃ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠪᠤᠰᠤᠳ ᠲᠠᠸᠠᠷ ᠪᠠ ᠦᠢᠯᠡᠴᠢᠯᠡᠭᠡᠨ ᠤ ᠲᠥᠷᠥᠯ ᠤᠨ ᠵᠠᠷᠤᠯᠭ᠎ᠠ 619 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 147 ᠲᠥᠭᠦᠷᠢᠭ ᠨᠡᠮᠡᠭᠳᠡᠵᠦ᠂ 31% ᠨᠡᠮᠡᠭᠳᠡᠪᠡ | ᠃ |