2 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ | ᠵᠡᠪᠰᠡᠭᠲᠦ ᠬᠦᠴᠦᠨ ᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ︽ᠤᠯᠤᠰ ᠢᠶᠠᠨ | ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠡᠷᠬᠦᠶ᠎ᠡ︾ ᠬᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ | ᠰᠤᠷᠤᠭᠴᠢᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠤᠨᠴᠠᠭᠠᠢ ᠠᠩᠬᠠᠨ ᠤ ᠬᠢᠴᠢᠶᠡᠯ ᠤᠷᠤᠭᠰᠠᠨ ᠪᠠᠶᠢᠨ᠎ᠠ᠃ | | ᠠᠵᠢᠯᠯᠠᠭ᠎ᠠ ᠳᠤ᠂ ᠬᠤᠰᠢᠭᠤ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠬᠡᠰᠢᠬᠦᠨ ᠸᠠᠩ ᠠᠢ | ᠴᠢᠶᠠᠩ ︽ᠶᠠᠭᠤ ᠶᠢ ᠤᠯᠤᠰ ᠤᠨ ᠪᠠᠲᠤᠯᠠᠨ ᠬᠠᠮᠠᠭᠠᠯᠠᠯᠲᠠ ᠭᠡᠬᠦ ᠪᠣᠶ︾ ᠭᠡᠳᠡᠭ ᠢᠶᠠᠷ ᠭᠠᠷᠳᠠᠴᠠ ᠪᠣᠯᠭᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠳᠠᠬᠤᠨ᠂ ᠴᠡᠷᠢᠭ ᠤᠨ ᠲᠥᠷᠥᠯ ᠮᠡᠷᠭᠡᠵᠢᠯ ᠤᠨ ᠲᠥᠷᠥᠯ᠂ | ᠳᠡᠯᠡᠬᠡᠢ ᠶᠢᠨ ᠪᠠᠶᠢᠳᠠᠯ ᠵᠡᠷᠭᠡ ᠮᠡᠳᠡᠯᠭᠡ ᠶᠢ ᠨᠠᠷᠢᠨ ᠲᠠᠨᠢᠯᠴᠠᠭᠤᠯᠵᠤ᠂ ᠰᠤᠷᠤᠭᠴᠢᠳ ᠲᠤ ᠦᠨᠳᠦᠰᠦᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠣᠨᠣᠯ ᠤᠨ ᠮᠡᠳᠡᠯᠭᠡ ᠶᠢ ᠣᠶᠢᠯᠠᠭᠠᠭᠤᠯᠵᠤ᠂ ᠰᠤᠷᠤᠭᠴᠢᠳ ᠤᠨ ᠠᠯᠤᠰ ᠬᠡᠲᠦ ᠶᠢᠨ | ᠵᠣᠷᠢᠯᠲᠠ ᠲᠠᠢ ᠪᠠᠶᠢᠵᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠶᠢ ᠵᠣᠷᠢᠭᠵᠢᠭᠤᠯᠵᠠᠢ᠃ ᠳᠠᠷᠠᠭ᠎ᠠ ᠨᠢ | ᠦᠵᠡᠭᠦᠯᠦᠯᠭᠡ ᠶᠢᠨ ᠲᠢᠩᠬᠢᠮ ᠤᠨ ᠲᠠᠶᠢᠯᠪᠤᠷᠢᠯᠠᠭᠴᠢ ᠣᠯᠠᠨ ᠢ ᠳᠠᠭᠠᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ | ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠤ ᠬᠠᠮᠳᠤ ᠮᠠᠨ ᠤ | ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠳᠠᠨᠢᠯᠴᠠᠭᠤᠯᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠠᠵᠢᠯᠲᠠᠳ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠤᠨ ᠡᠳᠦᠷ ᠤᠨ ᠢᠷᠡᠯᠲᠡ᠂ ᠠᠴᠢ ᠬᠤᠯᠪᠣᠭᠳᠠᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠤᠨ ᠲᠡᠮᠳᠡᠭ ᠤᠨ ᠠᠭᠤᠯᠭ᠎ᠠ ᠵᠡᠷᠭᠡ ᠶᠢ ᠳᠠᠶᠢᠯᠪᠤᠷᠢᠯᠠᠵᠠᠢ᠃ |