2023 ᠣᠨ ᠳᠤ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠰᠡᠷᠭᠦᠪᠡ
ᠨᠡᠶᠢᠲᠡᠯᠡᠭᠰᠡᠨ ᠴᠠᠭ᠄
2024/3/1
   2023 ᠣᠨ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠥᠬᠦ ᠲᠠᠯ᠎ᠠ ᠪᠠᠷ ᠨᠡᠭᠡᠭᠡᠯᠲᠡ ᠬᠢᠵᠦ ᠠᠵᠢᠯᠯᠠᠬᠤ ᠶᠢ ᠳᠠᠭᠠᠯᠳᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠰᠡᠷᠭᠦᠯᠲᠡ ᠲᠦᠷᠭᠡᠳᠪᠡ᠃ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 89689 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠨᠠᠢᠮᠠ ᠳᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠳᠣᠯᠣᠳᠤᠭᠠᠷ ᠲᠤ ᠣᠷᠣᠪᠠ᠃ ᠪᠦᠬᠦ ᠵᠢᠯ ᠤᠨ ᠬᠡᠷᠡᠭᠯᠡᠭᠡᠨ ᠤ ᠬᠡᠷᠡᠭᠰᠡᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠭᠤᠤᠯ ᠣᠨᠴᠠᠯᠢᠭ ᠪᠣᠯ᠄    ᠨᠢᠭᠡ᠂ ᠬᠤᠲᠠ ᠬᠥᠳᠡᠭᠡ ᠶᠢᠨ ᠬᠡᠷᠡᠭᠯᠡᠭᠡᠨ ᠤ ᠲᠡᠩᠴᠡᠭᠦᠷᠢᠲᠡᠶ ᠡᠷᠭᠢᠯᠲᠡ ᠶᠠᠪᠤᠭᠳᠠᠪᠠ᠃ ᠪᠥᠬᠦ ᠵᠢᠯ ᠳᠤ᠂ ᠬᠤᠲᠠ ᠪᠠᠯᠭᠠᠰᠤᠨ ᠤ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 70637 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.2% ᠵᠶ᠋ᠡᠷ‌ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠳᠡᠭᠡᠷ᠎ᠡ ᠵᠢᠯ ᠤᠨ ᠬᠢᠷᠢ ᠲᠦᠪᠰᠢᠨ ᠠᠴᠠ 6.7 ᠵᠠᠭᠤᠨ ᠤ ᠴᠡᠭ ᠳᠡᠭᠡᠭᠰᠢᠯᠡᠪᠡ︔ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 19052 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠳᠡᠭᠡᠷ᠎ᠡ ᠵᠢᠯ ᠤᠨ ᠬᠢᠷᠢ ᠲᠦᠪᠰᠢᠨ ᠠᠴᠠ 6.9 ᠵᠠᠭᠤᠨ ᠤ ᠴᠡᠭ ᠳᠡᠭᠡᠭᠰᠢᠯᠡᠪᠡ᠃    ᠬᠤᠶᠠᠷ᠂ ᠵᠢᠵᠢᠭᠯᠡᠨ ᠬᠤᠳᠠᠯᠳᠤᠬᠤ ᠦᠢᠯᠡᠰ ᠲᠣᠭᠲᠠᠭᠤᠨ ᠢᠶᠠᠷ ᠨᠡᠮᠡᠭᠳᠡᠪᠡ᠃ ᠪᠥᠬᠦ ᠵᠢᠯ ᠳᠤ ᠪᠥᠬᠦ ᠬᠤᠰᠢᠭᠤᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 70069 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠃ ᠨᠡᠮᠡᠭᠳᠡᠯ ᠤᠨ ᠬᠡᠮᠵᠢᠶ᠎ᠡ ᠨᠢ ᠲᠦᠷᠦᠭᠦᠦ ᠵᠢᠯ ᠤᠨ ᠬᠢ ᠠᠴᠠ 3.3 ᠬᠤᠪᠢ ᠳᠡᠭᠡᠭᠰᠢᠯᠡᠵᠦ᠃ ᠲᠠᠸᠠᠷ ᠤᠨ ᠵᠢᠵᠢᠭᠯᠡᠨ ᠬᠤᠳᠠᠯᠳᠤᠬᠤ ᠦᠢᠯᠡᠰ ᠤᠨ ᠬᠤᠪᠢ ᠶᠢᠨ ᠵᠢᠩ ᠨᠢ 78.1% ᠪᠠᠶᠢᠵᠤ᠂ ᠬᠡᠷᠡᠭᠯᠡᠭᠡᠨ ᠤ ᠵᠦᠢᠯ ᠤᠨ ᠪᠠᠶᠢᠷᠢ ᠰᠠᠭᠤᠷᠢ ᠳᠤ ᠭᠤᠤᠯᠯᠠᠬᠤ ᠪᠠᠶᠢᠷᠢ ᠶᠢ ᠡᠵᠡᠯᠡᠵᠦ ᠪᠤᠶ᠃ ᠠᠮᠤ ᠳᠤᠰᠤ᠂ ᠢᠳᠡᠭᠡᠨ ᠤ ᠲᠦᠷᠦᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠵᠦ᠂ ᠠᠷᠢᠬᠢ ᠲᠠᠮᠠᠬᠢᠨ ᠤ ᠲᠦᠷᠦᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠵᠦ᠂ ᠪᠤᠰᠤᠳ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 68.2% ᠢᠶᠠᠷ ᠨᠡᠮᠡᠭᠳᠡᠪᠡ᠃    ᠭᠤᠷᠪᠠ᠂  ᠬᠤᠨᠤᠭ ᠪᠠᠭᠤᠳᠠᠯ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠰᠡᠷᠭᠦᠯᠲᠡ ᠴᠢᠩᠭᠠᠷᠠᠪᠠ᠃ ᠡᠯ᠎ᠡ ᠲᠥᠷᠥᠯ ᠤᠨ ᠳᠡᠯᠭᠡᠨ ᠪᠣᠷᠣᠯᠠᠭᠤᠯᠵᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠵᠢᠴᠢ ᠡᠯ᠎ᠡ ᠵᠦᠢᠯ ᠤᠨ ᠤᠳᠬ᠎ᠠ ᠤᠷᠠᠯᠢᠭ ᠤᠨ ᠨᠠᠶᠢᠷ ᠵᠡᠷᠭᠡ ᠠᠵᠢᠯᠯᠠᠭ᠎ᠠ ᠥᠷᠨᠢᠭᠦᠯᠬᠦ ᠶᠢ ᠳᠠᠭᠠᠯᠳᠤᠨ᠂ ᠢᠳᠡᠭᠡᠨ ᠤᠮᠳᠠᠭᠠᠨ ᠤ ᠬᠡᠷᠡᠭᠯᠡᠭᠡᠨ ᠤ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠲᠣᠰ ᠭᠠᠵᠠᠷ ᠤᠨ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠬᠡᠷᠡᠭᠯᠡᠭᠡ ᠶᠢ ᠢᠯᠡᠳᠲᠡ ᠳᠠᠶᠢᠴᠢᠯᠠᠪᠠ᠃ ᠪᠦᠬᠦ ᠵᠢᠯ ᠤᠨ ᠢᠳᠡᠭᠡᠨ ᠤᠮᠳᠠᠭᠠᠨ ᠤ ᠣᠷᠣᠯᠭ᠎ᠠ 19620 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠳᠡᠭᠡᠷ᠎ᠡ ᠵᠢᠯ ᠤᠨ ᠬᠢᠷᠢ ᠲᠦᠪᠰᠢᠨ ᠠᠴᠠ 20.8 ᠵᠠᠭᠤᠨ ᠤ ᠴᠡᠭ ᠳᠡᠭᠡᠭᠰᠢᠯᠡᠪᠡ᠃    ᠶᠡᠷᠦᠩᠬᠡᠶ ᠳᠤᠨᠢ ᠠᠪᠴᠤ ᠦᠵᠡᠪᠡᠯ᠂ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠰᠡᠷᠭᠦᠯᠲᠡ ᠲᠦᠷᠭᠡᠳᠴᠦ᠂ ᠬᠡᠷᠡᠭᠯᠡᠭᠡᠨ ᠤ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠭᠡᠪᠡᠴᠦ ᠪᠠᠰᠠ ᠬᠡᠷᠡᠭᠯᠡᠭᠡᠨ ᠤ ᠵᠠᠭᠪᠤᠷ ᠲᠤ ᠰᠢᠨ᠎ᠡ ᠶᠢ ᠡᠭᠦᠳᠬᠦ ᠲᠠᠯ᠎ᠠ ᠪᠠᠷ ᠳᠤᠲᠠᠮᠠᠭ ᠪᠠᠶᠢᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠨᠡᠯᠢᠶᠡᠳ ᠤᠳᠠᠭᠠᠨ᠂ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠠᠷᠠᠯᠵᠢᠶᠠᠨ ᠤ ᠦᠢᠯᠡᠴᠢᠯᠡᠭᠡᠨ ᠤ ᠨᠢᠭᠡᠴᠢ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ ᠨᠡᠯᠢᠶᠡᠳ ᠳᠣᠤᠷ᠎ᠠ ᠪᠠᠶᠢᠨ᠎ᠠ᠃ ᠣᠳᠣᠬᠠᠨ ᠳᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠨᠢᠭᠡᠨᠲᠡ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠵᠣ᠂ ᠢᠨᠲ᠋ᠧᠷ ᠰᠦᠯᠵᠢᠶᠡᠨ ᠤ ᠡᠵᠡᠩᠨᠡᠨ ᠪᠣᠷᠣᠯᠠᠭᠤᠯᠤᠯᠲᠠ ᠨᠢᠭᠡᠨᠲᠡ ᠠᠵᠤ ᠠᠬᠤᠶᠢᠯᠠᠯ ᠤᠨ ᠡᠵᠡᠩᠨᠡᠨ ᠪᠣᠷᠣᠯᠠᠭᠤᠯᠬᠤ ᠴᠢᠬᠤᠯᠠ ᠠᠷᠭ᠎ᠠ ᠪᠠᠷᠢᠯ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠠᠵᠤ ᠠᠬᠤᠶᠢᠯᠠᠯ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢᠶᠠᠨ ᠲᠠᠰᠤᠷᠠᠯᠲᠠ ᠥᠬᠡᠶ ᠰᠢᠨᠡᠴᠢᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠸᠠᠷ ᠤᠨ ᠭᠦᠢᠯᠭᠡᠭᠡᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠲᠠᠸᠠᠷ ᠤᠨ ᠭᠦᠢᠯᠭᠡᠭᠡᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠡᠳᠦᠷ ᠢᠷᠡᠬᠦᠶ᠎ᠡ ᠡᠯᠪᠡᠭ ᠪᠠᠶᠠᠯᠢᠭ ᠣᠯᠠᠨ ᠶᠠᠩᠵᠤ ᠶᠢᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠴᠢᠬᠤᠯᠠᠲᠠᠶ ᠪᠠᠶᠢᠨ᠎ᠠ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠬᠢᠨ ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠠᠶᠢᠨ ᠠᠵᠠ ᠲᠣᠬᠢᠶᠠᠯ ᠢᠶᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠪᠠᠷ ᠵᠣᠬᠢᠴᠠᠭᠤᠯᠤᠨ᠂ ᠠᠵᠤ ᠠᠬᠤᠶᠢᠯᠠᠯ ᠤᠨ ︽ᠲᠠᠰ ᠳᠡᠪᠰᠢᠭᠦᠯᠦᠨ ᠨᠢᠭᠡᠳᠬᠡᠬᠦ︾ ᠶᠢ ᠵᠦᠶ ᠵᠣᠬᠢᠰᠲᠠᠶ ᠠᠬᠢᠭᠤᠯᠵᠤ᠂ ᠬᠤᠷᠢᠶᠠᠩᠭᠤᠶᠢᠯᠠᠨ ᠨᠢᠭᠡᠳᠬᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号