ᠨᠥᠬᠦᠷᠯᠡᠯ ᠤᠨ ᠠᠵᠢᠯᠯᠠᠭ᠎ᠠ ᠪᠠᠷ ᠪᠦᠰᠡᠭᠦᠶᠢᠴᠦᠳ ᠢᠶᠠᠨ ᠪᠠᠶᠠᠰᠬᠠᠯ᠎ᠠ
ᠨᠡᠶᠢᠲᠡᠯᠡᠭᠰᠡᠨ ᠴᠠᠭ᠄
2024/3/11
     ᠤᠶᠢᠷ᠎ᠠ ᠳᠤ᠂ ᠬᠤᠰᠢᠭᠤ ᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠪᠠᠩᠬᠢ ᠬᠠᠮᠳᠤᠷᠠᠨ ᠨᠥᠬᠦᠷᠯᠡᠯ ᠤᠨ ᠠᠵᠢᠯᠯᠠᠭ᠎ᠠ ᠥᠷᠨᠢᠭᠦᠯᠵᠦ᠂ ᠡᠮᠡᠭᠲᠡᠶᠢᠴᠦᠳ ᠤᠨ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠳᠡᠮᠳᠡᠭᠯᠡᠯ᠎ᠡ᠃  ᠬᠤᠰᠢᠭᠤ ᠤᠳᠤᠷᠢᠳᠤᠯᠭ᠎ᠠ ᠶᠠᠩ ᠵᠠᠨ ᠴᠢᠩ᠂ ᠦᠨᠡᠨᠴᠢ ᠠᠵᠢᠯᠯᠠᠭ᠎ᠠ ᠳᠤ ᠣᠷᠣᠯᠴᠠᠪᠠ᠃      ᠶᠠᠩ ᠵᠠᠨ ᠴᠢᠩ ᠠᠵᠢᠯᠯᠠᠭ᠎ᠠ ᠳᠤ ᠵᠢᠭᠠᠭᠰᠠᠨ ᠨᠢ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠳᠤᠮᠳᠠ ᠨᠢᠭᠡ ᠪᠦᠯᠦᠭ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠦᠢᠯᠡᠰ ᠪᠦᠲᠦᠭᠡᠵᠦ᠂ ᠴᠤᠭ ᠪᠠᠳᠠᠷᠠᠩᠭᠤᠢ ᠳᠦᠷᠢ ᠲᠥᠷᠬᠦ ᠶᠢ ᠢᠯᠡᠷᠡᠬᠦᠯᠵᠦ ᠶᠠᠪᠤᠭ᠎ᠠ ᠪᠦᠰᠡᠭᠦᠶᠢᠴᠦᠳ ᠪᠠᠶᠢᠳᠠᠭ᠃ ᠡᠮᠡᠭᠲᠡᠢ ᠠᠵᠢᠯᠲᠠᠨ ᠨᠢᠭᠡᠪᠦᠷᠢ ᠴᠥᠮ ᠬᠦᠴᠦᠷᠬᠡᠭ ᠶᠡᠭᠡ ᠡᠮᠡᠭᠲᠡᠶᠢᠴᠦᠳ ᠤᠨ ᠬᠦᠴᠦᠨ ᠴᠢᠳᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠳᠤ ᠨᠠᠩ ᠬᠠᠯᠠᠭᠤᠨ ᠳᠤᠯᠠᠭᠠᠨ᠂ ᠨᠠᠩ ᠵᠣᠯ ᠵᠢᠷᠭᠠᠯ ᠲᠠᠢ᠂ ᠨᠠᠩ ᠥᠭᠡᠳᠡᠯᠡᠨ ᠳᠠᠪᠰᠢᠬᠤ ᠢᠳᠡᠪᠬᠢ ᠬᠦᠴᠦᠨ ᠢ  ᠦᠷᠬᠦᠯᠵᠢᠯᠡᠨ ᠪᠠᠳᠠᠷᠠᠭᠤᠯᠬᠤ ᠶᠢ ᠬᠦᠰᠡᠵᠦ ᠪᠠᠶᠢᠨ᠎ᠠ ᠬᠡᠵᠡᠢ᠃      ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠣᠯᠠᠨ ᠳᠤ ᠤᠷᠤᠭᠤᠯ ᠤᠨ ᠪᠤᠳᠤᠭ ᠬᠢᠬᠦ ᠶᠢ ᠵᠢᠭᠠᠯᠭᠠᠨ᠂ ᠤᠷᠤᠭᠤᠯ ᠤᠨ ᠪᠤᠳᠤᠬ ᠤᠨ ᠬᠡᠪ᠂ ᠳᠤᠰᠤ᠂ ᠪᠤᠳᠤᠬ ᠤᠨ ᠨᠤᠨᠳᠠᠭ᠂ ᠬᠠᠯᠠᠭᠠᠯᠲᠠ ᠶᠢᠨ ᠴᠣᠮᠣ᠂ ᠬᠤᠳᠬᠤᠭᠤᠷ ᠰᠠᠪᠠ ᠵᠡᠷᠭᠡ ᠮᠠᠲ᠋ᠧᠷᠢᠶᠠᠯ ᠢ ᠲᠦᠭᠡᠭᠡᠨ ᠦᠭᠴᠦ᠂ ᠤᠯᠠᠨ ᠢᠶᠠᠷ ᠢᠶᠠᠨ ᠪᠠᠭᠰᠢ ᠶᠢᠨ ᠳᠠᠭᠠᠭᠤᠯᠭ᠎ᠠ ᠪᠠᠷ ᠠᠩᠭᠢᠯᠤᠮ᠎ᠠ ᠦᠨᠦᠷ ᠬᠠᠩᠬᠤᠯᠤᠭᠰᠠᠨ ᠤᠷᠤᠭᠤᠯ ᠤᠨ ᠪᠤᠳᠤᠭ ᠬᠢᠵᠦ᠂ ᠦᠪᠡᠷ ᠲᠤ ᠪᠠᠨ ᠪᠠᠶᠠᠷ ᠤᠨ ᠡᠳᠦᠷ ᠤᠨ ᠪᠡᠯᠡᠭ ᠪᠤᠯᠭᠠᠯ᠎ᠠ᠃ ᠡᠭᠦᠨ ᠤ  ᠬᠠᠮᠳᠤ ᠪᠠᠰᠠ ᠨᠢᠭᠤᠷ ᠴᠢᠷᠠᠢ ᠶᠢᠨ ᠠᠷᠠᠴᠢᠯᠠᠭ᠎ᠠ᠂ ᠭᠤᠶᠣᠯᠠᠯ ᠤᠨ ᠪᠦᠲᠦᠭᠡᠭᠳᠡᠬᠦᠨ ᠰᠤᠩᠭᠤᠬᠤ᠂ ᠨᠢᠭᠤᠷ ᠪᠤᠳᠤᠯᠳᠠ ᠵᠡᠷᠭᠡ ᠮᠡᠳᠡᠯᠭᠡ ᠶᠢᠨ ᠲᠣᠭᠤᠷᠢᠨ ᠳᠤ ᠳᠠᠶᠢᠯᠤᠮᠵᠢ ᠬᠢᠵᠦ᠂ ᠪᠦᠰᠡᠬᠦᠶᠢᠴᠦᠳ ᠢᠶᠠᠨ ᠦᠪᠡᠷ ᠢ ᠪᠠᠨ ᠬᠠᠶᠢᠷᠠᠯᠠᠵᠤ᠂ ᠦᠪᠡᠷ ᠲᠤ ᠪᠠᠨ ᠢᠳᠡᠭᠡᠯ ᠲᠠᠢ ᠶᠠᠪᠤᠬᠤ ᠶᠢ ᠨᠢ ᠵᠤᠷᠢᠭᠵᠢᠭᠤᠯᠵᠠᠢ᠃      ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠪᠠᠰᠠ ᠬᠤᠰᠢᠭᠤ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠪᠠᠷ ᠤᠯᠠᠨ ᠤ ᠤᠷᠮ᠎ᠠ ᠶᠢ ᠬᠦᠭᠵᠢᠬᠡᠵᠦ᠂ ᠰᠤᠨᠢᠷᠬᠠᠯᠳᠠᠢ ᠨᠠᠭᠠᠳᠤᠮ ᠳᠤᠭᠯᠠᠭᠠᠮ ᠦᠷᠨᠢᠬᠦᠯᠦᠨ᠂ ᠺᠠᠳ᠋ᠷ ᠠᠵᠢᠯᠲᠠᠨ ᠤ ᠠᠵᠢᠯ ᠤᠨ  ᠶᠠᠳᠠᠷᠠᠭ᠎ᠠ ᠶᠢ ᠳᠠᠶᠢᠯᠠᠨ᠂ ᠡᠯ᠎ᠡ ᠰᠠᠯᠠᠭ᠎ᠠ ᠮᠥᠴᠢᠷ ᠤᠨ ᠠᠵᠢᠯᠳᠠᠳ ᠤᠨ ᠨᠦᠬᠦᠷᠯᠡᠯ ᠢ ᠵᠤᠵᠠᠭᠠᠳᠬᠠᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号