ᠤᠶᠢᠷ᠎ᠠ ᠳᠤ᠂ ᠬᠤᠰᠢᠭᠤ ᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠪᠠᠩᠬᠢ ᠬᠠᠮᠳᠤᠷᠠᠨ ᠨᠥᠬᠦᠷᠯᠡᠯ ᠤᠨ | ᠠᠵᠢᠯᠯᠠᠭ᠎ᠠ ᠥᠷᠨᠢᠭᠦᠯᠵᠦ᠂ ᠡᠮᠡᠭᠲᠡᠶᠢᠴᠦᠳ ᠤᠨ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠳᠡᠮᠳᠡᠭᠯᠡᠯ᠎ᠡ᠃ | ᠬᠤᠰᠢᠭᠤ ᠤᠳᠤᠷᠢᠳᠤᠯᠭ᠎ᠠ ᠶᠠᠩ ᠵᠠᠨ ᠴᠢᠩ᠂ ᠦᠨᠡᠨᠴᠢ ᠠᠵᠢᠯᠯᠠᠭ᠎ᠠ ᠳᠤ ᠣᠷᠣᠯᠴᠠᠪᠠ᠃ | ᠶᠠᠩ ᠵᠠᠨ ᠴᠢᠩ ᠠᠵᠢᠯᠯᠠᠭ᠎ᠠ ᠳᠤ ᠵᠢᠭᠠᠭᠰᠠᠨ ᠨᠢ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠳᠤᠮᠳᠠ | ᠨᠢᠭᠡ ᠪᠦᠯᠦᠭ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ | ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠦᠢᠯᠡᠰ ᠪᠦᠲᠦᠭᠡᠵᠦ᠂ ᠴᠤᠭ ᠪᠠᠳᠠᠷᠠᠩᠭᠤᠢ ᠳᠦᠷᠢ | ᠲᠥᠷᠬᠦ ᠶᠢ ᠢᠯᠡᠷᠡᠬᠦᠯᠵᠦ ᠶᠠᠪᠤᠭ᠎ᠠ ᠪᠦᠰᠡᠭᠦᠶᠢᠴᠦᠳ ᠪᠠᠶᠢᠳᠠᠭ᠃ ᠡᠮᠡᠭᠲᠡᠢ ᠠᠵᠢᠯᠲᠠᠨ ᠨᠢᠭᠡᠪᠦᠷᠢ ᠴᠥᠮ ᠬᠦᠴᠦᠷᠬᠡᠭ | ᠶᠡᠭᠡ ᠡᠮᠡᠭᠲᠡᠶᠢᠴᠦᠳ ᠤᠨ ᠬᠦᠴᠦᠨ ᠴᠢᠳᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠳᠤ ᠨᠠᠩ ᠬᠠᠯᠠᠭᠤᠨ | ᠳᠤᠯᠠᠭᠠᠨ᠂ ᠨᠠᠩ ᠵᠣᠯ ᠵᠢᠷᠭᠠᠯ ᠲᠠᠢ᠂ ᠨᠠᠩ ᠥᠭᠡᠳᠡᠯᠡᠨ ᠳᠠᠪᠰᠢᠬᠤ ᠢᠳᠡᠪᠬᠢ ᠬᠦᠴᠦᠨ ᠢ ᠦᠷᠬᠦᠯᠵᠢᠯᠡᠨ | ᠪᠠᠳᠠᠷᠠᠭᠤᠯᠬᠤ ᠶᠢ ᠬᠦᠰᠡᠵᠦ ᠪᠠᠶᠢᠨ᠎ᠠ ᠬᠡᠵᠡᠢ᠃ | ᠠᠵᠢᠯᠯᠠᠭ᠎ᠠ ᠳᠤ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠣᠯᠠᠨ ᠳᠤ ᠤᠷᠤᠭᠤᠯ ᠤᠨ ᠪᠤᠳᠤᠭ ᠬᠢᠬᠦ ᠶᠢ | ᠵᠢᠭᠠᠯᠭᠠᠨ᠂ ᠤᠷᠤᠭᠤᠯ ᠤᠨ ᠪᠤᠳᠤᠬ ᠤᠨ ᠬᠡᠪ᠂ ᠳᠤᠰᠤ᠂ ᠪᠤᠳᠤᠬ ᠤᠨ ᠨᠤᠨᠳᠠᠭ᠂ ᠬᠠᠯᠠᠭᠠᠯᠲᠠ ᠶᠢᠨ ᠴᠣᠮᠣ᠂ | ᠬᠤᠳᠬᠤᠭᠤᠷ ᠰᠠᠪᠠ ᠵᠡᠷᠭᠡ ᠮᠠᠲ᠋ᠧᠷᠢᠶᠠᠯ ᠢ ᠲᠦᠭᠡᠭᠡᠨ ᠦᠭᠴᠦ᠂ ᠤᠯᠠᠨ ᠢᠶᠠᠷ ᠢᠶᠠᠨ ᠪᠠᠭᠰᠢ ᠶᠢᠨ ᠳᠠᠭᠠᠭᠤᠯᠭ᠎ᠠ ᠪᠠᠷ | ᠠᠩᠭᠢᠯᠤᠮ᠎ᠠ ᠦᠨᠦᠷ ᠬᠠᠩᠬᠤᠯᠤᠭᠰᠠᠨ ᠤᠷᠤᠭᠤᠯ ᠤᠨ ᠪᠤᠳᠤᠭ ᠬᠢᠵᠦ᠂ ᠦᠪᠡᠷ ᠲᠤ ᠪᠠᠨ ᠪᠠᠶᠠᠷ ᠤᠨ ᠡᠳᠦᠷ ᠤᠨ | ᠪᠡᠯᠡᠭ ᠪᠤᠯᠭᠠᠯ᠎ᠠ᠃ ᠡᠭᠦᠨ ᠤ ᠬᠠᠮᠳᠤ ᠪᠠᠰᠠ ᠨᠢᠭᠤᠷ ᠴᠢᠷᠠᠢ ᠶᠢᠨ ᠠᠷᠠᠴᠢᠯᠠᠭ᠎ᠠ᠂ ᠭᠤᠶᠣᠯᠠᠯ ᠤᠨ ᠪᠦᠲᠦᠭᠡᠭᠳᠡᠬᠦᠨ | ᠰᠤᠩᠭᠤᠬᠤ᠂ ᠨᠢᠭᠤᠷ ᠪᠤᠳᠤᠯᠳᠠ ᠵᠡᠷᠭᠡ ᠮᠡᠳᠡᠯᠭᠡ ᠶᠢᠨ ᠲᠣᠭᠤᠷᠢᠨ ᠳᠤ ᠳᠠᠶᠢᠯᠤᠮᠵᠢ ᠬᠢᠵᠦ᠂ ᠪᠦᠰᠡᠬᠦᠶᠢᠴᠦᠳ ᠢᠶᠠᠨ | ᠦᠪᠡᠷ ᠢ ᠪᠠᠨ ᠬᠠᠶᠢᠷᠠᠯᠠᠵᠤ᠂ ᠦᠪᠡᠷ ᠲᠤ ᠪᠠᠨ ᠢᠳᠡᠭᠡᠯ ᠲᠠᠢ ᠶᠠᠪᠤᠬᠤ ᠶᠢ ᠨᠢ ᠵᠤᠷᠢᠭᠵᠢᠭᠤᠯᠵᠠᠢ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠪᠠᠰᠠ ᠬᠤᠰᠢᠭᠤ ᠤᠯᠠᠭᠠᠨᠮᠥ᠋ᠴᠢᠷ ᠤᠨ ᠤᠷᠠᠨ ᠰᠠᠶᠢᠬᠠᠨ ᠤ | ᠲᠣᠭᠯᠠᠯᠲᠠ ᠪᠠᠷ ᠤᠯᠠᠨ ᠤ ᠤᠷᠮ᠎ᠠ ᠶᠢ ᠬᠦᠭᠵᠢᠬᠡᠵᠦ᠂ ᠰᠤᠨᠢᠷᠬᠠᠯᠳᠠᠢ ᠨᠠᠭᠠᠳᠤᠮ ᠳᠤᠭᠯᠠᠭᠠᠮ ᠦᠷᠨᠢᠬᠦᠯᠦᠨ᠂ ᠺᠠᠳ᠋ᠷ | ᠠᠵᠢᠯᠲᠠᠨ ᠤ ᠠᠵᠢᠯ ᠤᠨ ᠶᠠᠳᠠᠷᠠᠭ᠎ᠠ ᠶᠢ ᠳᠠᠶᠢᠯᠠᠨ᠂ ᠡᠯ᠎ᠡ ᠰᠠᠯᠠᠭ᠎ᠠ ᠮᠥᠴᠢᠷ ᠤᠨ ᠠᠵᠢᠯᠳᠠᠳ ᠤᠨ ᠨᠦᠬᠦᠷᠯᠡᠯ ᠢ | ᠵᠤᠵᠠᠭᠠᠳᠬᠠᠯᠠ᠃ | |