ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠲᠡᠭᠦᠰᠪᠡ ᠰᠢ ᠶᠢᠨ ᠫᠢᠩ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ ᠸᠠᠩ ᠬᠤ᠋ ᠨᠢᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/11
  ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠵᠠᠢ᠃    3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃    ᠬᠤᠷᠠᠯ ᠢ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠬᠢᠯᠡᠪᠡ᠃ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠧᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠢ᠂ ᠱᠣᠣ ᠬᠤᠩ᠂ ᠭᠤᠣ ᠶᠦᠨ ᠯᠦᠩ᠂ ᠴᠧᠨ ᠡᠦ᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠣᠣ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠠᠲᠠᠪᠠ᠃    3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃    ᠦᠳᠡ ᠶᠢᠨ ᠡᠮᠦᠨᠡᠬᠢ 9 ᠴᠠᠭ ᠲᠤ ᠲᠡᠭᠦᠰᠬᠦ ᠬᠤᠷᠠᠯ ᠡᠬᠢᠯᠡᠪᠡ᠃ ᠸᠠᠩ ᠬᠤ᠋ ᠨᠢᠩ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠵᠣᠬᠢᠰᠲᠠᠢ ᠭᠡᠰᠢᠭᠦᠨ 2162 ᠬᠦᠮᠦᠨ ᠪᠤᠢ᠂ ᠪᠤᠲᠠᠲᠠᠢ ᠣᠷᠣᠯᠴᠠᠭᠰᠠᠨ ᠨᠢ 2085 ᠬᠦᠮᠦᠨ ᠪᠠᠶᠢᠵᠤ᠂ ᠲᠣᠭᠲᠠᠭᠰᠠᠨ ᠬᠦᠮᠦᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ᠃    ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃    ᠸᠠᠩ ᠬᠤ᠋ ᠨᠢᠩ ᠶᠠᠷᠢᠶᠠᠨ ᠳᠠᠭᠠᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ᠂ ᠢᠳᠡᠪᠬᠢ ᠬᠦᠴᠦᠨ ᠢ ᠨᠢᠭᠲᠠᠷᠠᠭᠤᠯᠵᠤ᠂ ᠴᠤᠭ ᠰᠦᠯᠳᠡ ᠶᠢ ᠬᠥᠪᠴᠢᠯᠡᠵᠡᠢ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠶᠡᠭᠡ ᠬᠤᠷᠠᠯ ᠤᠨ ᠡᠭᠢᠯᠡᠯᠲᠡ ᠶᠢᠨ  ᠬᠤᠷᠠᠯ  ᠪᠣᠯᠣᠨ  ᠲᠡᠭᠦᠰᠬᠦ  ᠬᠤᠷᠠᠯ  ᠳᠤ  ᠣᠷᠣᠯᠴᠠᠵᠤ᠂ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠭᠡᠰᠢᠭᠦᠳ ᠲᠠᠢ ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠪᠡ᠃ ᠪᠦᠭᠦ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠵᠡᠷᠭᠡ ᠳᠤ ᠣᠷᠣᠯᠴᠠᠬᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠲᠦᠷᠦ ᠶᠢᠨ ᠶᠠᠪᠤᠳᠠᠯ ᠢ ᠵᠥᠪᠯᠡᠭᠰᠡᠨ ᠡᠯᠪᠡᠭ ᠦᠷ᠎ᠡ ᠪᠦᠲᠦᠭᠡᠯ ᠣᠯᠪᠠ᠃ ᠪᠦᠭᠦ ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠳᠤᠮᠳᠠᠳᠤ ᠤᠯᠤᠰ ᠨᠡᠷᠡᠮᠵᠢᠲᠦ︾ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠡᠷᠡᠯᠬᠡᠭᠯᠡᠨ ᠤᠷᠤᠭᠰᠢᠯᠠᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ︽ᠬᠤᠶᠠᠷ ᠢ ᠲᠣᠭᠲᠠᠭᠠᠭᠰᠠᠨ︾ ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ ᠪᠦᠭᠦ ᠭᠡᠰᠢᠭᠦᠳ ᠨᠡᠩ ᠭᠦᠨᠵᠡᠭᠡᠢ ᠣᠶᠢᠯᠠᠭᠠᠪᠠ ᠭᠡᠵᠡᠢ᠃    ᠸᠠᠩ ᠬᠤ᠋ ᠨᠢᠩ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠬᠤ ᠪᠥᠭᠡᠳ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ 75 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠰᠢᠨ᠎ᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢᠨ ᠵᠠᠮ ᠢ ᠰᠦᠪᠡᠭᠴᠢᠯᠡᠬᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠥᠷᠥ ᠶᠢᠨ ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠡᠭᠡᠭᠰᠢᠯᠡᠭᠦᠯᠵᠦ᠂ ᠢᠮᠠᠭᠲᠠ ᠨᠠᠮ ᠪᠠ ᠤᠯᠤᠰ ᠤᠨ ᠠᠵᠢᠯ ᠦᠢᠯᠡᠰ ᠤᠨ ᠶᠡᠭᠡ ᠲᠠᠯ᠎ᠠ ᠶᠢ ᠪᠣᠳᠣᠯᠬᠢᠯᠠᠨ ᠠᠵᠢᠯ ᠢᠶᠠᠨ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠬᠢ ᠪᠠᠨ ᠭᠦᠢᠴᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠬᠰᠠᠨ ᠡᠯ᠎ᠡ ᠨᠠᠮ ᠪᠦᠯᠦᠭ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠨᠠᠮ ᠤᠨ ᠦᠭᠡ ᠶᠢ ᠡᠷᠡᠰ ᠪᠠᠲᠤ ᠰᠣᠨᠣᠰᠴᠤ᠂ ᠨᠠᠮ ᠢᠶᠠᠨ ᠳᠠᠭᠠᠬᠤ ᠶᠢ ᠪᠦᠯᠬᠦᠮᠳᠡᠭᠦᠯᠦᠨ ᠵᠢᠯᠤᠭᠤᠳᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠷᠭᠡᠨ ᠳᠡᠯᠭᠡᠷ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠦ ᠢᠯᠡᠳᠬᠡᠪᠡ᠃    ᠸᠠᠩ ᠬᠤ᠋ ᠨᠢᠩ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠪᠢᠴᠢᠭᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃    ᠲᠡᠭᠦᠰᠬᠦ  ᠬᠤᠷᠠᠯ  ᠳᠤ  ᠣᠷᠣᠯᠴᠠᠬᠰᠠᠨ  ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ ᠨᠠᠷ ᠪᠠᠶᠢᠨ᠎ᠠ᠃    ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠬᠦ ᠬᠤᠷᠠᠯ ᠳᠤ ᠰᠤᠯᠠ ᠣᠷᠣᠯᠴᠠᠵᠠᠢ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠷᠢᠯᠭ᠎ᠠ ᠪᠠᠷ ᠲᠡᠭᠦᠰᠬᠦ ᠬᠤᠷᠠᠯ ᠳᠤ ᠣᠷᠣᠯᠴᠠᠪᠠ᠃    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号