ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠠᠤᠯᠢ ᠶᠢ ᠪᠠᠲᠤᠯᠠᠵᠤ ᠰᠢ ᠶᠢᠨ ᠫᠢᠩ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠵᠡᠢ | ᠰᠢ ᠶᠢᠨ ᠫᠢᠩ ᠯᠢ ᠴᠢᠶᠠᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ | ᠵᠤᠤ ᠯᠧ ᠵᠢᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ | ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ 11 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠵᠡᠷᠭᠡ ᠶᠢ ᠵᠥᠪᠰᠢᠶᠡᠷᠡᠪᠡ᠃ ᠶᠡᠭᠡ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠢᠨ | ᠨᠢᠭᠡᠳᠦᠭᠡᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠪᠡ᠃ | 3 ᠰᠠᠷ᠎ᠠ ᠶᠢᠨ 11 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠲᠡᠭᠦᠰᠪᠡ᠃ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠲᠡᠭᠦᠰᠬᠦ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ | ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ᠂ ᠸᠠᠩ ᠳ᠋ᠦᠩ ᠮᠢᠩ᠂ ᠰᠢᠶᠣᠣ ᠵᠢᠶᠧ᠂ | ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ | ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ · ᠵᠠᠺᠧᠯ᠂ ᠯᠢᠦ ᠴᠢ | ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ | ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ | ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ | ᠰᠠᠭᠠᠲᠠᠪᠠ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2956 ᠬᠥᠮᠥᠨ ᠪᠠᠶᠢᠵᠤ᠂ 2900 ᠬᠥᠮᠥᠨ | ᠣᠷᠣᠯᠴᠠᠵᠤ᠂ 56 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ | ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃ | ᠦᠳᠡ ᠶᠢᠨ ᠬᠤᠶᠢᠨᠠᠬᠢ 3 ᠴᠠᠭ ᠲᠤ ᠵᠣᠣ ᠯᠧ ᠵᠢᠢ ᠬᠤᠷᠠᠯ ᠡᠬᠢᠯᠡᠭᠰᠡᠨ ᠢ ᠵᠠᠷᠯᠠᠪᠠ᠃ | 3 ᠰᠠᠷ᠎ᠠ ᠶᠢᠨ 11 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠲᠡᠭᠦᠰᠬᠦ ᠬᠤᠷᠠᠯ ᠬᠢᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ | ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠳᠡᠮᠵᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠠᠢ᠃ ᠰᠢᠢᠳᠪᠦᠷᠢ ᠳᠤ᠂ ᠬᠤᠷᠠᠯ ᠠᠴᠠ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠬᠡᠯ ᠳᠤ ᠳᠤᠷᠠᠳᠤᠭᠰᠠᠨ 2024 | ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠣᠳᠣᠯᠭ᠎ᠠ ᠶᠢᠨ ᠬᠠᠨᠳᠤᠰᠢ | ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠳᠤᠰ ᠢᠯᠡᠳᠬᠡᠯ ᠢ ᠵᠥᠪᠰᠢᠶᠡᠷᠡᠬᠦ ᠪᠠᠷ ᠲᠣᠭᠲᠠᠵᠠᠢ ᠭᠡᠵᠦ ᠵᠢᠭᠠᠵᠤ | ᠭᠠᠷᠭᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠪᠠ᠃ ᠡᠨᠡ ᠬᠠᠤᠯᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ 2023 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ | 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ | ᠲᠤᠬᠳᠠᠪᠠ︔ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ | 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ | ᠪᠠᠲᠤᠯᠠᠵᠤ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ | 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠶᠢ | ᠵᠥᠪᠰᠢᠶᠡᠷᠡᠬᠦ ᠪᠠᠷ ᠲᠣᠭᠲᠠᠵᠤ᠂ 2024 ᠣᠨ ᠤ ᠲᠥᠪ ᠤᠨ ᠲᠥᠰᠥᠪ ᠢ ᠵᠥᠪᠰᠢᠶᠡᠷᠡᠬᠦ ᠪᠠᠷ ᠲᠣᠭᠲᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ | ᠪᠠᠲᠤᠯᠠᠪᠠ᠃ ᠰᠢᠢᠳᠪᠦᠷᠢ ᠳᠤ᠂ ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠮᠡᠳᠡᠭᠦᠯᠦᠯᠲᠡ ᠳᠤ | ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠮᠡᠳᠡᠭᠦᠯᠦᠯᠲᠡ ᠶᠢ | ᠵᠥᠪᠰᠢᠶᠡᠷᠡᠬᠦ ᠪᠠᠷ ᠲᠣᠭᠲᠠᠪᠠ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢᠨ ᠲᠤᠬᠠᠢ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ ᠡᠨᠡ ᠬᠤᠶᠠᠷ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ᠃ | ᠳᠠᠷᠠᠭ᠎ᠠ ᠨᠢ ᠵᠤᠤ ᠯᠧ ᠵᠢᠢ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ | ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠦᠭᠦ ᠲᠥᠯᠥᠭᠡᠯᠡᠭᠴᠢᠳ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ | ᠬᠠᠮᠲᠤ ᠶᠢᠨ ᠴᠢᠷᠮᠠᠶᠢᠯᠭ᠎ᠠ ᠪᠠᠷ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ | ᠡᠭᠦᠷᠭᠡ ᠶᠢ ᠲᠣᠳᠣᠷᠬᠠᠶᠢᠯᠠᠵᠤ᠂ ᠢᠲᠡᠭᠡᠯ ᠢ ᠪᠠᠲᠤᠳᠬᠠᠪᠠ᠂ ᠡᠨᠡ ᠪᠣᠯ ᠨᠢᠭᠡ ᠤᠳᠠᠭ᠎ᠠ ᠶᠢᠨ ᠲᠤᠭ ᠢ ᠥᠨᠳᠥᠷ | ᠮᠠᠨᠳᠤᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ ᠭᠡᠵᠦ | ᠬᠡᠯᠡᠪᠡ᠃ | ᠵᠤᠤ ᠯᠧ ᠵᠢᠢ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠨᠠᠮ ᠪᠣᠯᠣᠨ ᠠᠷᠠᠳ ᠲᠦᠮᠡᠨ ᠤ | ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠤᠷᠮ᠎ᠠ ᠰᠡᠳᠬᠢᠯᠭᠡ ᠪᠣᠯᠣᠨ ᠴᠤᠭ | ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠡᠯ᠎ᠡ ᠵᠦᠢᠯ ᠤᠨ ᠮᠡᠳᠡᠭᠦᠯᠦᠯᠲᠡ ᠪᠣᠯᠣᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ | ᠬᠤᠷᠠᠯ ᠤᠨ ᠦᠷ᠎ᠡ ᠪᠦᠲᠦᠭᠡᠯ ᠨᠢ ᠨᠠᠮ ᠤᠨ ᠵᠣᠷᠢᠯᠲᠠ ᠪᠣᠯᠣᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ | ᠭᠦᠢᠴᠡᠳ ᠢᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯᠣᠨ ᠤᠯᠤᠰ ᠤᠨ ᠦᠨᠳᠦᠰᠦᠨ ᠤᠯᠤᠰ | ᠲᠦᠷᠦ ᠶᠢᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠢ ᠢᠯᠡᠷᠡᠭᠦᠯᠪᠡ ᠭᠡᠵᠦ ᠵᠢᠭᠠᠵᠤ ᠭᠠᠷᠭᠠᠵᠠᠢ᠃ | ᠵᠤᠤ ᠯᠧ ᠵᠢᠢ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ | ᠴᠢᠷᠮᠠᠶᠢᠨ ᠪᠡᠶᠡᠯᠡᠭᠦᠯᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠠ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠤᠶᠢᠪᠢᠰᠢ ᠦᠭᠡᠢ | ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ | ᠢᠯᠡᠳᠬᠡᠭᠰᠡᠨ ᠬᠦᠰᠡᠯ ᠰᠠᠨᠠᠭ᠎ᠠ᠂ ᠡᠭᠦᠳᠦᠭᠰᠡᠨ ᠲᠤᠷᠰᠢᠯᠭ᠎ᠠ᠂ ᠡᠳ᠋ᠯᠡᠵᠦ ᠪᠠᠶᠢᠭ᠎ᠠ ᠡᠷᠬᠡ᠂ ᠪᠠᠳᠠᠷᠠᠭᠤᠯᠵᠤ ᠪᠠᠶᠢᠭ᠎ᠠ | ᠦᠢᠯᠡᠳᠦᠯ ᠢ ᠭᠦᠢᠴᠡᠳ ᠭᠦᠨᠳᠦᠳᠭᠡᠵᠦ᠂ ᠪᠦᠭᠦ ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠡᠭᠦᠳᠦᠨ | ᠪᠦᠲᠦᠭᠡᠬᠦ ᠤᠷᠮ᠎ᠠ ᠰᠡᠳᠬᠢᠯᠭᠡ ᠪᠣᠯᠣᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠯᠬᠦᠮᠳᠡᠨ ᠲᠡᠮᠡᠴᠡᠬᠦ ᠬᠦᠴᠦᠷᠬᠡᠭ | ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠴᠢᠳᠠᠮᠠᠭᠠᠢ ᠠᠵᠢᠯᠯᠠᠨ ᠴᠢᠳᠠᠮᠠᠭᠠᠢ ᠪᠦᠲᠦᠭᠡᠵᠦ᠂ | ᠬᠦᠴᠢᠷ ᠪᠡᠷᠬᠡᠰᠢᠶᠡᠯ ᠢ ᠨᠢᠭᠡᠳ ᠨᠢᠭᠡ ᠪᠠᠷ ᠴᠢᠷᠮᠠᠶᠢᠨ ᠢᠯᠡᠨ ᠳᠠᠪᠠᠵᠤ᠂ ᠪᠣᠳᠠᠲᠠᠢ ᠶᠠᠪᠤᠳᠠᠯ ᠢ ᠨᠢᠭᠡᠳ ᠨᠢᠭᠡ ᠪᠠᠷ ᠰᠠᠶᠢᠲᠤᠷ | ᠬᠢᠵᠦ᠂ ᠡᠭᠦᠷᠭᠡ ᠶᠢ ᠨᠢᠭᠡᠳ ᠨᠢᠭᠡ ᠪᠠᠷ ᠪᠡᠶᠡᠯᠡᠭᠦᠯᠦᠨ᠂ ᠪᠦᠯᠬᠦᠮᠳᠡᠨ ᠲᠡᠮᠡᠴᠡᠬᠦ ᠳᠤᠮᠳᠠ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ ᠭᠡᠵᠡᠢ᠃ | ᠵᠤᠤ ᠯᠧ ᠵᠢᠢ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ | ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠦᠮᠡᠨ ᠤᠯᠠᠨ ᠢᠶᠠᠷ ᠢᠶᠠᠨ | ᠰᠡᠳᠬᠢᠯ ᠨᠢᠭᠡᠳᠴᠦ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠵᠦ ᠵᠢᠭᠠᠵᠤ ᠭᠠᠷᠭᠠᠪᠠ᠃ | ᠦᠳᠡ ᠶᠢᠨ ᠬᠤᠶᠢᠨᠠᠬᠢ 3 ᠴᠠᠭ 31 ᠮᠢᠨᠦ᠋ᠲ ᠲᠤ᠂ ᠵᠤᠤ ᠯᠧ ᠵᠢᠢ᠄ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠲᠡᠭᠦᠰᠪᠡ ᠭᠡᠵᠦ ᠨᠡᠶᠢᠲᠡᠯᠡᠵᠡᠢ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ | ᠰᠦᠯᠳᠡ ᠳᠠᠭᠤᠤ ᠶᠢᠨ ᠠᠶ᠎ᠠ ᠳᠤᠮᠳᠠ ᠥᠨᠳᠥᠷᠯᠡᠪᠡ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ | ᠱᠢ ᠲᠠᠢ ᠹᠧᠩ᠂ ᠯᠢᠦ ᠭᠦᠸᠧ ᠵᠥᠩ᠂ ᠯᠢ ᠭᠠᠨ ᠵᠢᠶᠧ᠂ ᠯᠢ ᠱᠣ᠋ ᠯᠧᠢ᠂ ᠾᠧ ᠸᠧᠢ ᠳ᠋ᠦᠩ᠂ ᠾᠧ ᠯᠢ ᠹᠧᠩ᠂ ᠵᠠᠩ | ᠶᠢᠣ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ | ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ | ᠶᠢᠩ ᠶᠦᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠫᠠᠪᠠᠯᠠ · ᠭᠧᠯᠤᠭ᠍ᠨᠡᠮᠵᠢᠯ᠂ ᠾᠧ ᠾᠧᠦ | ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠶ᠂ ᠱᠣᠤ ᠬᠤᠩ᠂ ᠴᠧᠨ ᠦ᠋᠂ ᠮᠦ ᠬᠤᠩ᠂ ᠰᠢᠶᠠᠨ ᠬᠤᠶ᠂ ᠸᠠᠩ | ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ | ᠪᠦᠸᠧ ᠶᠦᠩ᠂ ᠵᠦ ᠶᠦᠩ ᠰᠢᠨ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ | ᠵᠧᠨ ᠯᠢ᠂ ᠮᠢᠶᠣᠣ ᠬᠤᠸᠠ᠂ ᠵᠠᠩ ᠱᠧᠩ ᠮᠢᠨ ᠨᠠᠷ ᠪᠤᠢ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ | ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠭᠦᠮ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠨᠠᠷ ᠶᠡᠭᠡ ᠬᠤᠷᠠᠯ ᠢ ᠰᠤᠯᠠ ᠰᠣᠨᠣᠰᠪᠠ᠃ |