ᠦᠨᠳᠦᠰᠦᠨ ᠡᠷᠡᠬᠦᠯᠵᠢᠯ ᠤᠨ ᠦᠢᠯᠡᠴᠢᠯᠡᠭᠡ ᠵᠡᠮᠳᠡᠭᠴᠦᠳ ᠤᠨ ᠰᠡᠳᠬᠢᠯ ᠢ ᠳᠤᠯᠠᠭᠠᠯᠠᠯ᠎ᠠ
ᠨᠡᠶᠢᠲᠡᠯᠡᠭᠰᠡᠨ ᠴᠠᠭ᠄
2024/3/13
      ᠤᠶᠢᠷ᠎ᠠ ᠳᠤ᠂ ᠬᠤᠰᠢᠭᠤ ᠵᠡᠮᠳᠡᠭᠴᠦᠳ ᠤᠨ ᠬᠤᠯᠪᠤᠭᠠᠳᠤ ᠬᠤᠷᠠᠯ᠂ ᠡᠭᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ ᠪᠥᠬᠦ ᠬᠤᠰᠢᠭᠤᠨ ᠤ ᠵᠡᠮᠳᠡᠭ ᠡᠮᠡᠭᠲᠡᠶᠢᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠨ᠂ ᠬᠥᠬᠦᠨ ᠪᠤᠯᠴᠢᠷᠬᠠᠢ ᠶᠢᠨ B ᠬᠡᠲᠦ ᠳᠣᠯᠭᠢᠶᠠᠨ᠂ ᠪᠠᠮᠪᠠᠢ ᠪᠤᠯᠴᠢᠷᠬᠠᠢ ᠶᠢᠨ ᠪᠤᠳᠤᠭᠲᠤ ᠬᠡᠲᠦ ᠳᠣᠯᠭᠢᠶᠠᠨ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠡᠭᠡᠵᠢᠨ ᠬᠦᠨᠳᠡᠢ ᠶᠢᠨ X ᠰᠠᠴᠤᠷᠠᠭ ᠵᠡᠷᠭᠡ ᠪᠠᠶᠢᠴᠠᠭᠠᠯᠳᠠ ᠶᠢ ᠦᠨ᠎ᠡ ᠲᠦᠯᠦᠪᠦᠷᠢ ᠦᠬᠡᠢ ᠪᠠᠷ ᠬᠢᠵᠦ ᠦᠭᠴᠡᠢ᠃       ᠬᠤᠰᠢᠭᠤ ᠵᠡᠮᠳᠡᠭᠴᠦᠳ ᠤᠨ ᠬᠤᠯᠪᠤᠭᠠᠨ ᠤ ᠠᠵᠢᠯᠲᠠᠳ ᠤᠨ ᠳᠠᠭᠠᠭᠤᠯᠭ᠎ᠠ ᠳᠣᠣᠷ᠎ᠠ᠂ ᠣᠯᠠᠨ ᠢᠶᠠᠷ ᠢᠶᠠᠨ ᠵᠡᠮᠳᠡᠭ ᠡᠮᠡᠭᠲᠡᠶᠢᠴᠦᠳ ᠤᠨ ᠭᠡᠷ ᠲᠤ ᠨᠢ ᠬᠦᠷᠴᠦ᠂ ︽ᠯᠧᠢ ᠹᠧᠩ︾ ᠰᠠᠶᠢᠨ ᠳᠤᠷ᠎ᠠ ᠶᠢᠨ ᠲᠡᠷᠭᠡᠨ ᠠᠩᠭᠢ ᠶᠢᠨ ᠳᠡᠷᠭᠡ ᠪᠠᠷ ᠲᠤᠰᠴᠤ᠂ ᠬᠤᠰᠢᠭᠤ ᠡᠭᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠤ ᠬᠦᠷᠴᠦ ᠪᠠᠶᠢᠴᠠᠭᠠᠯᠲᠠ ᠬᠢᠯᠭᠡᠪᠡ᠃       ᠪᠠᠶᠢᠴᠠᠭᠠᠯᠲᠠ ᠶᠢᠨ ᠶᠠᠪᠤᠴᠠ ᠳᠤ᠂ ᠵᠡᠮᠳᠡᠭᠴᠦᠳ ᠤᠨ  ᠬᠤᠯᠪᠤᠭᠠᠨ ᠤ ᠠᠵᠢᠯᠲᠠᠳ ᠵᠡᠮᠳᠡᠭᠴᠦᠳ ᠢ ᠲᠦᠰᠢᠵᠦ᠂ ᠡᠮᠬᠢ ᠳᠢᠭᠯᠢᠮ ᠲᠠᠢ ᠮᠦᠷᠯᠡᠬᠦᠯᠦᠨ᠂ ᠪᠠᠶᠢᠴᠠᠭᠠᠯᠳᠠ ᠶᠢᠨ ᠳᠤᠬᠠᠢ ᠳᠠᠶᠢᠯᠪᠤᠷᠢ ᠬᠢᠵᠦ ᠦᠭᠬᠦ ᠵᠡᠷᠭᠡ ᠪᠠᠷ ᠪᠠᠶᠢᠴᠠᠭᠠᠯᠳᠠ ᠶᠢᠨ ᠪᠦᠬᠦ ᠶᠠᠪᠤᠴᠠ ᠳᠤ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠯ᠎ᠠ᠃        ᠲᠣᠰ ᠤᠳᠠᠭᠠᠨ ᠤ ᠠᠵᠢᠯᠯᠠᠭᠠᠨ ᠤ ᠡᠬᠢᠨ ᠤ ᠬᠤᠭᠤᠴᠠᠭᠠᠨ ᠳᠤ᠂ ᠬᠤᠰᠢᠭᠤ ᠵᠡᠮᠳᠡᠭᠴᠦᠳ ᠤᠨ  ᠬᠤᠯᠪᠤᠭᠠᠨ ᠤ ᠬᠢᠨ ᠵᠡᠮᠳᠡᠭᠴᠦᠳ ᠤᠨ ᠭᠡᠷ ᠪᠦᠯᠢ ᠶᠢᠨ ᠦᠨᠳᠦᠰᠦᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠵᠤ᠂ ᠡᠷᠡᠭᠦᠯᠵᠢᠯ ᠤᠨ ᠦᠢᠯᠡᠴᠢᠯᠡᠭᠡ ᠬᠡᠷᠡᠭᠰᠡᠬᠦ ᠡᠰᠡᠬᠦ ᠶᠢ ᠠᠰᠠᠭᠤᠵᠤ ᠳᠤᠭᠳᠠᠭᠰᠠᠨ ᠤ ᠬᠠᠮᠳᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠭᠡᠷ ᠪᠦᠯᠢ ᠶᠢᠨ ᠡᠬᠢ ᠪᠠᠶᠠᠯᠢᠭ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠪᠠ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠥᠷᠭᠡᠨ ᠣᠯᠠᠨ ᠵᠡᠮᠳᠡᠭᠴᠦᠳ ᠲᠤ ᠣᠶᠢᠷ᠎ᠠ ᠬᠠᠪᠢ ᠳᠤ ᠪᠠᠨ᠂ ᠬᠢᠮᠳᠠ ᠪᠥᠭᠡᠳ ᠪᠣᠳᠠᠲᠤ ᠬᠡᠷᠡᠭᠴᠡᠭᠡ ᠲᠠᠢ᠂ ᠬᠠᠮᠤᠷᠬᠤ ᠬᠡᠪᠴᠢᠶ᠎ᠡ ᠪᠠᠷ ᠥᠷᠭᠡᠨ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠎ ᠶᠢ ᠵᠤᠷᠢᠵᠠᠢ᠃       ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠪᠣᠯ ᠵᠡᠮᠳᠡᠭᠴᠦᠳ ᠢ ᠬᠠᠪᠰᠤᠷᠤᠨ ᠠᠮᠢᠳᠤᠷᠠᠯ ᠤᠨ ᠪᠤᠳᠠᠳᠤ ᠬᠦᠴᠢᠷᠳᠡᠯ ᠢ ᠨᠢ ᠰᠢᠢᠳᠪᠦᠷᠢᠯᠡᠵᠦ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠨᠠᠩ ᠭᠦᠢᠴᠡᠳ ᠣᠷᠣᠯᠴᠠᠬᠤ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠲᠣᠰ ᠤᠳᠠᠭᠠᠨ ᠤ ᠠᠵᠢᠯᠯᠠᠭ᠎ᠠ ᠎ ᠨᠢ ᠵᠡᠮᠳᠡᠭ ᠡᠮᠡᠭᠲᠡᠶᠢᠴᠦᠳ ᠪᠠ ᠵᠡᠮᠳᠡᠭᠴᠦᠳ ᠤᠨ ᠭᠡᠷ ᠪᠦᠯᠢ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠵᠦ᠂ ᠡᠷᠡᠭᠦᠯᠵᠢᠯ ᠤᠨ ᠤᠬᠠᠮᠰᠠᠷ ᠢ ᠨᠢ ᠳᠡᠭᠡᠭᠰᠢᠯᠡᠭᠦᠯᠦᠨ᠂ ᠡᠪᠡᠳᠴᠢᠨ ᠡᠮᠭᠡᠭ ᠡᠭᠦᠰᠬᠦ ᠨᠣᠷᠮ᠎ᠠ ᠶᠢ ᠪᠠᠭᠤᠷᠠᠭᠤᠯᠵᠤ᠂ ᠲᠡᠳᠡᠨ ᠤ ᠡᠷᠡᠭᠦᠯ ᠮᠡᠨᠳᠦ ᠶᠢ ᠭᠦᠢᠴᠡᠳ ᠪᠠᠲᠤᠯᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号