ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ 2024 ᠣᠨ ᠳᠤ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠢᠷᠠᠭᠤ ᠰᠠᠶᠢᠬᠠᠨ | ᠬᠠᠭᠤᠳᠠᠰᠤ ᠪᠢᠴᠢᠭᠯᠡᠭᠳᠡᠬᠦ ᠨᠢ ᠯᠠᠪᠲᠠᠢ – | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠃ ᠡᠭᠦᠨ ᠤ ᠬᠠᠮᠲᠤ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠲᠤᠵᠤ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠠᠨ ᠤᠭᠲᠤᠨ ᠠᠪᠤᠯ᠎ᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ | ᠲᠥᠯᠥᠪᠵᠢᠭᠦᠯᠦᠯᠲᠡ ᠪᠠᠶᠢᠷᠢᠯᠠᠭᠤᠯᠤᠯᠲᠠ ᠬᠢᠯ᠎ᠡ᠃ | ᠣᠶᠢᠷ᠎ᠠ ᠶᠢᠨ ᠡᠳᠦᠷ ᠤᠨ ᠲᠤᠷᠰᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠣᠨ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ | ᠣᠷᠣᠯᠴᠠᠵᠤ᠂ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠴᠢᠯᠦᠭᠡᠯᠡᠬᠦ ᠴᠡᠷᠢᠭ | ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ | ᠣᠷᠣᠯᠴᠠᠵᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ | ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ | ᠳᠤᠭᠤᠶᠢᠯᠠᠩ ᠤᠨ ᠬᠤᠷᠠᠯ ᠳᠤᠨᠢ ᠣᠷᠣᠯᠴᠠᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠤᠰ ᠤᠨ ᠶᠡᠭᠡ | ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ – ︽ | ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠥᠭᠡᠷᠡᠴᠢᠯᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠲᠦᠷᠦᠯ ᠬᠤᠪᠢᠶᠠᠨ ᠵᠢᠯᠣᠭᠤᠳᠤᠨ᠎ᠠ︾ | ᠰᠢᠨ᠎ᠡ ᠬᠥᠭᠵᠢᠯᠲᠡ ᠶᠢᠨ ᠱᠠᠲᠤ᠂ ᠰᠢᠨ᠎ᠡ ᠬᠥᠭᠵᠢᠯᠲᠡ ᠶᠢᠨ ᠦᠢᠯᠡᠳᠦᠯᠭᠡ ᠨᠢ ᠰᠢᠨ᠎ᠡ ᠬᠥᠭᠵᠢᠯᠲᠡ ᠶᠢᠨ | ᠤᠨᠤᠯ ᠢᠶᠠᠷ ᠵᠢᠯᠣᠭᠤᠳᠤᠭᠤᠯᠬᠤ ᠴᠢᠬᠤᠯᠠᠲᠠᠢ᠃ ᠨᠢᠳᠤᠨᠤᠨ ᠠᠴᠠ ᠨᠠᠭᠠᠰᠢ᠂ ᠨᠠᠮ ᠤᠨ ᠰᠢᠨ᠎ᠡ ᠶᠢ ᠡᠭᠦᠳᠦᠭᠰᠡᠨ ᠤᠨᠤᠯ | ᠪᠠᠰᠠ ᠨᠢᠭᠡ ᠤᠳᠠᠭ᠎ᠠ ᠪᠠᠶᠠᠯᠢᠭᠵᠢᠨ ᠬᠥᠭᠵᠢᠪᠡ – | ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ︾ ᠭᠡᠬᠦ ᠴᠢᠬᠤᠯᠠ ᠶᠡᠭᠡ ᠤᠬᠠᠭᠳᠠᠬᠤᠨ ᠢ ᠳᠤᠷᠠᠳᠤᠭᠰᠠᠨ ᠠᠴᠠ ᠠᠪᠤᠭᠠᠳ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠳᠡᠭᠡᠷ᠎ᠡ ᠴᠢᠬᠤᠯᠠ ᠪᠠᠶᠢᠷᠢᠯᠠᠭᠤᠯᠤᠯᠲᠠ ᠬᠢᠭᠰᠡᠨ ᠭᠦᠷᠲᠡᠯ᠎ᠡ᠂ ᠲᠠᠭᠢᠭᠠᠳ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢᠰᠲ᠋ᠧᠮ ᠲᠠᠢ ᠲᠣᠳᠣᠷᠬᠠᠶᠢᠯᠠᠨ | ᠥᠭᠦᠯᠡᠭᠰᠡᠨ ᠭᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠭᠦᠨ ᠭᠦᠨᠵᠡᠭᠡᠢ ᠪᠠᠶᠢᠯᠳᠤᠬᠤ ᠪᠣᠳᠣᠯᠭ᠎ᠠ ᠶᠢᠨ ᠬᠠᠷᠠᠴᠠ | ᠪᠣᠯᠣᠨ ᠳᠡᠭᠡᠳᠦ ᠬᠡᠮᠵᠢᠶᠡᠨ ᠤ ᠤᠨᠤᠯ ᠤᠨ ᠤᠬᠠᠮᠰᠠᠷ ᠢᠶᠠᠷ ︽ᠶᠠᠭᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠭᠡᠬᠦ᠂ ᠶᠠᠭᠤᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠡᠷᠬᠢᠨ ᠬᠥᠭᠵᠢᠭᠦᠯᠬᠦ︾ ᠴᠢᠬᠤᠯᠠ ᠶᠡᠭᠡ ᠠᠰᠠᠭᠤᠳᠠᠯ ᠳᠤ ᠭᠦᠨᠵᠡᠭᠡᠢ | ᠬᠠᠷᠢᠭᠤᠯᠲᠠ ᠥᠭᠴᠡᠢ᠃ | ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠭᠤᠷᠪᠠ | ᠤᠳᠠᠭ᠎ᠠ ᠪᠦᠯᠭᠦᠮ ᠳᠤᠭᠤᠶᠢᠯᠠᠩ ᠳᠤ ᠬᠦᠷᠴᠦ᠂ ᠭᠤᠷᠪᠠ ᠤᠳᠠᠭ᠎ᠠ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ︾ ᠤ ᠲᠤᠬᠠᠢ ᠶᠠᠷᠢᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ | ᠤᠨᠤᠯ ᠢ ᠴᠢᠨᠠᠭᠰᠢᠳᠠ ᠲᠣᠳᠣᠷᠬᠠᠶᠢᠯᠠᠨ ᠥᠭᠦᠯᠡᠵᠡᠢ᠃ | 3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ | ᠲᠢᠩᠬᠢᠮ ᠳᠤ᠂ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠃ | ᠲᠢᠶᠠᠨ ᠾᠧ ᠭᠡᠷᠡᠯᠴᠢ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠵᠢᠢ | ᠹᠠᠨ ᠲᠥᠯᠥᠭᠡᠯᠡᠭᠴᠢ ᠦᠭᠡ ᠬᠡᠯᠡᠬᠦ ᠦᠶ᠎ᠡ ᠳᠤ᠂ ᠭᠡᠷᠡᠯᠴᠢ ᠴᠡᠨᠡᠭ ᠤᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠤᠨ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠭᠢᠯᠡᠭᠴᠢ ᠪᠤᠯᠬᠤ ᠲᠡᠭᠦᠨ ᠤ ᠨᠥᠭᠦᠭᠡ ᠨᠢᠭᠡ ᠪᠡᠶ᠎ᠡ ᠶᠢᠨ | ᠭᠠᠷᠤᠯ ᠨᠢ ᠶᠡᠷᠦᠩᠬᠡᠢ ᠱᠦᠵᠢ ᠶᠢᠨ ᠠᠩᠬᠠᠷᠤᠯ ᠢ ᠲᠠᠲᠠᠪᠠ᠃ | ︽ᠲᠠᠨ ᠤ ᠡᠨᠡ ᠬᠦ ᠲᠤᠷᠰᠢᠯᠲᠠ ᠶᠢᠨ ᠲᠠᠰᠤᠭ ᠴᠢᠨᠢ ᠬᠠᠮᠢᠭ᠎ᠠ ᠲᠣᠬᠢᠷᠠᠭᠤᠯᠤᠭᠰᠠᠨ ᠪᠤᠢ︖︾ ᠭᠡᠵᠦ ᠶᠡᠷᠦᠩᠬᠡᠢ | ᠱᠦᠵᠢ ᠠᠰᠠᠭᠤᠪᠠ᠃ | ︽ᠴᠠᠩᠵᠸᠦ ᠪᠣᠯᠣᠨ ᠱᠠᠩᠬᠠᠢ ᠳᠤ ᠪᠦᠷ ᠪᠤᠢ᠂ ᠪᠢᠳᠡ ᠠᠵᠤ ᠠᠬᠤᠶᠢᠯᠠᠯ ᠪᠣᠯᠣᠨ ᠶᠡᠭᠡ ᠰᠤᠷᠭᠠᠭᠤᠯᠢ | ᠬᠤᠯᠪᠤᠭᠠᠯᠠᠨ ᠪᠦᠲᠦᠭᠡᠨ ᠪᠠᠶᠢᠭᠤᠯᠵᠤ᠂ ᠰᠠᠭᠤᠷᠢ ᠰᠤᠳᠤᠯᠭᠠᠨ᠂ ᠬᠤᠰᠢᠭᠤᠷᠠᠯ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠢ | ᠨᠡᠪᠲᠡᠷᠡᠭᠦᠯᠵᠡᠢ︾ ᠭᠡᠵᠦ ᠭᠤᠤ ᠵᠢᠢ ᠹᠠᠨ ᠬᠡᠯᠡᠪᠡ᠃ | ︽ᠭᠡᠷᠡᠯᠴᠢ ᠴᠡᠨᠡᠭ ᠤᠨ ᠠᠵᠤ ᠦᠢᠯᠡᠰ ᠢ ᠤᠯᠤᠰ ᠲᠠᠭᠠᠨ ᠦᠢᠯᠡᠳᠪᠦᠷᠢᠯᠡᠬᠦ ᠲᠠᠯ᠎ᠠ ᠠᠴᠠ ᠠᠪᠴᠤ ᠦᠵᠡᠪᠡᠯ | ᠪᠠᠰᠠ ᠶᠠᠮᠠᠷ ᠳᠤᠲᠠᠭᠤᠳᠠᠯ ᠪᠠᠶᠢᠬᠤ ᠪᠤᠶ︖︾᠂ ︽ᠣᠳᠣ ᠴᠠᠭᠢᠯᠭᠠᠨ ᠲᠣᠣᠷ ᠲᠠᠢ ᠵᠠᠯᠭᠠᠬᠤ ᠳᠤ ᠶᠠᠮᠠᠷ ᠠᠰᠠᠭᠤᠳᠠᠯ | ᠪᠠᠶᠢᠨ᠎ᠠ ᠦᠦ︖︾ ᠭᠡᠵᠦ ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠃ | ᠭᠤᠤ ᠵᠢᠢ ᠹᠠᠨ ᠶᠡᠷᠦᠩᠬᠡᠢ ᠱᠦᠵᠢ ᠳᠤ᠂ ᠲᠡᠭᠦᠨ ᠤ ᠪᠠᠶᠢᠭ᠎ᠠ ᠠᠵᠤ ᠠᠬᠤᠶᠢᠯᠠᠯ ᠨᠢ 20 ᠭᠠᠷᠤᠢ ᠵᠢᠯ ᠤᠨ | ᠲᠤᠷᠰᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠯᠴᠢ ᠴᠡᠨᠡᠭ ᠤᠨ | ᠬᠦᠷᠢᠶᠡᠨ ᠤ ᠮᠡᠷᠭᠡᠵᠢᠯ ᠤᠨ ᠥᠨᠳᠦᠷᠯᠢᠭ ᠢ ᠴᠢᠷᠮᠠᠶᠢᠨ ᠡᠵᠡᠯᠡᠪᠡ᠃ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ | ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠡᠪᠲᠡᠷᠡᠭᠦᠯᠬᠦ ᠪᠠᠷ ᠳᠠᠮᠵᠢᠭᠤᠯᠤᠨ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠠᠮ ᠢᠶᠠᠷ ᠵᠠᠮᠨᠠᠵᠤ᠂ ᠲᠣᠨᠣᠭᠯᠠᠯ᠂ ᠲᠦᠭᠦᠬᠡᠢ | ᠮᠠᠲ᠋ᠧᠷᠢᠶᠠᠯ ᠢ ᠦᠨᠳᠦᠰᠦᠨ ᠳᠡᠭᠡᠨ ᠤᠯᠤᠰ ᠲᠠᠭᠠᠨ ᠦᠢᠯᠡᠳᠪᠦᠷᠢᠯᠡᠬᠦ ᠶᠢ ᠡᠵᠡᠮᠳᠡᠵᠦ ᠪᠣᠯᠣᠨ᠎ᠠ ᠭᠡᠵᠦ ᠬᠡᠯᠡᠵᠦ ᠥᠭᠴᠡᠢ᠃ | ᠶᠡᠷᠦᠩᠬᠡᠢ ᠱᠦᠵᠢ ᠲᠣᠯᠣᠭᠠᠢ ᠳᠣᠬᠢᠨ ᠮᠠᠭᠲᠠᠨ ᠰᠠᠶᠢᠰᠢᠶᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠦᠵᠡᠬᠦ ᠪᠠᠷ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ | ︽ᠣᠨᠴᠠᠯᠢᠭ ᠨᠢ ᠰᠢᠨ᠎ᠡ ᠶᠢ ᠡᠭᠦᠳᠬᠦ ᠳᠤ ᠪᠤᠢ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ᠂ ᠮᠥᠨ ᠴᠢᠨᠠᠷ ᠨᠢ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠳᠤ ᠪᠤᠢ︾᠃ ᠡᠭᠦᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠨᠢ ᠭᠤᠣᠯᠯᠠᠬᠤ ᠦᠢᠯᠡᠳᠦᠯ ᠦᠵᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠭᠤᠣᠯ ᠬᠦᠴᠦᠨ ᠵᠦᠢᠯ ᠪᠣᠯᠣᠨ᠎ᠠ᠃ | ᠨᠢᠳᠤᠨᠤᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠢᠶᠠᠩᠰᠤ ᠳᠤ ︽ᠪᠦᠭᠦ | ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠡᠭᠦᠷᠭᠡ ᠬᠠᠷᠢᠭᠤᠴᠠᠯᠭ᠎ᠠ ᠶᠢ ᠣᠯᠭᠤᠪᠠ᠃ | ᠡᠨᠡ ᠤᠳᠠᠭ᠎ᠠ᠂ ᠶᠡᠷᠦᠩᠬᠡᠢ ᠱᠦᠵᠢ ᠵᠢᠶᠠᠩᠰᠤ ᠶᠢ ︽ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠨ | ᠴᠣᠭᠴᠠᠯᠠᠵᠤ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ | ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ︾ ᠭᠡᠵᠦ ᠵᠣᠷᠢᠭᠵᠢᠭᠤᠯᠪᠠ᠃ | ᠬᠢᠨᠠᠨ ᠵᠥᠪᠯᠡᠬᠦ ᠳᠤᠮᠳᠠ᠂ ᠵᠢᠶᠠᠩᠰᠤ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡ ᠵᠢᠯ ᠤᠨ | ᠲᠤᠷᠰᠢᠬᠢ ᠡᠨᠡ ᠬᠦ ᠵᠡᠭᠦᠨ ᠣᠷᠣᠨ ᠤ ᠠᠵᠤ ᠠᠬᠤᠢ ᠶᠢᠨ ᠲᠣᠮᠣ ᠮᠤᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ | ᠲᠠᠨᠢᠯᠴᠠᠭᠤᠯᠪᠠ᠄ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ 3.2% ᠣᠷᠴᠢᠮ ᠪᠠᠶᠢᠵᠤ᠂ | ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ 41.3% ᠪᠠ 49.9% ᠪᠤᠯᠲᠠᠯ᠎ᠠ ᠳᠡᠭᠡᠭᠰᠢᠯᠡᠭᠦᠯᠪᠡ ᠁ | | ︽ᠵᠢᠶᠠᠩᠰᠤ ᠪᠣᠯ ᠦᠢᠯᠡᠳᠬᠦ ᠦᠢᠯᠡᠰ ᠤᠨ ᠲᠣᠮᠣ ᠮᠤᠵᠢ ᠮᠥᠨ᠃ ᠪᠦᠭᠦ ᠤᠯᠤᠰ ᠤᠨ ᠠᠵᠤ ᠠᠬᠤᠢ ᠶᠢᠨ | ᠶᠡᠷᠦᠩᠬᠡᠢ ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠠ ᠨᠠᠷ ᠤᠨ ᠬᠢ 12.8 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠡᠢ᠂ ᠶᠠᠭ ᠠᠷᠪᠠᠨ ᠤ ᠨᠢᠭᠡ ᠪᠣᠯᠣᠨ᠎ᠠ᠂ ᠲᠤᠩ ᠰᠦᠷᠡᠬᠡᠢ ᠪᠠᠶᠢᠨ᠎ᠠ᠃ ᠵᠢᠶᠠᠩᠰᠤ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠨᠥᠬᠦᠴᠡᠯ ᠪᠣᠯᠣᠨ ᠴᠢᠳᠠᠪᠤᠷᠢ ᠲᠠᠢ ᠶᠤᠮ︾᠃ | ᠶᠡᠷᠦᠩᠬᠡᠢ ᠱᠦᠵᠢ ᠰᠢ ᠶᠢᠨ ᠫᠢᠩ᠄ ︽ᠬᠡᠳᠦᠨ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠬᠤᠷᠠᠯ ᠳᠡᠭᠡᠷ᠎ᠡ᠂ ᠪᠢ ᠠᠵᠤ ᠠᠬᠤᠢ ᠶᠢᠨ ᠬᠥᠭᠵᠢᠯᠲᠡ ᠶᠢᠨ ᠲᠤᠬᠠᠢ ᠶᠠᠷᠢᠬᠤ ᠳᠠᠭᠠᠨ ᠪᠦᠷ ᠭᠤᠸᠠᠩᠳᠦ᠋ᠩ᠂ | ᠵᠢᠶᠠᠩᠰᠤ ᠵᠡᠷᠭᠡ ᠠᠵᠤ ᠠᠬᠤᠢ ᠶᠢᠨ ᠲᠣᠮᠣ ᠮᠤᠵᠢ ᠶᠢ ᠳᠤᠷᠠᠳᠴᠤ᠂ ᠲᠠ ᠨᠠᠷ ᠡᠨᠡ ᠬᠦ ᠨᠢᠷᠤᠭᠤ ᠶᠢ ᠲᠤᠯᠭᠠᠭᠤᠷᠢ ᠪᠤᠯᠬᠤ | ᠦᠭᠡᠢ ᠪᠣᠯ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠠᠷᠭ᠎ᠠ ᠦᠭᠡᠢ ᠶᠤᠮ ᠭᠡᠵᠦ ᠬᠡᠯᠡᠵᠦ ᠥᠩᠭᠡᠷᠡᠭᠰᠡᠨ ᠶᠤᠮ᠃ | ᠲᠠ ᠨᠠᠷ ᠮᠠᠰᠢ ᠴᠢᠬᠤᠯᠠ ᠪᠠᠶᠢᠵᠤ᠂ ᠣᠷᠣᠯᠠᠭᠤᠯᠵᠤ ᠪᠣᠯᠣᠰᠢ ᠦᠭᠡᠢ︾ ᠭᠡᠵᠦ ᠬᠡᠯᠡᠪᠡ᠃ | ᠠᠮᠵᠢᠯᠲᠠ ᠶᠢ ᠨᠤᠲᠠᠯᠠᠬᠤ ᠶᠢᠨ ᠵᠡᠷᠭᠡ ᠪᠠᠷ ᠶᠡᠷᠦᠩᠬᠡᠢ ᠱᠦᠵᠢ ᠪᠠᠰᠠ ᠨᠡᠩ ᠥᠨᠳᠥᠷ ᠱᠠᠭᠠᠷᠳᠠᠯᠭ᠎ᠠ ᠳᠤᠷᠠᠳᠴᠠᠢ᠄ | ︽ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ | ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠠᠵᠠ ᠲᠣᠭᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ | ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ︾᠃ | ᠡᠳᠡᠭᠡᠷ ᠦᠭᠡ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠪᠲᠤᠯᠤᠯᠲᠠ ᠶᠢᠨ | ᠴᠡᠭ ᠪᠠ ᠭᠤᠣᠯ ᠰᠢᠪᠲᠤᠯᠬᠤ ᠴᠢᠭᠯᠡᠯ ᠢ ᠲᠣᠳᠣᠷᠬᠠᠢ ᠵᠢᠭᠠᠵᠤ ᠭᠠᠷᠭᠠᠪᠠ᠃ | ︽ᠶᠠᠷᠢᠶᠠᠨ ᠦᠭᠡᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ | ᠠᠵᠤ ᠦᠢᠯᠡᠰ ᠢ ᠣᠮᠲᠣᠭᠠᠶᠢᠯᠠᠵᠤ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠭᠡᠷ᠎ᠡ ᠳᠦᠷᠭᠢᠯᠳᠦᠵᠦ᠂ ᠬᠥᠭᠡᠰᠦᠷᠡᠬᠦ ᠠᠴᠠ | ᠰᠡᠷᠭᠡᠶᠢᠯᠡᠬᠦ ᠬᠡᠷᠡᠭᠲᠡᠢ᠂ ᠪᠠᠰᠠ ᠨᠢᠭᠡ ᠯᠡ ᠵᠦᠢᠯ ᠤᠨ ᠵᠠᠭᠪᠤᠷ ᠢᠶᠠᠷ ᠶᠠᠪᠤᠭᠳᠠᠭᠤᠯᠵᠤ ᠪᠤᠯᠬᠤ ᠦᠭᠡᠢ︾᠃ ᠶᠡᠷᠦᠩᠬᠡᠢ | ᠱᠦᠵᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠨᠡᠩ ᠭᠦᠨᠵᠡᠭᠡᠢ ᠪᠣᠳᠣᠯᠬᠢᠯᠠᠯ ᠢᠶᠠᠨ | ᠳᠡᠯᠭᠡᠯ᠎ᠡ᠃ | ᠨᠢᠭᠡ ᠯᠡ ᠠᠳᠠᠯᠢ ᠦᠭᠡ ᠶᠢ ᠶᠡᠷᠦᠩᠬᠡᠢ ᠱᠦᠵᠢ ᠰᠢ ᠶᠢᠨ ᠫᠢᠩ ᠲᠠᠷᠠᠭ᠎ᠠ ᠡᠳᠦᠷ ᠨᠢ ᠶᠠᠪᠤᠭᠳᠠᠭᠰᠠᠨ ᠤᠯᠤᠰ | ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠪᠠᠰᠠ ᠨᠢᠭᠡ ᠤᠳᠠᠭ᠎ᠠ ᠨᠠᠷᠢᠨ ᠨᠢᠮᠪᠠᠢ ᠵᠠᠬᠢᠪᠠ᠃ | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠪᠡᠭᠡᠵᠢᠩ ᠤᠨ ᠨᠥᠬᠦᠷᠯᠡᠯ ᠵᠣᠴᠢᠳ ᠤᠨ ᠪᠠᠭᠤᠳᠠᠯ ᠤᠨ ᠵᠢᠦᠢ ᠶᠢᠩ | ᠲᠢᠩᠬᠢᠮ ᠳᠤ ᠠᠷᠠᠳᠴᠢᠯᠠᠭᠰᠠᠨ ᠪᠦᠯᠬᠦᠮᠳᠡᠯ ᠲᠠᠢ ᠪᠣᠳᠠᠲᠠᠢ ᠶᠢ ᠡᠷᠬᠢᠮᠯᠡᠵᠦ ᠡᠷᠡᠮᠡᠬᠡᠶᠢᠯᠡᠨ ᠤᠷᠤᠭᠰᠢᠯᠠᠬᠤ ᠠᠭᠤᠷ | ᠠᠮᠢᠰᠬᠤᠯ ᠢᠶᠠᠷ ᠪᠢᠯᠬᠠᠵᠤ ᠪᠠᠶᠢᠯ᠎ᠠ᠃ ᠶᠡᠷᠦᠩᠬᠡᠢ ᠱᠦᠵᠢ ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠲᠠᠢ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠵᠦ᠂ ᠶᠠᠷᠢᠶᠠᠨ ᠤ ᠰᠡᠳᠦᠪ ᠠᠭᠠᠵᠢᠮ ᠢᠶᠠᠷ ︽ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ︾ ᠳᠡᠭᠡᠷ᠎ᠡ ᠲᠥᠪᠯᠡᠷᠡᠪᠡ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠬᠢᠨ ᠠᠴᠠ ᠢᠷᠡᠭᠰᠡᠨ ᠵᠤᠤ ᠢᠦᠢ ᠯᠢᠶᠠᠩ ᠭᠡᠰᠢᠭᠦᠨ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠪᠠᠷ | ᠭᠠᠷᠳᠠᠴᠠ ᠪᠤᠯᠭᠠᠵᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠰᠠᠨᠠᠭᠤᠯᠪᠠ᠃ | | ᠲᠡᠷᠡ᠄ ︽ᠮᠠᠨ ᠤ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠭᠦᠯᠡᠯ ᠤᠨ ᠡᠭᠦᠳᠦᠯᠲᠡ ᠶᠢᠨ | ᠲᠤᠰᠬᠠᠢ ᠠᠰᠢᠭ ᠤᠨ ᠡᠷᠬᠡ ᠨᠢ ᠤᠯᠠᠨ ᠪᠤᠯᠪᠠᠴᠤ ᠨᠠᠶᠢᠳᠠᠪᠤᠷᠢᠵᠢᠭᠤᠯᠵᠤ ᠣᠨᠳᠣᠣᠰᠢᠭᠤᠯᠤᠭᠰᠠᠨ ᠨᠢ ᠪᠠᠭ᠎ᠠ᠃ ᠮᠠᠨ ᠤ | ᠤᠯᠤᠰ ᠤᠨ ᠠᠵᠤ ᠠᠬᠤᠶᠢᠯᠠᠯ ᠤᠨ ᠲᠤᠰᠬᠠᠢ ᠠᠰᠢᠭ ᠤᠨ ᠤᠨᠳᠤᠤᠰᠢᠭᠤᠯᠤᠯᠳᠠ ᠪᠠᠰᠠ ᠨᠡᠯᠢᠶᠡᠳ ᠶᠡᠭᠡ ᠣᠷᠣᠨ ᠵᠠᠢ ᠲᠠᠢ | ᠪᠠᠶᠢᠨ᠎ᠠ᠃ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ︿ᠬᠠᠷᠢᠯᠴᠠᠨ ᠤᠶᠠᠯᠳᠤᠬᠤ ᠳᠤ ᠪᠡᠷᠬᠡ﹀ | ᠪᠠᠶᠢᠬᠤ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠪᠦᠷᠢᠯᠳᠦᠬᠦ ᠶᠢ ᠬᠠᠷᠰᠢᠯᠠᠵᠤ ᠪᠠᠶᠢᠭ᠎ᠠ ᠪᠣᠭᠤᠮᠢ ᠮᠥᠨ | ︾ ᠭᠡᠵᠦ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠭᠦᠨ ᠲᠥᠷᠥᠭᠳᠡᠯ ᠲᠠᠢ ᠬᠡᠯᠡᠪᠡ᠃ | ᠶᠡᠷᠦᠩᠬᠡᠢ ᠱᠦᠵᠢ ᠰᠢ ᠶᠢᠨ ᠫᠢᠩ᠄ ︽ᠥᠩᠭᠡᠷᠡᠭᠰᠡᠨ ᠤ ᠰᠤᠳᠤᠯᠭᠠᠨ ᠪᠣᠯᠣᠨ ᠦᠢᠯᠡᠳᠪᠦᠷᠢᠯᠡᠯ ᠠᠰ ᠠᠰ ᠲᠠᠭᠠᠨ | ᠶᠠᠪᠤᠭᠳᠠᠵᠤ ᠪᠠᠶᠢᠭᠰᠠᠨ ᠶᠤᠮ᠂ ᠤᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ | ᠨᠤᠷᠮ᠎ᠠ ᠥᠩᠭᠡᠷᠡᠭᠰᠡᠨ ᠤ ᠬᠢ ᠠᠴᠠ ᠬᠤᠯᠠ ᠥᠨᠳᠥᠷ ᠪᠣᠯᠵᠠᠢ᠂ ᠢᠯᠠᠩᠭᠤᠶ᠎ᠠ ᠠᠵᠤ ᠠᠬᠤᠶᠢᠯᠠᠯ ᠤᠨ ᠲᠤᠰ ᠪᠡᠶ᠎ᠡ ᠶᠢᠨ | ᠰᠢᠭᠤᠳ ᠰᠤᠳᠤᠯᠤᠨ ᠨᠡᠭᠡᠭᠡᠯᠲᠡ ᠨᠢ ᠦᠷ᠎ᠡ ᠪᠦᠲᠦᠭᠡᠯ ᠢ ᠣᠨᠳᠣᠣᠰᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠣᠨ ᠠᠵᠤ | ᠠᠬᠤᠶᠢᠯᠠᠯ ᠬᠠᠮᠲᠤ ᠶᠢᠨ ᠴᠣᠭᠴᠠ ᠶᠢ ᠪᠦᠷᠢᠯᠳᠦᠭᠦᠯᠪᠡ᠂ ᠡᠶᠢᠮᠦᠷᠬᠦᠦ ᠬᠠᠨᠳᠤᠰᠢ ᠴᠢᠭᠯᠡᠯ ᠨᠢ ᠵᠥᠪ ᠪᠠᠶᠢᠨ᠎ᠠ᠂ ᠬᠤᠷᠳᠤᠨ | ᠮᠣᠷᠢᠨ ᠳᠤ ᠲᠠᠰᠢᠭᠤᠷ ᠨᠡᠮᠡᠵᠦ᠂ ᠤᠷᠮᠠᠰᠢᠭᠤᠯᠤᠨ ᠵᠣᠷᠢᠭᠵᠢᠭᠤᠯᠬᠤ᠂ ᠠᠬᠢᠭᠤᠯᠬᠤ ᠲᠦᠷᠦ ᠶᠢᠨ ᠪᠣᠳᠣᠯᠭ᠎ᠠ ᠶᠢ ᠤᠯᠠᠮ | ᠰᠠᠶᠢᠲᠤᠷ ᠠᠳᠬᠤᠬᠤ ᠬᠡᠷᠡᠭᠲᠡᠢ︾ ᠭᠡᠵᠦ ᠬᠠᠷᠢᠭᠤᠯᠪᠠ᠃ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠳᠤ᠂ ︽ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ | ᠪᠠᠷᠢᠮᠲᠠᠯᠠᠵᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢᠶᠠᠨ ᠥᠭᠡᠷᠡᠴᠢᠯᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠲᠦᠷᠦᠯ ᠬᠤᠪᠢᠶᠠᠨ ᠵᠢᠯᠤᠭᠤᠳᠬᠤ ᠬᠡᠷᠡᠭᠲᠡᠢ︾ ᠭᠡᠵᠦ ᠴᠢᠬᠤᠯᠠᠴᠢᠯᠠᠪᠠ︔ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠳᠤ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠣᠭᠤᠮᠢ ᠶᠢ ᠬᠦᠴᠦᠯᠡᠨ ᠨᠡᠪᠲᠡᠷᠡᠭᠦᠯᠬᠦ ᠬᠡᠷᠡᠭᠲᠡᠢ︾ ᠭᠡᠵᠦ | ᠳᠤᠷᠠᠳᠴᠠᠢ︔ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ᠂ ︽ᠨᠡᠩ ᠤᠯᠠᠨ | ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠵᠡᠮᠰᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ︾ ᠭᠡᠵᠦ ᠱᠠᠭᠠᠷᠳᠠᠪᠠ︔ ᠴᠢᠯᠦᠭᠡᠯᠡᠬᠦ ᠴᠡᠷᠢᠭ | ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ | ᠣᠷᠤᠯᠴᠠᠬᠤ ᠳᠠᠭᠠᠨ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠲᠠᠶᠢᠴᠢᠨ | ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠬᠤ ᠬᠡᠷᠡᠭᠲᠡᠢ︾ | ᠭᠡᠵᠦ ᠱᠠᠭᠠᠷᠳᠠᠪᠠ ᠁ | ᠣᠳᠣᠬᠠᠨ ᠪᠠ ᠠᠯᠤᠰ ᠭᠡᠲᠦ ᠳᠤ ᠰᠠᠭᠤᠷᠢᠯᠠᠨ᠂ ᠣᠷᠣᠨ ᠪᠦᠰᠡ ᠪᠠ ᠪᠦᠭᠦ ᠲᠠᠯ᠎ᠠ ᠶᠢ ᠨᠢᠭᠡᠳᠦᠯᠲᠡᠢ | ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠤᠯᠠᠮ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ | ᠠᠬᠢᠭᠤᠯᠬᠤ ᠳᠤ ᠠᠶᠠᠯᠠᠯ ᠢ ᠵᠢᠯᠣᠭᠤᠳᠤᠨ ᠴᠢᠭᠯᠡᠯ ᠢ ᠲᠣᠭᠲᠠᠭᠠᠵᠠᠢ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢᠰᠤᠩᠭᠤᠢ ᠠᠷᠭ᠎ᠠ – ︽ᠥᠩᠭᠡ ᠦᠵᠡᠮᠵᠢ ᠶᠢ ᠪᠠᠷᠠᠯᠠᠨ | ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ ᠵᠣᠬᠢᠮᠤᠢ︾ | ︽ᠪᠢᠳᠡ ᠨᠢᠩᠰᠢᠶᠠ ᠶᠢᠨ ᠭᠦᠶᠤᠸᠠᠨ ᠳᠤ ᠤᠰᠤᠨ ᠤ ᠣᠷᠴᠢᠨ ᠲᠣᠭᠤᠷᠢᠨ ᠤ ᠵᠠᠰᠠᠯᠲᠠ ᠬᠢᠵᠦ ᠪᠠᠶᠢᠬᠤ | ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠴᠠᠢ ᠬᠤᠭᠤᠯᠠ ᠬᠦᠷᠭᠡᠵᠦ᠂ ᠮᠠᠨ ᠤ ᠠᠵᠢᠯ ᠢ ᠳᠡᠮᠵᠢᠪᠡ︾ | ︽ᠲᠠ ᠨᠠᠷ ᠭᠤᠣᠯᠳᠠᠭᠤ ᠶᠠᠮᠠᠷ ᠶᠠᠩᠵᠤ ᠶᠢᠨ ᠤᠰᠤ ᠵᠠᠰᠠᠬᠤ ᠠᠷᠭ᠎ᠠ ᠶᠢ ᠬᠡᠷᠡᠭᠯᠡᠭᠰᠡᠨ ᠪᠤᠢ︖ ᠶᠠᠮᠠᠷ | ᠠᠰᠠᠭᠤᠳᠠᠯ ᠢ ᠰᠢᠢᠳᠪᠦᠷᠢᠯᠡᠭᠰᠡᠨ ᠪᠤᠢ︖︾ | ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠪᠡᠭᠡᠵᠢᠩ ᠤᠨ ᠱᠧᠦ | ᠴᠤᠸᠠᠩ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠯᠦᠭᠯᠡᠯ ᠤᠨ ᠬᠤᠸᠠᠩ ᠮᠢᠶᠠᠨ ᠰᠦᠩ ᠭᠡᠰᠢᠭᠦᠨ ᠤ | ᠶᠠᠷᠢᠵᠤ ᠪᠠᠶᠢᠭᠰᠠᠨ ᠦᠨᠳᠦᠰᠦᠨ ᠱᠠᠲᠤᠨ ᠤ ᠡᠮᠦᠨ᠎ᠡ ᠹᠷᠤᠨᠲ ᠤᠨ ᠦᠯᠢᠭᠡᠷ ᠢ ᠰᠣᠨᠣᠰᠤᠭᠠᠳ ᠶᠡᠷᠦᠩᠬᠡᠢ ᠱᠦᠵᠢ ᠰᠢ ᠶᠢᠨ | ᠫᠢᠩ ᠦᠭᠡ ᠡᠯᠭᠦᠵᠦ ᠠᠰᠠᠭᠤᠪᠠ᠃ | ᠭᠦᠶᠤᠸᠠᠨ ᠤ ᠪᠠᠶᠢᠭ᠎ᠠ ᠰᠢ ᠬᠠᠢ ᠭᠦ᠋ ᠣᠷᠣᠨ ᠨᠢ ︽ᠬᠦᠴᠢᠷ ᠵᠣᠪᠠᠭᠤᠷᠢ ᠪᠠᠷ ᠳᠦᠭᠦᠷᠦᠭᠰᠡᠨ ᠭᠠᠵᠠᠷ︾ | ᠪᠣᠯᠣᠨ᠎ᠠ᠃ ᠣᠷᠣᠨ ᠨᠤᠲᠤᠭ ᠲᠤ ᠠᠵᠢᠯᠯᠠᠭᠰᠠᠨ ᠴᠤ ᠲᠡᠷᠡ᠂ ᠲᠥᠪ ᠬᠤᠷᠢᠶ᠎ᠠ ᠳᠤ ᠠᠵᠢᠯᠯᠠᠭᠰᠠᠨ ᠴᠤ ᠲᠡᠷᠡ᠂ | ᠰᠢ ᠶᠢᠨ ᠫᠢᠩ ᠨᠥᠬᠦᠷ ᠴᠥᠮ ᠰᠢ ᠬᠠᠢ ᠭᠦ᠋ ᠶᠢ ᠰᠠᠨᠠᠭᠠᠯᠵᠠᠵᠤ᠂ ᠡᠨᠡ ᠬᠦ ᠭᠠᠵᠠᠷ ᠣᠷᠣᠨ ᠤ ᠬᠥᠭᠵᠢᠯᠲᠡ ᠳᠤ ᠶᠡᠭᠡ | ᠬᠡᠮᠵᠢᠶᠡᠨ ᠤ ᠬᠦᠴᠦ ᠵᠠᠷᠤᠴᠠᠭᠤᠯᠤᠭᠰᠠᠨ ᠶᠤᠮ᠃ | ᠬᠤᠸᠠᠩ ᠮᠢᠶᠠᠨ ᠰᠦᠩ ᠶᠡᠷᠦᠩᠬᠡᠢ ᠱᠦᠵᠢ ᠳᠤ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠭᠦᠶᠤᠸᠠᠨ ᠤ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠵᠢᠯ ᠠᠴᠠ ᠵᠢᠯ ᠰᠠᠶᠢᠵᠢᠷᠠᠵᠤ᠂ ᠡᠨᠡ ᠵᠢᠯ ᠤᠨ ᠴᠠᠭᠠᠨ ᠰᠠᠷ᠎ᠠ ᠶᠢᠨ | ᠬᠤᠭᠤᠴᠠᠭᠠᠨ ᠳᠤ ᠳᠡᠯᠡᠬᠡᠢ ᠶᠢᠨ ᠡᠯ᠎ᠡ ᠭᠠᠵᠠᠷ ᠤᠨ ᠵᠢᠭᠤᠯᠴᠢᠯᠠᠬᠰᠠᠳ ᠢ 42.8 ᠲᠦᠮᠡᠨ ᠬᠥᠮᠥᠨ ᠤᠳᠠᠭ᠎ᠠ ᠭᠥᠯᠢᠶᠡᠨ | ᠠᠪᠴᠤ᠂ ᠵᠢᠭᠤᠯᠴᠢᠯᠠᠯ ᠤᠨ ᠣᠷᠣᠯᠭ᠎ᠠ 2.15 ᠳ᠋ᠦᠩᠰᠢᠭᠤᠷ ᠲᠥᠭᠦᠷᠢᠭ ᠲᠤ ᠬᠦᠷᠴᠦ᠂ ᠠᠮᠢ ᠠᠬᠤᠢ ᠶᠢᠨ | ᠦᠢᠯᠡᠳᠬᠦᠨ ᠤ ᠦᠷᠳᠡᠭ ᠲᠠᠰᠤᠷᠠᠯᠳᠠ ᠦᠭᠡᠢ ᠪᠡᠶᠡᠯᠡᠭᠳᠡᠪᠡ ᠭᠡᠵᠦ ᠬᠡᠯᠡᠵᠦ ᠥᠭᠴᠡᠢ᠃ | ︽ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠮ ᠤᠨ ᠲᠥᠪ ᠬᠤᠷᠢᠶ᠎ᠠ ᠢᠮᠠᠭᠲᠠ ᠴᠢᠬᠤᠯᠠᠴᠢᠯᠠᠭᠰᠠᠭᠠᠷ ᠢᠷᠡᠵᠠᠢ᠂ | ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠢᠰᠬᠦ ᠮᠡᠲᠦ ᠲᠦᠷᠭᠡᠨ ᠬᠥᠭᠵᠢᠵᠦ᠂ ᠯᠤᠲᠤ | ᠶᠡᠭᠡ ᠬᠤᠪᠢᠷᠠᠯᠲᠠ ᠲᠠᠢ ᠪᠣᠯᠵᠠᠢ︾᠂ ᠶᠡᠷᠦᠩᠬᠡᠢ ᠱᠦᠵᠢ ᠰᠢ ᠶᠢᠨ ᠫᠢᠩ ᠪᠠᠭ᠎ᠠ ᠶᠢᠨ ᠦᠶ᠎ᠡ ᠶᠢᠨ ᠢᠶᠠᠨ ᠪᠡᠭᠡᠵᠢᠩ ᠬᠤᠳᠠ ᠶᠢ | ᠡᠷᠭᠢᠴᠡᠭᠦᠯᠬᠦ ᠳᠡᠭᠡᠨ ︽ᠦᠷᠭᠦᠯᠵᠢ ᠡᠯᠡᠰᠦᠨ ᠰᠢᠭᠤᠷᠭ᠎ᠠ ᠳᠡᠭᠳᠡᠳᠡᠭ᠃ ᠬᠠᠪᠤᠷ ᠠᠮᠠᠪᠴᠢ ᠵᠡᠭᠦᠵᠦ᠂ ᠠᠮᠠᠪᠴᠢ ᠪᠠᠨ | ᠠᠪᠬᠤ ᠳᠤ ᠳᠡᠭᠡᠷ᠎ᠡ ᠨᠢ ᠴᠥᠮ ᠲᠣᠭᠤᠰᠣ ᠰᠠᠭᠤᠴᠢᠬᠠᠭᠰᠠᠨ ᠪᠠᠶᠢᠳᠠᠭ᠃ ᠭᠠᠳᠠᠭᠰᠢ ᠭᠠᠷᠤᠭᠠᠳ ᠣᠷᠣᠵᠤ ᠢᠷᠡᠪᠡᠯ᠂ | ᠭᠡᠷ ᠤᠨ ᠱᠠᠯᠠ ᠳᠡᠭᠡᠷ᠎ᠡ ᠴᠥᠮ ᠰᠢᠷᠣᠢ ᠰᠠᠭᠤᠴᠢᠬᠠᠭᠰᠠᠨ ᠪᠠᠶᠢᠳᠠᠭ︾ ᠭᠡᠵᠡᠢ᠃ | 10 ᠵᠢᠯ ᠤᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ︵APEC︶ ᠶᠢᠨ ᠬᠤᠷᠢᠨ ᠬᠤᠶᠠᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ | ᠶᠣᠰᠣᠨ ᠤ ᠪᠤᠰᠤ ᠬᠤᠷᠠᠯ ᠪᠡᠭᠡᠵᠢᠩ ᠳᠤ ᠬᠤᠷᠠᠯᠳᠤᠵᠤ᠂ ᠦᠵᠡᠰᠬᠦᠯᠡᠩᠲᠦ ᠰᠠᠶᠢᠬᠠᠨ ᠬᠥᠬᠡ ᠣᠭᠲᠠᠷᠭᠤᠢ ᠨᠢ ᠬᠥᠮᠥᠰ ᠤᠨ | ᠰᠡᠳᠬᠢᠯ ᠢ ᠪᠠᠶᠠᠰᠬᠠᠪᠠ᠃ | ︽ᠲᠡᠷᠡ ᠬᠡᠳᠦᠨ ᠡᠳᠦᠷ ᠤᠨ ᠠᠭᠤᠷ ᠠᠮᠢᠰᠬᠤᠯ ᠮᠠᠰᠢ ᠰᠠᠶᠢᠨ᠂ ᠲᠤᠬᠠᠢ ᠶᠢᠨ ᠦᠶ᠎ᠡ ᠳᠤ ᠵᠠᠷᠢᠮ ᠬᠥᠮᠥᠨ ᠡᠨᠡ | ᠪᠣᠯ ︿APEC ᠤᠨ ᠬᠥᠬᠡ﹀ ᠶᠤᠮ᠂ ᠤᠳᠠᠭᠠᠨ ᠦᠷᠭᠦᠯᠵᠢᠯᠡᠵᠦ ᠲᠠᠶᠢᠯᠤᠨ᠎ᠠ ᠦᠦ︖ ᠭᠡᠵᠦ ᠠᠰᠠᠭᠤᠵᠤ ᠪᠠᠶᠢᠪᠠ᠃ | ᠪᠢ ᠲᠡᠳᠡᠨ ᠳᠤ᠂ ᠡᠨᠡ ᠨᠢ ᠲᠦᠷ ᠴᠠᠭ ᠤᠨ ᠬᠥᠬᠡ ᠣᠭᠲᠠᠷᠭᠤᠢ ᠪᠢᠰᠢ᠂ ᠬᠡᠳᠦᠨ ᠵᠢᠯ ᠤᠨ ᠳᠠᠷᠠᠭ᠎ᠠ ᠡᠭᠦᠷᠢᠳᠡ ᠶᠢᠨ ᠬᠥᠬᠡ | ᠪᠣᠯᠣᠨ᠎ᠠ ᠭᠡᠵᠦ ᠬᠠᠷᠢᠭᠤᠯᠪᠠ︾᠂ ᠲᠤᠬᠠᠢ ᠶᠢᠨ ᠵᠢᠯ ᠤᠨ ᠡᠨᠡ ᠬᠦ ᠵᠢᠵᠢᠭ ᠶᠠᠪᠤᠳᠠᠯ ᠢ ᠶᠠᠷᠢᠬᠤ ᠳᠤ ᠶᠡᠷᠦᠩᠬᠡᠢ ᠱᠦᠵᠢ | ᠰᠢ ᠶᠢᠨ ᠫᠢᠩ ᠤᠨ ᠦᠭᠡ ᠶᠠᠷᠢᠶ᠎ᠠ ᠮᠠᠰᠢ ᠰᠢᠭᠤᠷᠬᠠᠢ ᠪᠠᠶᠢᠪᠠ᠃ | ᠴᠠᠭ ᠮᠥᠴᠡ ᠨᠢᠰᠬᠦ ᠮᠡᠲᠦ ᠲᠦᠷᠭᠡᠨ ᠥᠩᠭᠡᠷᠡᠵᠦ᠂ ︽APEC ᠤᠨ ᠬᠥᠬᠡ︾ ᠨᠢ ᠠᠭᠠᠵᠢᠮ ᠢᠶᠠᠷ | ᠠᠷᠠᠳ ᠤᠨ ᠠᠮᠢᠳᠤᠷᠠᠯ ᠤᠨ ᠬᠡᠪ ᠤᠨ ᠪᠠᠶᠢᠳᠠᠯ ᠪᠣᠯᠵᠤ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ | ᠬᠤᠪᠢᠷᠠᠯᠲᠠ ᠭᠠᠷᠴᠠᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠲᠡᠭᠷᠢ ᠨᠢ ᠨᠡᠩ ᠬᠥᠬᠡ᠂ ᠠᠭᠤᠯᠠ ᠨᠢ | ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠦᠵᠡᠰᠬᠦᠯᠡᠩᠲᠦ ᠰᠠᠶᠢᠬᠠᠨ ᠵᠢᠷᠤᠭ ᠲᠤ ᠪᠢᠴᠢᠭᠯᠡᠭᠳᠡᠨᠡ᠃ | ᠭᠢᠯᠪᠠᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ ᠠᠴᠠ ᠪᠠᠨ ᠡᠷᠬᠢᠮ ᠨᠠᠨᠳᠢᠨ ᠲᠤᠷᠰᠢᠯᠭ᠎ᠠ ᠭᠦᠷᠲᠡᠯ᠎ᠡ | ᠶᠠᠷᠢᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ᠄ ︽ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ | ᠬᠤᠯᠠᠳᠬᠠᠪᠠᠰᠤ ᠵᠣᠬᠢᠮᠤᠢ᠂ ᠵᠥᠪᠭᠡᠨ ᠲᠡᠨᠳᠡ ᠰᠢᠭᠦᠮᠵᠢᠯᠡᠭᠡᠳ ᠵᠢᠭᠠᠵᠤ ᠳᠣᠬᠢᠭᠠᠳ ᠯᠠ ᠪᠠᠶᠢᠵᠤ ᠪᠤᠯᠬᠤ ᠦᠭᠡᠢ᠂ ᠬᠠᠷᠢᠨ | ᠦᠨᠡᠨ ᠬᠦ ᠠᠵᠢᠯᠯᠠᠭ᠎ᠠ ᠠᠪᠴᠤ᠂ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠬᠡᠷᠡᠭᠲᠡᠢ︾᠃ ︽ᠪᠢᠳᠡ ᠤᠷᠤᠭᠰᠢ ᠪᠠᠨ | ᠶᠠᠪᠤᠵᠤ ᠪᠠᠶᠢᠬᠤ ᠪᠠᠨ ᠣᠯᠵᠤ ᠬᠠᠷᠠᠳᠠᠭ ᠯᠠ ᠶᠤᠮ ᠪᠣᠯ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︾ ᠭᠡᠵᠦ | ᠴᠢᠬᠤᠯᠠᠴᠢᠯᠠᠪᠠ᠃ | ᠬᠤᠸᠠᠩ ᠮᠢᠶᠠᠨ ᠰᠦᠩ ᠭᠡᠰᠢᠭᠦᠨ ᠤ ᠪᠠᠶᠢᠭ᠎ᠠ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠪᠣᠯ | ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠨᠡᠮᠡᠵᠦ ᠪᠠᠶᠢᠭᠤᠯᠤᠭᠰᠠᠨ ᠰᠢᠨ᠎ᠡ ᠡᠲᠡᠭᠡᠳ ᠢᠯᠭᠠᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ᠡᠨᠡ ᠬᠦ ᠡᠲᠡᠭᠡᠳ ᠢᠯᠭᠠᠯ ᠳᠤ ᠢᠷᠡᠵᠥ᠂ ᠭᠡᠰᠢᠭᠦᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ᠄ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ | ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠠᠯ᠎ᠠ ᠪᠠᠷ ᠥᠷᠭᠡᠨ | ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠵᠦ ᠪᠠᠶᠢᠨ᠎ᠠ︾ ᠭᠡᠵᠦ ᠶᠡᠭᠡ ᠬᠦᠰᠡᠯ ᠨᠠᠶᠢᠳᠠᠯᠭ᠎ᠠ ᠲᠠᠯᠪᠢᠪᠠ᠃ | ︽ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ | ᠬᠡᠷᠡᠭᠲᠡᠢ︾᠂ ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠤᠩᠭᠤᠢ ᠠᠷᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠤᠯᠠᠨ ᠠᠴᠠ ᠬᠡᠲᠦ᠋ᠢᠳᠦᠭᠰᠡᠨ ᠤᠶᠤᠨ ᠤᠬᠠᠭᠠᠨ ᠢ ᠢᠯᠡᠷᠡᠭᠦᠯᠵᠡᠢ᠃ | ᠰᠢᠨ᠎ᠡ ᠠᠶᠠᠨ ᠳᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠥᠨ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠭᠵᠢᠭᠦᠯᠬᠦ | ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ | ᠪᠦᠬᠦᠢ ᠬᠠᠮᠠᠭᠠᠯᠠᠯᠲᠠ ᠶᠢ ᠠᠬᠢᠭᠤᠯᠬᠤ ᠨᠢ ᠲᠤᠯᠭᠠᠮ ᠪᠥᠭᠡᠳ ᠴᠢᠬᠤᠯᠠ ᠶᠤᠮ᠃ | ᠠᠳᠠᠯᠢᠬᠠᠨ ᠢᠶᠠᠷ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠨ ᠬᠤ᠋ ᠰᠥᠩ ᠴᠢᠨ᠄ ︽ | ᠮᠠᠨ ᠤ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠣᠲᠣ ᠶᠠᠭ ︿ᠪᠣᠬᠢᠷ ᠮᠠᠨᠠᠨ﹀᠂ ︿ | ᠦᠮᠡᠬᠡᠢ ᠦᠨᠦᠷ﹀ ᠵᠡᠷᠭᠡ ᠰᠡᠷᠡᠯ ᠤᠨ ᠡᠷᠬᠡᠲᠡᠨ ᠤ ᠭᠦᠢᠴᠡᠳᠬᠡᠯ ᠲᠤᠭ᠎ᠠ ᠶᠢᠨ ᠵᠠᠰᠠᠯᠲᠠ ᠠᠴᠠ ᠪᠠᠨ ᠣᠷᠳᠣ ᠬᠤᠭᠤᠴᠠᠭᠠᠨ ᠤ | ᠴᠢᠨᠠᠷᠲᠠᠢ᠂ ᠳᠠᠯᠳᠠ ᠴᠢᠨᠠᠷᠲᠠᠢ ᠬᠤᠣᠷ ᠬᠥᠨᠥᠭᠡᠯ ᠲᠠᠢ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠱᠠᠲᠤ ᠲᠡᠶᠢᠰᠢ | ᠬᠥᠭᠵᠢᠵᠦ ᠪᠠᠶᠢᠨ᠎ᠠ︾ ᠭᠡᠵᠡᠢ᠃ | ︽ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠲᠤᠬᠠᠢ ᠳᠤᠷᠠᠳᠤᠭᠰᠠᠨ ᠨᠢ ᠮᠠᠰᠢ ᠴᠠᠭ ᠲᠠᠭᠠᠨ ᠲᠣᠬᠢᠷᠠᠵᠤ | ᠪᠠᠶᠢᠨ᠎ᠠ᠂ ᠥᠭᠡᠷ᠎ᠡ ᠪᠠᠷ ᠬᠡᠯᠡᠪᠡᠯ ᠵᠠᠰᠠᠯᠲᠠ ᠶᠢᠨ ᠤᠬᠠᠮᠰᠠᠷ ᠲᠠᠢ ᠪᠠᠶᠢᠬᠤ ᠬᠡᠷᠡᠭᠲᠡᠢ ᠭᠡᠰᠡᠨ ᠨᠢ ᠪᠢᠳᠠᠨ ᠢ ᠡᠨᠡ ᠲᠠᠯ᠎ᠠ ᠪᠠᠷ | ᠬᠤᠴᠣᠷᠬᠤ ᠦᠭᠡᠢ ᠪᠣᠯᠭᠠᠪᠠ︾᠃ ᠶᠡᠷᠦᠩᠬᠡᠢ ᠱᠦᠵᠢ ᠬᠤᠪᠢᠰᠤᠩᠭᠤᠢ ᠪᠠᠷ ᠬᠠᠨᠳᠤᠵᠤ᠂ ᠰᠢᠨ᠎ᠡ ᠬᠠᠭᠤᠴᠢᠨ ᠠᠰᠠᠭᠤᠳᠠᠯ ᠢ | ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠂ ︽ᠰᠢᠨ᠎ᠡ ᠠᠰᠠᠭᠤᠳᠠᠯ ᠲᠠᠢ | ᠪᠣᠯᠪᠠᠯ ᠡᠮᠦᠨᠡᠬᠢ ᠬᠠᠭᠤᠴᠢᠨ ᠠᠰᠠᠭᠤᠳᠠᠯ ᠢ ᠰᠢᠢᠳᠪᠦᠷᠢᠯᠡᠵᠦ ᠳᠠᠭᠤᠰᠬᠤ ᠠᠴᠠ ᠡᠮᠦᠨ᠎ᠡ ᠠᠮᠠᠷᠠᠵᠤ ᠪᠣᠯᠣᠨ᠎ᠠ ᠭᠡᠵᠦ ᠬᠡᠯᠡᠵᠦ | ᠪᠤᠯᠬᠤ ᠦᠭᠡᠢ᠂ ᠵᠡᠷᠭᠡ ᠪᠠᠷ ᠠᠳᠬᠤᠬᠤ ᠬᠡᠷᠡᠭᠲᠡᠢ᠂ ᠬᠥᠮᠥᠨ ᠬᠤᠯᠠ ᠶᠢᠨ ᠪᠣᠳᠣᠯᠭ᠎ᠠ ᠦᠭᠡᠢ ᠪᠣᠯ ᠣᠶᠢᠷ᠎ᠠ ᠶᠢᠨ | ᠵᠣᠪᠠᠯᠠᠩ ᠲᠠᠢ ᠪᠣᠯᠣᠨ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠪᠠᠰᠠ | ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︾ ᠭᠡᠪᠡ᠃ | ︽ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ︾ ᠠᠴᠠ ︽ᠴᠢᠨᠠᠷ | ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ︾ | ᠭᠦᠷᠲᠡᠯ᠎ᠡ᠂ ︽ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ︾ ᠠᠴᠠ ︽ᠠᠮᠢ | ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠬᠦ︾ ᠭᠦᠷᠲᠡᠯ᠎ᠡ᠂ ︽ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠪᠣᠯᠣᠨ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠦ ᠴᠢᠨᠠᠷ ᠢ ᠴᠢᠩᠭᠠᠳᠬᠠᠬᠤ︾ ᠠᠴᠠ ︽ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠭᠦ︾ ᠭᠦᠷᠲᠡᠯ᠎ᠡ ᠁ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠪᠬᠤ | ᠭᠡᠭᠡᠭᠦ ᠪᠤᠯᠬᠤ ᠡᠰᠡᠬᠦ ᠶᠢ ᠲᠣᠭᠲᠠᠭᠠᠬᠤ ᠲᠠᠰᠢᠷᠠᠮ ᠳᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠬᠦᠴᠦᠷᠬᠡᠭ ᠶᠡᠭᠡ ᠲᠣᠭᠲᠠᠯ | ᠬᠦᠴᠦᠨ ᠪᠣᠯᠣᠨ ᠬᠤᠯᠠ ᠶᠢᠨ ᠬᠠᠷᠠᠴᠠ ᠬᠤᠷᠴᠠ ᠲᠠᠨᠢᠯᠲᠠ ᠶᠢ ᠰᠢᠯᠭᠠᠵᠠᠢ᠃ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ᠂ ᠵᠠᠩ ᠵᠢᠶᠠ ᠭᠠᠩ ᠬᠤᠳᠠ ᠶᠢᠨ ᠨᠠᠨ ᠹᠧᠩ ᠪᠠᠯᠭᠠᠰᠤ ᠶᠢᠨ | ᠶᠦᠩ ᠯᠢᠶᠠᠨ ᠲᠣᠰᠬᠤᠨ ᠤ ᠨᠠᠮ ᠤᠨ ᠬᠤᠷᠢᠶ᠎ᠠ ᠶᠢᠨ ᠱᠦᠵᠢ ᠦ᠋ ᠬᠤᠢ ᠹᠠᠩ ᠲᠥᠯᠥᠭᠡᠯᠡᠭᠴᠢ ᠬᠥᠳᠡᠭᠡ ᠲᠣᠰᠬᠤᠨ ᠳᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠭᠦ ᠲᠤᠬᠠᠢ ᠪᠣᠳᠣᠯᠬᠢᠯᠠᠯ ᠪᠠ ᠦᠢᠯᠡᠳᠦᠯᠭᠡ ᠪᠠᠨ ᠠᠪᠴᠢᠷᠠᠵᠠᠢ᠃ | ᠴᠡᠷᠢᠭ ᠲᠤ 25 ᠵᠢᠯ ᠶᠠᠪᠤᠭᠰᠠᠨ ᠡᠨᠡ ᠬᠦ ᠠᠬᠠᠮᠠᠳ ᠴᠡᠷᠢᠭ 2005 ᠣᠨ ᠳᠤ ᠴᠡᠷᠢᠭ ᠤᠨ ᠬᠤᠪᠴᠠᠰᠤ ᠪᠠᠨ | ᠲᠠᠶᠢᠯᠵᠤ᠂ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠪᠠᠷ ᠳᠠᠮᠵᠢᠨ ᠶᠦᠩ ᠯᠢᠶᠠᠨ ᠲᠣᠰᠬᠤᠨ ᠳᠤ ᠬᠦᠷᠴᠦ ᠠᠵᠢᠯᠯᠠᠪᠠ᠃ | ᠡᠭᠦᠨ ᠠᠴᠠ ᠡᠬᠢᠯᠡᠨ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ ᠨᠢ ᠲᠡᠭᠦᠨ ᠤ ᠰᠢᠨ᠎ᠡ ︽ | ᠵᠢᠭᠰᠠᠭᠠᠯ ᠤᠨ ᠭᠠᠵᠠᠷ︾ ᠪᠣᠯᠵᠠᠢ᠃ | ᠲᠡᠷᠡ ᠨᠢᠭᠡᠨᠲᠡ 19 ᠵᠢᠯ ᠠᠵᠢᠯᠯᠠᠯ᠎ᠠ᠃ | ︽ᠨᠢᠳᠤᠨᠤᠨ᠂ ᠶᠦᠩ ᠯᠢᠶᠠᠨ ᠲᠣᠰᠬᠤᠨ ᠤ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠶᠡᠷᠦᠩᠬᠡᠢ | ᠣᠷᠣᠯᠭ᠎ᠠ 1616 ᠳ᠋ᠦᠩᠰᠢᠭᠤᠷ ᠲᠥᠭᠦᠷᠢᠭ᠂ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 3.35 | ᠳ᠋ᠦᠩᠰᠢᠭᠤᠷ ᠲᠥᠭᠦᠷᠢᠭ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 7.3 ᠲᠦᠮᠡᠨ | ᠲᠥᠭᠦᠷᠢᠭ ᠲᠤ ᠬᠦᠷᠴᠡᠢ᠃ ᠲᠣᠰᠬᠤᠨ ᠤ ᠠᠵᠤ ᠠᠬᠤᠶᠢᠯᠠᠯ ᠬᠥᠭᠵᠢᠭᠰᠡᠨ ᠤ ᠳᠠᠷᠠᠭ᠎ᠠ᠂ ᠪᠢᠳᠡ ᠥᠮᠴᠢᠯᠡᠯ ᠤᠨ ᠡᠷᠬᠡ ᠶᠢ | ᠲᠣᠳᠣᠷᠬᠠᠶᠢᠯᠠᠬᠤ ᠪᠠᠷ ᠳᠡᠮᠵᠢᠨ᠂ ᠲᠣᠰᠬᠤᠨ ᠤ ᠠᠷᠠᠳ ᠢ 25% ᠶᠢᠨ ᠰᠲ᠋ᠣᠺ ᠤᠨ ᠡᠷᠬᠡ ᠲᠠᠢ ᠪᠤᠯᠭᠠᠵᠤ᠂ ᠨᠢᠳᠤᠨᠤᠨ | ᠬᠤᠶᠠᠳᠠᠭᠢ ᠤᠳᠠᠭ᠎ᠠ ᠲᠣᠰᠬᠤᠨ ᠤ ᠠᠷᠠᠳ ᠤᠨ ᠬᠥᠮᠥᠨ ᠳᠤᠮᠳᠠᠴᠢ ᠳᠤ 1.7 ᠲᠦᠮᠡᠨ ᠲᠥᠭᠦᠷᠢᠭ ᠢ ᠬᠤᠪᠢᠶᠠᠪᠠ︾ ᠭᠡᠵᠦ | ᠶᠡᠷᠦᠩᠬᠡᠢ ᠱᠦᠵᠢ ᠳᠤ ᠨᠢᠭᠡᠳ ᠨᠢᠭᠡ ᠪᠠᠷ ᠮᠡᠳᠡᠭᠦᠯᠪᠡ᠃ | ︽ᠡᠨᠡ ᠣᠷᠣᠯᠭ᠎ᠠ ᠶᠢᠨ ᠪᠠᠶᠢᠳᠠᠯ ᠪᠠᠰᠠ ᠲᠤᠩ ᠰᠦᠷᠡᠬᠡᠢ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ᠂ ︽ | ᠬᠠᠮᠲᠤ ᠪᠠᠷ ᠪᠠᠶᠠᠵᠢᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠳᠤ ᠲᠠ ᠨᠠᠷ ᠪᠣᠯ | ᠬᠤᠰᠢᠭᠤᠴᠢ ᠮᠥᠨ᠂ ᠡᠨᠡ ᠵᠠᠮ ᠢ ᠨᠡᠭᠡᠭᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠵᠦ ᠪᠠᠶᠠᠷᠲᠠᠶᠢᠬᠠᠨ ᠬᠡᠯᠡᠪᠡ᠃ | ᠤᠯᠤᠰ ᠢ ᠵᠠᠰᠠᠬᠤ ᠡᠭᠦᠷᠢᠳᠡ ᠶᠢᠨ ᠶᠣᠰᠣ ᠠᠨᠤ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠮᠤᠢ᠃ | ᠲᠤᠬᠠᠢ ᠶᠢᠨ ᠲᠠᠯᠠᠪᠠᠢ ᠳᠤ ᠪᠠᠶᠢᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠥᠪᠡᠷ ᠤᠨ ᠬᠤᠶᠠᠷ | ᠭᠠᠷ ᠢᠶᠠᠷ ᠢᠶᠠᠨ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ︾ | ᠭᠡᠵᠦ ᠴᠢᠬᠤᠯᠠᠴᠢᠯᠠᠪᠠ᠃ | ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢᠶᠠᠨ ᠬᠥᠭᠵᠢᠭᠡᠵᠦ – ︽ᠣᠨᠢᠯᠠᠨ ᠲᠣᠭᠲᠠᠪᠠᠯ ᠱᠠᠯᠠᠪᠳᠠᠨ | ᠬᠢᠵᠦ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ︾ | ᠵᠢᠶᠠᠩᠰᠤ ᠠᠴᠠ ᠢᠷᠡᠭᠰᠡᠨ ᠰᠦᠨ ᠵᠢᠩ ᠨᠠᠨ ᠲᠥᠯᠥᠭᠡᠯᠡᠭᠴᠢ ᠪᠣᠯ ᠵᠦᠩ ᠴᠧ ᠪᠦᠯᠦᠭᠯᠡᠯ ᠤᠨ ᠨᠠᠨᠵᠢᠩ ᠤᠨ ᠫᠦ᠋ | ᠵᠧᠨ ᠮᠠᠰᠢᠨ ᠲᠡᠷᠭᠡᠨ ᠤ ᠬᠢᠵᠠᠭᠠᠷᠲᠤ ᠺᠤᠮᠫᠠᠨᠢ ᠶᠢᠨ ᠴᠠᠭᠢᠯᠭᠠᠨ ᠭᠠᠩᠨᠠᠭᠤᠷᠴᠢᠨ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠡᠮᠦᠨ᠎ᠡ᠂ ᠲᠡᠷᠡ᠄ ︽ᠤᠷᠠᠨ ᠳᠠᠷᠬᠠᠨ ᠤ ︿ᠲᠠᠷᠬᠠᠨ﹀ ᠭᠡᠳᠡᠭ ᠦᠭᠡ | ᠪᠣᠯ ᠲᠤᠰᠬᠠᠢ ᠮᠡᠷᠭᠡᠵᠢᠯ ᠤᠨ ᠬᠦᠷᠢᠶᠡᠨ ᠳᠤ ᠥᠪᠡᠷ ᠤᠨ ᠪᠡᠶ᠎ᠡ ᠠᠴᠠ ᠪᠠᠨ ︿ᠦ ᠰᠡᠪ ᠡᠷᠢᠬᠦ﹀ ᠶᠠᠪᠤᠳᠠᠯ ᠪᠣᠯᠣᠨ᠎ᠠ᠂ ᠤᠯᠠᠨ | ᠤᠳᠠᠭᠠᠨ ᠤ ᠳᠠᠪᠲᠠᠯᠲᠠ ᠶᠢ ᠥᠩᠭᠡᠷᠡᠭᠦᠯᠪᠡᠯ ᠰᠠᠶ᠋ᠢ ᠰᠢᠪᠲᠤᠯᠤᠯᠲᠠ ᠭᠠᠷᠭᠠᠵᠤ ᠴᠢᠳᠠᠨ᠎ᠠ︾ ᠭᠡᠵᠦ ᠪᠣᠷᠣᠭᠵᠢᠭᠤᠨ ᠪᠥᠭᠡᠳ | ᠢᠳᠡ ᠬᠦᠴᠦᠲᠡᠢ ᠬᠡᠯᠡᠪᠡ᠃ | ᠰᠣᠩᠭᠤᠭᠰᠠᠨ ᠠᠵᠢᠯ ᠦᠢᠯᠡᠰ ᠲᠡᠭᠡᠨ ᠨᠠᠰᠤᠨ ᠲᠤᠷᠰᠢᠲᠠ ᠵᠢᠳᠬᠦᠨ᠎ᠡ᠃ | 30 ᠭᠠᠷᠤᠢ ᠵᠢᠯ ᠠᠵᠢᠯᠯᠠᠭᠰᠠᠨ ᠰᠦᠨ ᠵᠢᠩ ᠨᠠᠨ ᠭᠠᠩᠨᠠᠬᠤ ᠠᠵᠢᠯ ᠢ ᠨᠢᠭᠡ ᠵᠦᠢᠯ ᠤᠨ ᠤᠷᠠᠯᠢᠭ ᠢᠶᠠᠷ | ᠦᠵᠡᠵᠦ᠂ ᠱᠠᠪᠢ ᠠᠵᠢᠯᠴᠢᠨ ᠪᠠᠶᠢᠭᠰᠠᠨ ᠠᠴᠠ ᠪᠠᠨ ᠳᠤᠮᠳᠠᠳᠤ ᠤᠯᠤᠰ ᠤᠨ ᠵᠦᠩ ᠴᠧ ᠺᠤᠮᠫᠠᠨᠢ ᠶᠢᠨ ᠠᠯᠳᠠᠷᠲᠤ ᠤᠷ᠎ᠠ | ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠨᠢᠳᠦᠨ ᠳᠤ ᠠᠯᠳᠠᠷᠰᠢᠭᠰᠠᠨ ︽ | ᠳᠣᠷᠣᠨᠠᠳᠠᠬᠢᠨ ᠤ ᠭᠠᠩᠨᠠᠭᠤᠷᠴᠢᠨ ᠳᠠᠭᠢᠨᠢ︾ ᠪᠣᠯᠪᠠ᠃ | ︽ᠲᠠ ᠪᠣᠯ ᠲᠣᠮᠣ ᠤᠯᠤᠰ ᠤᠨ ᠤᠷᠠᠨ ᠳᠠᠷᠬᠠᠨ ᠮᠥᠨ︾᠃ ᠶᠡᠷᠦᠩᠬᠡᠢ ᠱᠦᠵᠢ ᠮᠠᠭᠲᠠᠨ ᠰᠠᠶᠢᠰᠢᠶᠠᠭᠰᠠᠨ | ᠬᠠᠷᠠᠴᠠ ᠪᠠᠷ ᠰᠦᠨ ᠵᠢᠩ ᠨᠠᠨ ᠢ ᠬᠠᠷᠠᠵᠤ᠄ ︽ᠲᠣᠮᠣ ᠤᠯᠤᠰ ᠤᠨ ᠤᠷᠠᠨ ᠳᠠᠷᠬᠠᠨ ᠪᠣᠯ ᠮᠠᠨ ᠤ ᠳᠤᠮᠳᠠᠳᠤ ᠶᠢᠨ | ᠦᠨᠳᠦᠰᠦᠲᠡᠨ ᠭᠡᠬᠦ ᠲᠣᠮᠣ ᠠᠰᠠᠷ ᠤᠨ ᠰᠠᠭᠤᠷᠢ ᠴᠢᠯᠠᠭᠤ᠂ ᠲᠤᠯᠭᠠᠭᠤᠷᠢ ᠮᠥᠨ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠲᠡᠷᠠᠭ᠎ᠠ᠂ ᠪᠢᠳᠠ ᠨᠢᠭᠡ ᠳᠤ ᠶᠠᠳᠠᠭᠤ ᠬᠤᠶᠠᠷ ᠲᠤ ᠬᠤᠭᠤᠰᠤᠨ ᠪᠠᠶᠢᠵᠤ᠂ ᠦᠭᠡᠢ ᠠᠴᠠ ᠪᠠᠨ | ᠪᠠᠶᠢᠬᠤ ᠪᠣᠯᠵᠤ᠂ ᠣᠷᠣᠭᠤᠯᠤᠨ ᠠᠪᠴᠢᠷᠠᠵᠤ ᠰᠢᠩᠭᠡᠬᠡᠨ ᠠᠪᠤᠭᠠᠳ ᠲᠡᠭᠢᠠ ᠬᠥᠭᠵᠢᠭᠦᠯᠵᠦ᠂ ᠥᠪᠡᠷ ᠤᠨ ᠬᠦᠴᠦ ᠪᠠᠷ ᠢᠶᠠᠨ | ᠳᠡᠭᠵᠢᠷᠡᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠦᠢᠯᠡᠳᠬᠦ ᠦᠢᠯᠡᠰ ᠤᠨ | ᠰᠠᠭᠤᠷᠢ ᠲᠠᠢ ᠪᠣᠯᠤᠭᠰᠠᠨ ᠪᠠᠶᠢᠨ᠎ᠠ︾ ᠭᠡᠪᠡ᠃ | ᠶᠡᠷᠦᠩᠬᠡᠢ ᠱᠦᠵᠢ᠄ ︽ᠢᠩᠭᠢᠵᠦ ᠪᠤᠳᠤᠬᠤ ᠪᠠᠷ ᠦᠨᠡᠬᠡᠷ ᠬᠢᠵᠠᠭᠠᠯᠠᠰᠢ ᠦᠭᠡᠢ ᠣᠮᠣᠭᠰᠢᠬᠤ ᠶᠤᠮ᠃ ᠵᠠᠮ | ᠬᠠᠷᠢᠯᠴᠠᠭ᠎ᠠ ᠪᠠᠷ ᠠᠪᠴᠤ ᠬᠡᠯᠡᠪᠡᠯ᠂ ᠣᠲᠣ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ | ᠬᠡᠮᠵᠢᠶ᠎ᠡ ᠨᠢ ᠪᠦᠭᠦ ᠪᠥᠮᠪᠥᠷᠴᠡᠭ ᠲᠤ ᠬᠠᠮᠤᠭ ᠤᠨ ᠶᠡᠭᠡ᠂ ᠰᠢᠨ᠎ᠡ ᠡᠨᠧᠷᠭᠢ ᠶᠢᠨ ᠮᠠᠰᠢᠨ ᠲᠡᠷᠭᠡ ᠬᠠᠮᠤᠭ ᠤᠨ ᠰᠠᠶᠢᠨ᠂ | ᠲᠦᠷᠭᠡᠨ ᠤ ᠵᠠᠰᠠᠮᠠᠯ ᠵᠠᠮ ᠤᠨ ᠵᠠᠢ ᠨᠢ ᠴᠦ ᠬᠠᠮᠤᠭ ᠤᠨ ᠣᠷᠳᠣ᠂ ᠲᠦᠷᠭᠡᠨ ᠤ ᠲᠡᠮᠦᠷ ᠵᠠᠮ ᠭᠠᠳᠠᠭᠰᠢ ᠭᠠᠷᠴᠤ᠂ | ᠬᠤᠲᠠ ᠶᠢᠨ ᠲᠣᠭᠤᠷᠢᠯ ᠵᠠᠮ ᠤᠨ ᠨᠡᠪᠲᠡᠷᠡᠯᠴᠡᠭᠡ ᠭᠠᠳᠠᠭᠰᠢ ᠭᠠᠷᠴᠤ᠂ ᠬᠥᠯᠭᠡ ᠣᠩᠭᠤᠴᠠ ᠪᠠᠰᠠ ᠭᠠᠳᠠᠭᠰᠢ ᠭᠠᠷᠴᠤ᠂ | ᠲᠣᠮᠣ ᠨᠢᠰᠬᠡᠯ ᠢ ᠴᠦ ᠦᠢᠯᠡᠳᠦᠨ ᠭᠠᠷᠭᠠᠵᠤ᠂ ᠣᠩᠭᠤᠴᠠ ᠦᠢᠯᠡᠳᠬᠦ ᠦᠢᠯᠡᠰ ᠤᠨ ︿ᠭᠤᠷᠪᠠᠨ ᠶᠡᠭᠡ ᠬᠡᠷᠡᠯᠳᠦ ᠰᠤᠪᠤᠳ﹀ | ᠢ ᠴᠤ ᠦᠢᠯᠡᠳᠦᠨ ᠭᠠᠷᠭᠠᠵᠠᠢ ᠁ ᠪᠦᠷ ᠠᠯᠬᠤᠮ ᠠᠯᠬᠤᠮ ᠢᠶᠠᠷ ᠤᠷᠤᠭᠰᠢᠯᠠᠵᠤ᠂ ᠲᠠᠰᠤᠷᠠᠯᠲᠠ ᠦᠭᠡᠢ | ᠤᠯᠤᠰ ᠲᠠᠭᠠᠨ ᠦᠢᠯᠡᠳᠪᠦᠷᠢᠯᠡᠵᠦ᠂ ᠳᠠᠷᠠᠭ᠎ᠠ ᠨᠢ ᠳᠡᠯᠡᠬᠡᠢ ᠶᠢᠨ ᠡᠮᠦᠨ᠎ᠡ ᠬᠤᠰᠢᠭᠤᠷᠠᠭᠰᠠᠨ ᠪᠥᠭᠡᠳ ᠲᠠᠰᠤᠷᠠᠯᠲᠠ ᠦᠭᠡᠢ | ᠰᠢᠪᠲᠤᠯᠤᠯᠲᠠ ᠬᠢᠵᠦ ᠪᠠᠶᠢᠨ᠎ᠠ︾ ᠭᠡᠵᠦ ᠭᠦᠨ ᠰᠡᠳᠬᠢᠯᠭᠡ ᠲᠠᠢ ᠶᠠᠷᠢᠪᠠ᠃ | ︽ᠡᠭᠦᠨ ᠳᠤ ᠤᠷᠠᠨ ᠳᠠᠷᠬᠠᠨ ᠮᠠᠰᠢ ᠴᠢᠬᠤᠯᠠ ᠶᠤᠮ᠃ ᠵᠢᠷᠤᠭ ᠲᠥᠯᠥᠪᠯᠡᠭᠡ ᠶᠢ ᠰᠠᠶᠢᠬᠠᠨ ᠵᠢᠷᠤᠵᠤ | ᠲᠥᠯᠥᠪᠯᠡᠭᠡᠳ ᠯᠡ ᠪᠤᠯᠬᠤ ᠦᠭᠡᠢ᠂ ᠬᠠᠮᠤᠭ ᠤᠨ ᠰᠡᠭᠦᠯ ᠳᠤ ᠭᠠᠩᠨᠠᠭᠤᠷᠴᠢᠨ ᠤ ᠭᠠᠷ ᠲᠤ ᠨᠠᠶᠢᠳᠠᠪᠤᠷᠢᠵᠢᠭᠤᠯᠬᠤ ᠬᠡᠷᠡᠭᠲᠡᠢ᠂ | ᠳᠡᠯᠡᠬᠡᠢ ᠶᠢᠨ ᠲᠡᠷᠢᠭᠦᠨ ᠵᠡᠷᠭᠡ ᠶᠢᠨ ᠲᠦᠪᠰᠢᠨ ᠦᠭᠡᠢ ᠪᠣᠯ ᠬᠠᠮᠤᠭ ᠤᠨ ᠰᠠᠶᠢᠨ ᠲᠣᠨᠤᠭ ᠲᠥᠬᠦᠭᠡᠷᠦᠮᠵᠢ ᠶᠢ ᠬᠢᠵᠦ | ᠴᠢᠳᠠᠬᠤ ᠦᠭᠡᠢ᠂ ᠡᠶᠢᠮᠦ ᠠᠴᠠ ᠪᠢᠳᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠨᠡᠨ ᠪᠣᠳᠠᠲᠠᠢ ᠰᠠᠶᠢᠲᠤᠷ ᠬᠢᠵᠦ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠪᠤᠢ ᠪᠤᠯᠭᠠᠵᠤ᠂ ᠨᠢᠭᠡᠳᠦᠭᠡᠷ ᠹᠷᠣᠨᠲ ᠤᠨ ᠲᠣᠮᠣ ᠤᠯᠤᠰ ᠤᠨ ᠤᠷᠠᠨ ᠲᠠᠷᠬᠠᠨ ᠢ | ᠪᠦᠯᠦᠭ ᠪᠦᠯᠦᠭ ᠢᠶᠠᠷ ᠬᠥᠮᠥᠵᠢᠭᠦᠯᠬᠦ ᠬᠡᠷᠡᠭᠲᠡᠢ᠂ ᠡᠨᠡ ᠪᠣᠯ ᠨᠢᠷᠤᠭᠤ ᠲᠤᠯᠭᠠᠭᠤᠷᠢ ᠪᠣᠯᠣᠨ᠎ᠠ᠂ ᠠᠯᠮᠠᠰ ᠴᠢᠯᠠᠭᠤ ᠦᠭᠡᠢ | ᠪᠣᠯ ᠱᠠᠭᠠᠵᠠᠩ ᠤᠨ ᠠᠵᠢᠯ ᠢ ᠭᠠᠷᠳᠠᠵᠤ ᠳᠡᠶᠢᠯᠭᠦ ᠦᠭᠡᠢ ᠶᠤᠮ︾ ᠭᠡᠬᠦ ᠶᠡᠷᠦᠩᠬᠡᠢ ᠱᠦᠵᠢ ᠶᠢᠨ ᠦᠭᠡ ᠦᠨᠡᠨᠴᠢ | ᠰᠡᠳᠬᠢᠯᠭᠡ ᠭᠦᠨ ᠶᠠᠷᠢᠶ᠎ᠠ ᠨᠢ ᠪᠦᠭᠦ ᠲᠠᠯᠠᠪᠠᠢ ᠶᠢᠨ ᠬᠠᠮᠲᠤ ᠤᠯᠠᠨ ᠤ ᠰᠡᠳᠬᠢᠯ ᠢ ᠴᠤᠤᠷᠢᠶᠠᠲᠤᠭᠤᠯᠪᠠ᠃ | ᠤᠷᠠᠨ ᠳᠠᠷᠬᠠᠨ ᠢ ᠬᠦᠨᠳᠦᠳᠬᠡᠨ᠎ᠡ᠂ ᠨᠡᠩ ᠴᠤ ᠲᠡᠳᠡᠨ ᠤ ︽ᠤᠷᠠᠨ ᠰᠠᠨᠠᠭ᠎ᠠ︾ ᠶᠢ ᠴᠢᠬᠤᠯᠠᠴᠢᠯᠠᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠪᠢᠳᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ | ᠨᠢᠭᠡᠨᠲᠡ ᠨᠡᠯᠢᠶᠡᠳ ᠵᠦᠭᠡᠷ ᠬᠢᠭᠰᠡᠨ ᠪᠤᠯᠪᠠᠴᠤ ᠪᠠᠰᠠ ᠭᠦᠢᠴᠡᠳ ᠪᠢᠰᠢ ᠪᠠᠶᠢᠨ᠎ᠠ᠂ ᠲᠡᠳᠡᠨ ᠳᠤ ᠵᠣᠬᠢᠬᠤ ᠤᠯᠤᠰ | ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ ᠪᠠ ᠴᠠᠯᠢᠩ ᠣᠯᠭᠤᠮᠵᠢ ᠬᠠᠷᠠᠭᠠᠯᠵᠠᠯ ᠣᠯᠭᠤᠵᠤ᠂ ᠵᠣᠬᠢᠬᠤ | ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ | 2022 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ | ᠮᠦᠽᠧᠢ ᠶᠢᠨ ᠠᠬᠠᠮᠠᠳ ᠲᠤᠰᠬᠠᠢ ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠭᠰᠡᠨ ᠨᠢ ᠨᠠᠨᠵᠢᠩ ᠬᠤᠳᠠ ᠶᠢᠨ | ᠮᠦᠽᠧᠢ ᠶᠢᠨ ᠶᠡᠷᠦᠩᠬᠡᠢ ᠣᠷᠳᠣᠨ ᠤ ᠳᠡᠳ᠋ ᠳᠠᠷᠤᠭ᠎ᠠ ᠰᠦᠩ ᠶᠠᠨ ᠲᠥᠯᠥᠭᠡᠯᠡᠭᠴᠢ ᠳᠤ ᠤᠳᠤ ᠪᠤᠯᠲᠠᠯ᠎ᠠ ᠮᠠᠰᠢ ᠶᠡᠭᠡ | ᠵᠣᠷᠢᠭᠵᠢᠭᠤᠯᠤᠯ ᠪᠣᠯᠣᠭᠰᠠᠭᠠᠷ ᠶᠤᠮ᠃ ᠶᠠᠷᠢᠶ᠎ᠠ ᠲᠠᠯᠪᠢᠬᠤ ᠳᠠᠭᠠᠨ ᠲᠡᠷᠡ ᠨᠠᠨᠵᠢᠩ ᠬᠤᠲᠠ ᠶᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠮᠦᠽᠧᠢ ᠶᠢᠨ ᠠᠵᠢᠯᠲᠠᠳ ᠤᠨ ᠰᠣᠶᠣᠯ ᠤᠨ ᠥᠪ ᠢᠶᠠᠨ ᠰᠠᠬᠢᠨ ᠬᠠᠮᠠᠭᠠᠯᠠᠵᠤ᠂ ᠳᠤᠮᠳᠠᠳᠤ ᠶᠢᠨ ᠪᠣᠯᠪᠠᠰᠤᠨ ᠢ | ᠤᠯᠠᠮᠵᠢᠯᠠᠨ ᠵᠠᠯᠭᠠᠮᠵᠢᠯᠠᠵᠤ᠂ ᠰᠣᠶᠣᠯ ᠤᠨ ᠬᠦᠴᠦᠨ ᠢ ᠬᠥᠭᠵᠢᠭᠡᠭᠰᠡᠨ ᠦᠯᠢᠭᠡᠷ ᠢ ᠶᠠᠷᠢᠪᠠ᠃ | ︽ᠨᠠᠨᠵᠢᠩ ᠤᠨ ᠮᠦᠽᠧᠢ ᠳᠤ ᠪᠠᠰᠠ ᠦᠵᠡᠭᠦᠰᠢᠲᠡᠢ ᠵᠦᠢᠯ ᠲᠤᠩ ᠤᠯᠠᠨ ᠪᠤᠢ᠂ ᠵᠢᠷᠭᠤᠭᠠᠨ ᠲᠦᠷᠦ ᠶᠢᠨ | ᠡᠷᠲᠡᠨ ᠤ ᠨᠡᠶᠢᠰᠯᠡᠯ᠂ ᠪᠠᠰᠠ ᠬᠤᠶᠢᠨᠠᠬᠢ ᠮᠢᠩ ᠤᠯᠤᠰ᠂ ᠴᠢᠩ ᠤᠯᠤᠰ ᠤᠨ ᠦᠶ᠎ᠡ ᠳᠤ᠂ ᠶᠠᠭᠤᠮ᠎ᠠ ᠪᠠᠰᠠ ᠲᠤᠩ ᠠᠷᠪᠢᠨ | ᠪᠠᠶᠢᠵᠠᠢ᠃ ᠮᠦᠽᠧᠢ ᠮᠠᠰᠢ ᠴᠢᠬᠤᠯᠠ ᠶᠤᠮ᠂ ᠪᠢ ᠪᠠᠭ᠎ᠠ ᠠᠴᠠ ᠪᠠᠨ ᠮᠦᠽᠧᠢ ᠳᠤ ᠣᠴᠢᠬᠤ ᠳᠤᠷᠠᠲᠠᠢ᠂ ᠪᠠᠭ᠎ᠠ ᠳᠠᠭᠠᠨ | ᠪᠡᠭᠡᠵᠢᠩ ᠳᠠᠬᠢ ᠮᠦᠽᠧᠢ ᠪᠠᠷ ᠪᠠᠷᠤᠭ ᠪᠦᠷ ᠣᠴᠢᠵᠤ ᠥᠩᠭᠡᠷᠡᠭᠰᠡᠨ︾ ᠭᠡᠵᠦ ᠶᠡᠷᠦᠩᠬᠡᠢ ᠱᠦᠵᠢ ᠰᠢ ᠶᠢᠨ ᠫᠢᠩ ᠰᠦᠩ | ᠶᠠᠨ ᠳᠤ ᠳᠣᠲᠣᠨᠣᠰᠤᠭ ᠢᠶᠠᠷ ᠬᠡᠯᠡᠪᠡ᠃ | ᠰᠣᠶᠣᠯ ᠤᠨ ᠭᠤᠯᠣᠮᠲᠠ ᠥᠨᠢ ᠤᠳᠠᠭᠠᠨ᠂ ᠨᠢᠭᠡ ᠦᠨᠳᠦᠰᠦᠲᠡᠨ ᠤ ᠣᠣᠷ ᠲᠤᠨᠳᠠᠰᠤ ᠶᠢ ᠬᠤᠷᠠᠮᠳᠤᠭᠤᠯᠤᠨ᠎ᠠ᠃ | ᠶᠡᠷᠦᠩᠬᠡᠢ ᠱᠦᠵᠢ ᠰᠢ ᠶᠢᠨ ᠫᠢᠩ᠂ ᠥᠷᠭᠡᠨ ᠤᠯᠠᠨ ᠲᠦᠮᠡᠨ ᠣᠨᠴᠠᠭᠠᠶᠢᠯᠠᠨ ᠵᠠᠯᠠᠭᠤᠴᠤᠳ ᠪᠠᠭᠠᠴᠤᠳ ᠢ ᠮᠦᠽᠧᠢ ᠲᠠᠢ | ᠢᠯᠡᠭᠦᠬᠡᠨ ᠣᠶᠢᠷᠠᠲᠤᠭᠤᠯᠵᠤ᠂ ᠲᠡᠦᠬᠡ ᠶᠢᠨ ᠲᠥᠷᠥᠭᠳᠡᠯ ᠢᠶᠠᠨ ᠤᠯᠠᠮ ᠨᠡᠮᠡᠭᠳᠡᠭᠦᠯᠬᠦ ᠶᠢ ᠬᠦᠰᠡᠪᠡ᠃ ︽ᠮᠦᠽᠧᠢ ᠶᠢᠨ | ᠦᠢᠯᠡᠰ ᠢ ᠰᠠᠶᠢᠲᠤᠷ ᠬᠢᠬᠦ ᠬᠡᠷᠡᠭᠲᠡᠢ᠃ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ᠂ ᠨᠡᠩ | ᠰᠢᠰᠲ᠋ᠧᠮᠵᠢᠭᠦᠯᠬᠦ ᠶᠢᠨ ᠬᠠᠮᠲᠤ ᠮᠦᠽᠧᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ︾ | ᠭᠡᠵᠦ ᠭᠦᠨ ᠰᠡᠳᠬᠢᠯᠭᠡ ᠲᠠᠢ ᠬᠡᠯᠡᠪᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠢᠷᠠᠭᠤ ᠠᠯᠳᠠᠷ ᠪᠠ ᠬᠦᠰᠡᠯ | ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ | ᠦᠢᠯᠡᠰ ᠮᠥᠨ᠃ | ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠰᠢᠶᠠ ᠰᠢᠶᠠᠨ ᠫᠧᠩ ᠭᠡᠰᠢᠭᠦᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠡᠬᠡ ᠬᠠᠭᠤᠷᠠᠢ ᠶᠢᠨ ᠯᠤᠲᠤ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢᠶᠠᠷ ᠪᠠᠲᠤ ᠲᠤᠯᠭᠠᠭᠤᠷᠢᠯᠠᠯ ᠪᠤᠯᠭᠠᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠤᠯᠭᠠᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠭᠢᠶᠠᠯ ᠳᠣᠣᠷ᠎ᠠ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ | ᠲᠦᠷᠭᠡᠨ ᠬᠥᠭᠵᠢᠪᠡ ᠭᠡᠵᠦ ᠶᠡᠷᠦᠩᠬᠡᠢ ᠱᠦᠵᠢ ᠳᠤ ᠬᠡᠯᠡᠪᠡ᠃ | ᠲᠢᠶᠠᠨ ᠬᠤᠩ ᠴᠢ ᠭᠡᠰᠢᠭᠦᠨ᠂ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠭᠦ ᠣᠷᠣᠨ ᠢ | ᠲᠦᠷᠭᠡᠳᠬᠡᠨ ᠪᠠᠶᠢᠭᠤᠯᠵᠤ᠂ ᠬᠤᠶᠠᠷ ᠬᠥᠪᠡᠭᠡᠨ ᠤ ᠡᠯ᠎ᠡ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠶᠠᠷ ᠬᠥᠪᠡᠭᠡᠨ ᠤ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ | ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠬᠤ ᠶᠢ ᠰᠠᠨᠠᠭᠤᠯᠪᠠ᠃ | ᠶᠡᠷᠦᠩᠬᠡᠢ ᠱᠦᠵᠢ ᠰᠢ ᠶᠢᠨ ᠫᠢᠩ ᠲᠠᠶᠢᠸᠠᠨ ᠤ ᠠᠵᠢᠯ ᠤᠨ ᠶᠡᠭᠡ ᠲᠠᠯ᠎ᠠ ᠳᠤ ᠤᠯᠠᠮ ᠴᠢᠨᠠᠭᠰᠢᠳᠠ ᠪᠠᠶᠢᠷᠢ | ᠲᠣᠭᠲᠠᠭᠠᠯᠲᠠ ᠪᠠᠨ ᠵᠥᠪ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠭᠠᠳᠤ ᠭᠠᠳᠠᠭᠠᠳᠤ ᠶᠢᠨ ᠪᠦᠯᠬᠦᠮᠳᠡᠵᠦ ᠪᠤᠯᠬᠤ ᠤᠯᠤᠰ ᠢᠶᠠᠨ | ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ | ᠨᠢᠭᠡᠳᠦᠯ ᠢ ᠠᠬᠢᠭᠤᠯᠬᠤ ᠬᠦᠴᠦᠨ ᠢ ᠳᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ | ᠨᠢᠭᠡᠳᠬᠡᠬᠦ ᠠᠬᠢᠴᠠ ᠶᠢ ᠬᠠᠮᠲᠤ ᠪᠠᠷ ᠠᠬᠢᠭᠤᠯᠬᠤ ᠶᠢ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠢᠨ ᠳᠤ ᠬᠦᠰᠡᠪᠡ᠃ | ᠤᠷᠢᠬᠠᠨ ᠰᠠᠯᠬᠢ ᠡᠬᠡ ᠭᠠᠵᠠᠷ ᠢ ᠢᠯᠪᠢᠵᠦ᠂ ᠲᠦᠮᠡᠨ ᠪᠣᠳᠠᠰ ᠰᠢᠨᠡᠳᠦᠨ ᠠᠮᠢᠯᠠᠨ᠎ᠠ᠃ | ᠰᠢᠨ᠎ᠡ ᠠᠶᠠᠨ ᠢ ᠪᠠᠷᠠᠯᠠᠬᠤᠶ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠠᠵᠤ ᠠᠬᠤᠢ ᠶᠢᠨ ᠰᠡᠷᠭᠦᠨ | ᠰᠠᠶᠢᠵᠢᠷᠠᠬᠤ ᠰᠠᠶᠢᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠪᠦᠭᠦ ᠨᠡᠶᠢᠭᠡᠮ ᠤᠨ ᠬᠥᠭᠵᠢᠯᠲᠡ ᠶᠢᠨ | ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ | ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ | ᠠᠰᠢᠭᠲᠠᠢ ᠨᠥᠬᠦᠴᠡᠯ ᠢ ᠠᠰᠢᠭᠯᠠᠨ᠂ ᠬᠢᠬᠦ ᠪᠠᠷ ᠵᠣᠷᠢᠭ ᠰᠢᠭᠤᠳᠪᠠᠯ ᠳᠠᠷᠤᠢ ᠱᠠᠯᠠᠪᠳᠠᠨ ᠠᠵᠢᠯᠯᠠᠵᠤ᠂ ᠡᠯ᠎ᠡ | ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ︾ ᠭᠡᠬᠦ ᠶᠠᠷᠢᠶ᠎ᠠ ᠨᠢ ᠬᠥᠮᠥᠰ ᠢ ᠵᠣᠷᠢᠭᠵᠢᠭᠤᠯᠤᠨ | ᠤᠷᠤᠭᠰᠢᠯᠠᠭᠤᠯᠤᠨ᠎ᠠ᠃ |