ᠰᠠᠶᠢᠬᠠᠠᠠᠦ᠋ᠯᠵᠡᠢ ᠰᠤᠮᠤᠨ ᠤ ᠳᠤᠷᠤᠮ ᠭᠠᠴᠠᠭᠠᠨ ᠤ ᠮᠠᠯᠴᠢᠨ ᠪᠦᠰᠡᠬᠦᠢ ᠭᠡᠷᠡᠯᠮ᠎ᠡ᠂ ᠤᠷᠠᠨ ᠭᠠᠷ ᠬᠤᠷᠴᠠ | ᠤᠬᠠᠭᠠᠨ ᠢᠶᠠᠷ ᠢᠶᠠᠨ ᠴᠢᠨᠡᠭᠡᠯᠢᠭ ᠠᠮᠢᠳᠤᠷᠠᠯ ᠢᠶᠠᠨ ᠴᠤᠭᠴᠠᠯᠠᠨ᠂ ᠠᠭᠤᠵᠢᠭᠤ ᠪᠤᠳᠤᠯ ᠬᠤᠯᠠ ᠶᠢᠨ ᠬᠠᠷᠠᠴᠠ ᠪᠠᠷ | ᠤᠯᠠᠨ ᠢ ᠳᠠᠭᠠᠭᠤᠯᠤᠨ ᠭᠠᠪᠰᠢᠭᠠᠶᠢᠯᠠᠵᠤ᠂ ᠪᠦᠬᠦ ᠤᠯᠤᠰ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ | ᠳᠠᠭᠠᠭᠤᠯᠤᠭᠴᠢ ᠶᠢᠨ ᠢᠷᠠᠭᠤ ᠠᠯᠳᠠᠷ ᠢ ᠬᠦᠷᠳᠡᠨ᠂ ᠰᠢᠨ᠎ᠡ ᠴᠠᠭ ᠤᠨ ᠭᠠᠷᠮᠠᠭᠠᠢ ᠪᠦᠰᠡᠭᠦᠶᠢᠴᠦᠳ ᠤᠨ ᠡᠩᠨᠡᠭᠡᠨ | ᠳᠤ ᠵᠡᠷᠭᠡᠴᠡᠨ ᠤᠷᠤᠭᠰᠢᠯᠠᠵᠤ ᠪᠠᠶᠢᠨ᠎ᠠ᠃ | ᠨᠠᠮ ᠤᠨ ᠭᠡᠰᠢᠬᠦᠨ ᠤ ᠭᠤᠤᠯᠳᠠᠯᠭᠠᠳᠤ ᠡᠷᠦᠬᠡ ᠭᠡᠷᠡᠯᠮ᠎ᠡ ᠶᠢᠨ ᠮᠣᠩᠭᠤᠯ ᠭᠡᠷ ᠲᠤ ᠡᠯ᠎ᠡ ᠵᠦᠢᠯ ᠤᠨ | ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ ᠬᠤᠷᠭᠤ ᠲᠦᠭᠦᠷᠡᠩ ᠳᠡᠯᠭᠡᠭᠳᠡᠵᠦ᠂ ᠳᠤᠷᠭ᠎ᠠ ᠪᠠᠷ | ᠤᠷᠠᠯᠠᠭᠰᠠᠨ ᠮᠤᠩᠭᠤᠯ ᠤᠨᠴᠠᠯᠢᠭᠳᠠᠢ ᠡᠭᠡᠮᠦᠭ᠂ ᠬᠦᠵᠦᠬᠦᠨ ᠤ ᠵᠡᠬᠦᠯᠳᠡ᠂ ᠭᠡᠵᠢᠬᠡᠨ ᠤ ᠪᠤᠭᠤᠯᠳᠠ ᠵᠡᠷᠭᠡ ᠤᠷᠠᠨ | ᠨᠠᠷᠢᠯᠢᠭ ᠵᠠᠰᠠᠯ ᠵᠢᠮᠰᠡᠭ ᠨᠢ ᠦᠨᠳᠦᠰᠦᠳᠡᠨ ᠤ ᠰᠤᠶᠤᠯ ᠤᠨ ᠤᠨᠴᠠᠯᠢᠭ ᠢ ᠪᠦᠷᠢᠨ ᠬᠠᠷᠠᠭᠤᠯᠤᠨ᠎ᠠ᠃ | ᠭᠡᠷᠡᠯᠮ᠎ᠡ ᠰᠣᠷᠣᠭᠴᠢ ᠦᠶ᠎ᠡ ᠠᠴᠠ ᠪᠠᠨ ᠯᠡ ᠭᠠᠷ ᠤᠷᠠᠯᠠᠯ ᠳᠤ ᠪᠠᠭ᠋ᠠᠳᠠᠢ ᠪᠠᠶᠢᠵᠤ᠂ ᠨᠠᠰᠤᠳᠠᠨ | ᠪᠤᠭᠤᠷᠤᠯᠴᠤᠳ ᠠᠴᠠ ᠪᠠᠨ ᠠᠷᠠᠰᠤᠨ ᠡᠳ᠋ᠯᠡᠯ᠂ ᠬᠠᠳᠬᠤᠮᠠᠯ ᠤᠷᠠᠯᠠᠬᠤ ᠶᠢ ᠬᠢᠴᠢᠶᠡᠵᠦ ᠰᠤᠷᠳᠠᠭ ᠪᠠᠶᠢᠭᠰᠠᠨ ᠢᠶᠠᠨ | ᠬᠤᠵᠢᠮ ᠨᠢ ᠨᠡᠩ ᠣᠯᠠᠨ ᠬᠥᠮᠥᠨ ᠳᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠯ ᠢ ᠲᠠᠨᠢᠭᠤᠯᠬᠤ ᠵᠤᠷᠢᠯᠭ᠎ᠠ | ᠪᠠᠷ ᠦᠢᠯᠡ ᠤᠶᠤᠳᠠᠯ ᠳᠤ ᠤᠷᠠᠨ᠂ ᠠᠵᠢᠯ ᠬᠢᠳᠡᠯ ᠳᠤ ᠭᠠᠷᠮᠠᠭᠠᠢ ᠪᠦᠰᠡᠭᠦᠶᠢᠴᠦᠳ ᠲᠠᠢ ᠬᠠᠮᠳᠤᠷᠠᠨ ︽ᠭᠡᠷᠡᠯᠮ᠎ᠡ | ᠦᠨᠳᠦᠰᠦᠲᠡᠨ ᠤ ᠬᠤᠪᠴᠠᠰᠤ ᠵᠠᠰᠠᠯ ᠤᠨ ᠲᠤᠰᠬᠠᠢ ᠬᠤᠷᠰᠢᠶᠠᠵᠢᠯ︾ ᠪᠠᠶᠢᠭᠤᠯᠵᠤ᠂ ᠦᠨᠳᠦᠰᠦᠲᠡᠨ ᠤ ᠬᠤᠪᠴᠠᠰᠤ | ᠵᠠᠰᠠᠯ᠂ ᠮᠢᠬ᠎ᠠ᠂ ᠴᠠᠭᠠᠨ ᠢᠳᠡᠭᠡ ᠪᠣᠷᠣᠯᠠᠭᠤᠯᠤᠨ᠂ ᠮᠠᠯᠴᠢᠳ ᠤᠨ ᠣᠷᠣᠯᠭ᠎ᠠ ᠶᠢᠨ ᠵᠠᠮ ᠢ ᠦᠷᠭᠡᠳᠬᠡᠨ᠂ 2020 | ᠣᠨ ᠳᠤ᠂ ᠲᠡᠷᠡ ᠬᠤᠰᠢᠭᠤ ᠠᠷᠠᠳ ᠤᠨ ᠵᠠᠩ ᠦᠢᠯᠡ ᠶᠢᠨ ᠨᠡᠶᠢᠭᠡᠮᠯᠢᠭ ᠠᠴᠠ ᠣᠯᠭᠤᠭᠰᠠᠨ ︽ᠦᠨᠳᠦᠰᠦᠲᠡᠨ ᠤ | ᠬᠤᠪᠴᠠᠰᠤ ᠵᠠᠰᠠᠯ᠂ ᠵᠠᠩ ᠦᠢᠯᠡ ᠶᠢᠨ ᠤᠯᠠᠮᠵᠢᠯᠠᠭᠴᠢ︾ ᠶᠢᠨ ᠢᠷᠠᠭᠤ ᠠᠯᠳᠠᠷ ᠢ ᠬᠦᠷᠳᠡᠵᠡᠢ᠃ | ᠮᠠᠯᠴᠢᠨ ᠭᠡᠷᠡᠯᠮ᠎ᠡ᠄ ︽2018 ᠣᠨ ᠳᠤ ᠬᠤᠷᠰᠢᠶᠠᠵᠢᠯ ᠪᠠᠶᠢᠭᠤᠯᠵᠠᠢ᠂ ᠬᠤᠷᠰᠢᠶᠠᠵᠢᠯ ᠳᠤ 6 | ᠭᠡᠰᠢᠭᠦᠨ ᠲᠠᠢ᠂ ᠡᠩ ᠤᠨ ᠴᠠᠭ ᠲᠤ ᠴᠢᠯᠦᠭᠡ ᠵᠠᠪ ᠢᠶᠠᠷ ᠢᠶᠠᠨ ᠳᠡᠪᠡᠯ ᠲᠡᠷᠯᠢᠭ ᠣᠶᠣᠵᠤ᠂ ᠭᠠᠷ ᠤᠷᠠᠯᠠᠯ ᠤᠨ | ᠪᠦᠲᠦᠭᠡᠭᠳᠡᠬᠦᠨ ᠬᠢᠳᠡᠭ᠂ ᠪᠢᠳᠡ ᠤᠯᠠᠮᠵᠢᠯᠠᠯᠲᠤ ᠰᠦᠨᠢᠳ ᠲᠡᠷᠯᠢᠭ ᠬᠢᠬᠦ ᠪᠠᠷ ᠭᠤᠣᠯᠯᠠᠳᠠᠭ ᠪᠥᠭᠡᠳ ᠵᠣᠴᠢᠳ ᠤᠨ | ᠱᠠᠭᠠᠷᠳᠠᠯᠭ᠎ᠠ ᠪᠠᠷ ᠰᠢᠨ᠎ᠡ ᠮᠠᠶ᠋ᠢᠭ ᠤᠨ ᠠᠷᠠᠰᠤᠨ ᠬᠤᠪᠴᠠᠰᠤ ᠬᠢᠳᠡᠭ︾ᠭᠡᠯᠡ᠃ | 2022 ᠣᠨ ᠳᠤ ︽ᠪᠦᠬᠦ ᠤᠯᠤᠰ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠳᠠᠭᠠᠭᠤᠯᠤᠭᠴᠢ︾ | ᠶᠢᠨ ᠢᠷᠠᠭᠤ ᠠᠯᠳᠠᠷ ᠢ ᠬᠦᠷᠳᠡᠭᠰᠡᠨ ᠨᠢ ᠭᠡᠷᠡᠯᠮ᠎ᠡ ᠳᠤ ᠤᠯᠠᠮ ᠵᠤᠷᠢᠭ ᠦᠭᠴᠦ᠂ ︽ᠦᠨᠳᠦᠰᠦᠲᠡᠨ ᠤ | ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠵᠡᠷᠭᠡᠪᠡᠷ ᠨᠡᠩ ᠤᠯᠠᠨ ᠮᠠᠯᠴᠢᠳ ᠢᠶᠠᠨ ᠳᠠᠭᠠᠭᠤᠯᠤᠨ | ᠬᠠᠮᠳᠤᠪᠡᠷ ᠪᠠᠶᠠᠵᠢᠶᠡ︾ ᠬᠡᠮᠡᠨ ᠵᠤᠷᠢᠵᠤ᠂ ᠤᠯᠠᠮᠵᠢᠯᠠᠯᠳᠤ ᠤᠷ᠎ᠠ ᠮᠡᠷᠭᠡᠵᠢᠯ ᠢ ᠤᠳᠤ ᠦᠶ᠎ᠡ ᠶᠢᠨ ᠨᠡᠶᠢᠭᠡᠮ ᠤᠨ | ᠭᠡᠷᠡᠭᠴᠡᠭᠡᠨ ᠳᠤ ᠵᠤᠬᠢᠴᠠᠭᠤᠯᠤᠨ᠂ ᠤᠯᠠᠮ ᠤᠯᠠᠨ ᠰᠢᠨ᠎ᠡ ᠪᠦᠲᠦᠭᠡᠭᠳᠡᠬᠦᠨ ᠤᠷᠠᠯᠠᠬᠤ ᠬᠡᠵᠦ ᠬᠠᠯᠠᠰᠢᠷᠠᠯ ᠦᠬᠡᠢ | ᠰᠤᠷᠤᠯᠴᠠᠵᠤ ᠶᠠᠪᠤᠭ᠎ᠠ ᠤᠷᠤᠯᠳᠤᠯᠭ᠎ᠠ ᠲᠠᠢ ᠵᠤᠷᠢᠮᠠᠭ ᠪᠦᠰᠡᠭᠦᠢ ᠪᠠᠶᠢᠯ᠎ᠠ᠃ | ᠮᠠᠯᠴᠢᠨ ᠭᠡᠷᠡᠯᠮ᠎ᠡ᠄ ︽ᠳᠠᠷᠠᠭᠠᠴᠢ ᠪᠠᠷ ᠪᠢᠳᠡ ᠡᠷᠬᠢᠨ ᠲᠣᠭᠤᠷᠢᠨ ᠤ ᠮᠠᠯᠴᠢᠳ ᠢ ᠳᠠᠶᠢᠴᠢᠯᠠᠨ | ᠰᠤᠷᠤᠯᠴᠠᠯᠭ᠎ᠠ ᠶᠢ ᠢᠯᠡᠭᠦᠬᠡᠨ ᠴᠢᠬᠤᠯᠠᠴᠢᠯᠠᠵᠤ᠂ ᠨᠠᠩ ᠣᠯᠠᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠬᠢᠵᠦ᠂ | ᠡᠷᠬᠢᠨ ᠲᠣᠭᠤᠷᠢᠨ ᠤ ᠮᠠᠯᠴᠢᠳ ᠢ ᠬᠠᠪᠰᠤᠷᠤᠨ ᠬᠤᠶᠠᠳᠤᠭᠠᠷ ᠠᠵᠤ ᠦᠢᠯᠡᠰ ᠤᠨ ᠲᠠᠯ᠎ᠠ ᠶᠢᠨ ᠳᠠᠪᠠᠭᠤᠯᠢᠭ ᠢ | ᠬᠦᠭᠵᠢᠬᠦᠯᠵᠦ ᠣᠷᠣᠯᠭ᠎ᠠ ᠶᠢ ᠨᠢ ᠨᠡᠮᠡᠭᠳᠡᠭᠦᠯᠦᠨ᠎ᠡ︾ ᠭᠡᠵᠦ ᠰᠤᠷᠪᠤᠯᠵᠢᠯᠠᠭᠴᠢ ᠳᠤ ᠶᠠᠷᠢᠪᠠ᠃ | ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠪᠣᠯᠤᠭᠰᠠᠨ ᠤ ᠬᠤᠪᠢ ᠳᠤ᠂ ᠭᠡᠷᠡᠯᠮ᠎ᠠ ᠥᠪᠡᠷ ᠤᠨ | ᠰᠤᠷᠤᠯᠴᠠᠯᠭ᠎ᠠ ᠪᠠᠨ ᠴᠢᠬᠤᠯᠠᠴᠢᠯᠠᠬᠤ ᠪᠠᠷ ᠪᠠᠷᠠᠬᠤ ᠦᠭᠡᠢ᠂ ᠨᠠᠮ ᠤᠨ ᠭᠡᠰᠢᠭᠦᠨ ᠤ ᠬᠠᠷᠢᠭᠤᠴᠠᠯᠭ᠎ᠠ ᠶᠢ ᠢᠳᠡᠪᠬᠢᠲᠡᠢ | ᠭᠦᠢᠴᠡᠳᠬᠡᠵᠦ᠂ ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠠᠷᠢᠭᠤᠴᠠᠵᠤ ᠪᠠᠶᠢᠭ᠎ᠠ ᠨᠠᠮ ᠤᠨ ᠭᠡᠰᠢᠭᠦᠨ ᠪᠣᠯᠣᠨ ᠬᠡᠰᠡᠭ ᠮᠠᠯᠴᠢᠳ ᠢ ᠵᠣᠬᠢᠶᠠᠨ | ᠪᠠᠶᠢᠭᠤᠯᠤᠨ ᠨᠠᠮ ᠤᠨ ᠡᠯ᠎ᠡ ᠲᠦᠷᠦᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠮᠠᠯᠵᠢᠬᠤ ᠣᠷᠣᠨ ᠤ | ᠬᠡᠷᠡᠭᠯᠡᠭᠡᠨ ᠤ ᠮᠡᠷᠭᠡᠵᠢᠯ ᠢ ᠨᠠᠷᠢᠨ ᠬᠢᠨᠠᠮᠠᠭᠠᠢ ᠰᠤᠷᠤᠯᠴᠠᠵᠤ᠂ ᠭᠠᠴᠠᠭᠠᠨ ᠤ ᠨᠠᠮ ᠤᠨ ᠭᠡᠰᠢᠭᠦᠨ ᠣᠯᠠᠨ ᠲᠦᠮᠡᠨ ᠤ | ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ ᠪᠠ ᠠᠮᠢᠳᠤᠷᠠᠯ ᠢᠶᠠᠨ ᠴᠢᠨᠡᠭᠡᠯᠢᠭᠵᠢᠬᠦᠯᠬᠦ ᠴᠢᠳᠠᠪᠤᠷᠢ | ᠳᠤᠷᠰᠢᠯᠭ᠎ᠠ ᠶᠢ ᠳᠡᠭᠡᠭᠰᠢᠯᠡᠭᠦᠯᠵᠦ᠂ ᠭᠠᠴᠠᠭᠠᠨ ᠤ ᠡᠮᠡᠭᠲᠡᠶᠢᠴᠦᠳ ᠢ ᠪᠠᠶᠢᠩᠭᠤ ᠲᠠᠶᠢᠴᠢᠯᠠᠨ᠂ ᠰᠤᠮᠤ ᠭᠠᠴᠠᠭᠠᠨ | ᠠᠴᠠ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠠᠵᠢᠯᠯᠠᠭ᠎ᠠ ᠳᠤ ᠤᠷᠤᠯᠴᠠᠭᠤᠯᠵᠤ᠂ ᠡᠮᠡᠭᠲᠡᠶᠢᠴᠦᠳ ᠤᠨ | ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠭᠠᠴᠠᠭᠠᠨ ᠤ ᠬᠤᠶᠠᠷ | ᠵᠥᠪᠯᠡᠯ ᠢ ᠬᠠᠪᠰᠤᠷᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ | ᠦᠷᠨᠢᠬᠦᠯᠬᠦ ᠵᠡᠷᠭᠡ ᠪᠠᠷ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠬᠦᠢᠴᠡᠳᠭᠡᠬᠦ ᠶᠢᠨ ᠬᠠᠮᠳᠤ ᠥᠪᠡᠷ ᠤᠨ ᠠᠮᠢᠳᠤᠷᠠᠯ ᠢᠶᠠᠨ ᠬᠢᠯᠠᠷᠠᠳᠠᠯ᠎ᠠ ᠠᠪᠴᠤ ᠶᠠᠪᠤᠨ᠂ ᠦᠷᠦᠭᠡᠯ ᠪᠤᠰᠤᠳ ᠲᠤ | ᠴᠦ ᠬᠤᠶᠢᠰᠢ ᠦᠬᠡᠢ ᠳᠤᠰᠠᠯᠠᠵᠤ ᠶᠠᠪᠤᠭ᠎ᠠ ᠶᠤᠮ᠃ | ᠮᠠᠯᠴᠢᠨ ᠭᠡᠷᠡᠯᠮ᠎ᠡ᠄ ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠪᠣᠯᠤᠭᠰᠠᠨ ᠤ ᠬᠤᠪᠢ ᠳᠤ᠂ ᠪᠢ | ᠨᠠᠮ ᠤᠨ ᠬᠠᠶᠢᠷ᠎ᠠ ᠬᠠᠯᠠᠮᠵᠢ ᠶᠢ ᠤᠯᠠᠨᠳᠠ ᠭᠥᠷᠳᠡᠭᠰᠡᠨ ᠶᠤᠮ᠂ ᠬᠤᠶᠢᠰᠢᠳᠠ ᠥᠪᠡᠷ ᠤᠨ ᠰᠤᠷᠤᠯᠴᠠᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠪᠦᠯᠬᠦᠮᠳᠡᠭᠦᠯᠦᠨ | ᠳᠠᠶᠢᠴᠢᠯᠠᠬᠤ ᠦᠢᠯᠡᠳᠦᠯ ᠢ ᠤᠯᠠᠮ ᠢᠶᠠᠷ ᠪᠠᠳᠠᠷᠠᠭᠤᠯᠤᠨ᠎ᠠ︾ ᠭᠡᠯᠡ᠃ | |