ᠴᠧᠨ ᠢᠦᠢ ᠴᠧᠩ ᠦᠨᠳᠦᠰᠦᠲᠡᠨ ᠨᠦᠭᠦᠳ ᠤᠨ ᠬᠠᠮᠲᠤ ᠶᠢᠨ ᠪᠦᠯᠬᠦᠮᠳᠡᠯ ᠲᠡᠮᠡᠴᠡᠯ ᠴᠡᠴᠡᠭᠯᠡᠯ ᠬᠥᠭᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠭᠰᠨ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠢᠦᠢ ᠴᠧᠩ ᠨᠠᠮ ᠤᠨ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠵᠢᠴᠢ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠳᠤ ᠭᠤᠣᠯ ᠰᠡᠳᠦᠪᠲᠦ ᠨᠠᠮ ᠤᠨ ᠬᠢᠴᠢᠶᠡᠯ  ᠤᠷᠤᠵᠠᠢ᠃       ᠴᠧᠨ ᠢᠦᠢ ᠴᠧᠩ᠂ ︽ᠬᠤᠶᠠᠷ ᠬᠠᠷᠠᠭᠠᠰᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠲᠦᠷᠪᠡᠨ ᠵᠠᠶᠢᠯᠠᠰᠢ ᠦᠭᠡᠢ ᠱᠠᠭᠠᠷᠳᠠᠯᠭ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠢ ᠲᠠᠨᠢᠵᠤ ᠪᠠᠲᠤ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠡᠵᠡᠮᠰᠢᠵᠦ ᠪᠠᠲᠤ ᠪᠤᠢ ᠪᠣᠯᠭᠠᠬᠤ ᠦᠢᠯᠡᠳᠦᠯᠭᠡ ᠶᠢᠨ ᠱᠠᠭᠠᠷᠳᠠᠯᠭ᠎ᠠ︾ ᠭᠡᠬᠦ ᠭᠤᠷᠪᠠᠨ ᠠᠭᠤᠯᠭ᠎ᠠ ᠪᠠᠷ ᠳᠠᠶᠢᠯᠤᠮᠵᠢ ᠬᠢᠭᠰᠡᠨ ᠤ ᠬᠠᠮᠳᠤ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠯᠢ ᠬᠦᠷᠢᠶ᠎ᠡ ᠶᠢ ᠬᠠᠷᠢᠭᠤᠴᠠᠵᠤ᠂ ᠶᠠᠮᠠᠷ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠭᠰᠡᠨ ᠴᠦ ᠴᠥᠮ ᠤᠯᠤᠰ ᠲᠦᠷᠦ ᠶᠢᠨ ᠪᠠᠶᠢᠭᠤᠯᠭ᠎ᠠ ᠶᠢᠨ ᠨᠢᠭᠡᠳᠦᠭᠡᠷ ᠰᠢᠨᠵᠢ ᠴᠢᠨᠠᠷ ᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠢ ᠡᠯ᠎ᠡ ᠵᠦᠢᠯ ᠤᠨ ᠠᠵᠢᠯ ᠳᠠᠭᠠᠨ ᠪᠦᠲᠦᠮᠵᠢᠲᠡᠢ ᠲᠤᠤᠱᠯᠠᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ᠰᠥᠨᠢᠳ ᠪᠠᠷᠠᠭᠤᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ 1815 ᠢᠨᠵᠧᠨᠧᠷᠢᠩ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠪᠠ ︽ᠳᠤᠯᠤᠭᠠᠨ ᠵᠢᠱᠢᠶ᠎ᠡ ᠦᠵᠡᠬᠦᠯᠬᠦ︾ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠬᠡᠷᠬᠢᠨ ᠨᠡᠩ ᠪᠣᠳᠠᠲᠠᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠭᠦᠨᠵᠡᠭᠡᠢ ᠰᠡᠳᠬᠢᠨ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠯᠤᠰ ᠲᠦᠷᠦ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ ᠪᠠᠷᠢᠮᠲᠠᠯᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠭᠵᠢᠯᠲᠡ ᠶᠢ  ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠶᠤᠨ ᠰᠠᠨᠠᠭᠠᠨ ᠤ ᠰᠠᠭᠤᠷᠢ ᠶᠢ ᠪᠠᠲᠤᠳᠬᠠᠨ ᠪᠠᠬᠢᠵᠢᠭᠦᠯᠬᠦ ᠬᠡᠷᠡᠭᠲᠡᠢ᠃ ᠣᠶᠤᠨ ᠤ ᠪᠣᠯᠪᠠᠰᠤᠨ ᠤ ᠪᠠᠶᠢᠭᠤᠯᠤᠯᠲᠠ  ᠶᠢ ᠴᠢᠩᠭᠠᠳᠬᠠᠵᠤ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠣᠷᠢᠭ ᠰᠠᠨᠠᠭᠠᠨ ᠤ ᠰᠠᠭᠤᠷᠢ ᠶᠢ ᠪᠠᠲᠤᠳᠬᠠᠬᠤ ᠳᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠬᠤ ᠪᠠᠷ ᠭᠠᠷᠳᠠᠴᠠ ᠪᠣᠯᠭᠠᠨ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠨᠡᠶᠢᠭᠡᠮ ᠤᠨ ᠰᠠᠭᠤᠷᠢ ᠶᠢ  ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ  ᠃      ᠲᠤᠰ ᠤᠳᠠᠭᠠᠨ ᠤ ᠨᠠᠮ ᠤᠨ ᠬᠢᠴᠢᠶᠡᠯ ᠢᠶᠠᠷ ᠳᠡᠮᠵᠢᠨ᠂ ᠪᠥᠬᠦ ᠬᠤᠰᠢᠭᠤᠨ ᠤ ᠰᠠᠯᠠᠭᠠᠨ ᠲᠠᠰ ᠤᠨ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨᠵᠡᠭᠡᠢ ᠠᠭᠤᠯᠤᠭᠳᠠᠬᠤᠨ ᠳᠤ ᠨᠠᠩ ᠪᠥᠬᠦ ᠲᠠᠯ᠎ᠠ ᠶᠢᠨ᠂ ᠨᠠᠩ ᠭᠦᠨᠵᠡᠭᠡᠢ ᠲᠠᠨᠢᠯᠲᠠ ᠲᠠᠢ ᠪᠣᠯᠵᠤ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ  ᠶᠢ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠬᠤ  ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠣᠯᠣᠨ ᠴᠢᠩ ᠰᠡᠳᠬᠢᠯ ᠤᠨ ᠨᠠᠶᠢᠳᠠᠯᠭ᠎ᠠ ᠶᠢ ᠦᠨᠡᠨᠬᠦ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠤᠰ ᠲᠥᠷᠥ ᠶᠢᠨ ᠴᠢᠳᠠᠪᠤᠷᠢ᠂ ᠰᠡᠳᠬᠢᠬᠦ ᠴᠢᠳᠠᠪᠤᠷᠢ᠂ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠰᠢᠨ᠎ᠡ ᠶᠢ ᠡᠭᠦᠳᠦᠨ ᠨᠡᠭᠡᠭᠡᠯᠲᠡ ᠬᠢᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠦᠢᠯᠡᠳᠦᠯᠭᠡ ᠶᠢᠨ ᠳᠤᠮᠳᠠ ᠬᠠᠷᠢᠭᠤᠴᠠᠯᠭ᠎ᠠ ᠪᠠᠨ ᠢᠯᠡᠷᠡᠭᠦᠯᠦᠨ᠎ᠡ  ᠭᠡᠵᠦ ᠢᠯᠡᠷᠭᠡᠶᠢᠯᠡᠵᠡᠬᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号