ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/14
   ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ ᠨᠠᠮ ᠤᠨ ᠲᠥᠪ ᠬᠤᠷᠢᠶ᠎ᠠ ᠠᠴᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠰᠢᠯᠭᠠᠷᠠᠭᠤᠯᠤᠨ ᠣᠯᠭᠤᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠭᠠᠪᠢᠶᠠᠲᠤ ᠵᠢᠱᠢᠶᠡᠴᠢ ᠬᠥᠮᠥᠰ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃    ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠥᠰ ᠢ ᠬᠠᠮᠤᠭ ᠤᠨ ᠳᠡᠭᠡᠳᠦ ᠪᠠᠷᠢᠮᠵᠢᠶ᠎ᠠ ᠪᠠᠷ ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠦ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠰᠤᠷᠤᠯᠴᠠᠬᠤ᠂ ᠪᠠᠭᠠᠲᠤᠷᠴᠤᠳ ᠢ ᠬᠦᠨᠳᠦᠳᠬᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃    ︽ᠮᠡᠳᠡᠭᠳᠡᠯ︾ ᠳᠤ ᠨᠡᠷ᠎ᠡ ᠳᠤᠷᠠᠳᠬᠤ ᠵᠢᠱᠢᠭᠳᠡᠭᠴᠢ ᠶᠢᠨ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ ᠴᠥᠮ ᠨᠡᠷ᠎ᠡ ᠳᠤᠷᠠᠳᠴᠤ ᠪᠣᠯᠣᠨ᠎ᠠ᠂ ᠨᠥᠬᠦᠴᠡᠯ ᠳᠤ ᠨᠡᠶᠢᠴᠡᠭᠰᠡᠨ ᠨᠠᠰᠤ ᠪᠠᠷᠠᠭᠰᠠᠨ ᠬᠥᠮᠥᠨ ᠳᠤ ᠨᠡᠬᠡᠮᠵᠢᠯᠡᠨ ᠣᠯᠭᠤᠵᠤ ᠪᠣᠯᠣᠨ᠎ᠠ᠃ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠲᠤ ᠨᠡᠷ᠎ᠡ ᠳᠤᠷᠠᠳᠬᠤ ᠵᠢᠱᠢᠭᠳᠡᠭᠴᠢ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠯᠤᠲᠤ ᠶᠡᠭᠡ ᠬᠤᠪᠢ ᠨᠡᠮᠡᠷᠢ ᠦᠵᠡᠭᠦᠯᠵᠦ᠂ ᠭᠠᠷᠮᠠᠭᠠᠢ ᠭᠠᠪᠢᠶ᠎ᠠ ᠪᠠᠶᠢᠭᠤᠯᠤᠭᠰᠠᠨ᠂ ᠡᠷᠬᠢᠮ ᠳᠡᠭᠡᠳᠦ ᠶᠣᠰᠣ ᠮᠣᠷᠠᠯ ᠵᠠᠩ ᠴᠢᠨᠠᠷ ᠲᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ᠃ ︽ᠨᠥᠬᠦᠷᠯᠡᠯ ᠤᠨ ᠭᠠᠪᠢᠶᠠᠨ ᠲᠡᠮᠳᠡᠭ︾ ᠲᠤ ᠨᠡᠷ᠎ᠡ ᠳᠤᠷᠠᠳᠬᠤ ᠵᠢᠱᠢᠭᠳᠡᠭᠴᠢ ᠨᠢ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠳᠤᠮᠳᠠ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ᠂ ᠳᠤᠮᠳᠠᠳᠤ ᠤᠯᠤᠰ ᠲᠤ ᠣᠷᠳᠣ ᠬᠤᠭᠤᠴᠠᠭ᠎ᠠ ᠪᠠᠷ ᠨᠥᠭᠦᠷᠰᠡᠭ᠂ ᠰᠠᠶᠢᠨ ᠰᠠᠶᠢᠬᠠᠨ ᠨᠡᠷ᠎ᠡ ᠠᠯᠳᠠᠷ ᠲᠠᠢ ᠭᠠᠳᠠᠭᠠᠳᠤ ᠶᠢᠨ ᠬᠥᠮᠥᠨ ᠪᠠᠶᠢᠬᠤ ᠬᠡᠷᠡᠭᠲᠡᠢ᠃ ᠤᠯᠤᠰ ᠤᠨ ᠢᠷᠠᠭᠤ ᠠᠯᠳᠠᠷ ᠤᠨ ᠴᠣᠯᠠ ᠳᠤ ᠨᠡᠷ᠎ᠡ ᠳᠤᠷᠠᠳᠬᠤ ᠵᠢᠱᠢᠭᠳᠡᠭᠴᠢ ᠨᠢ ᠠᠵᠤ ᠠᠬᠤᠢ᠂ ᠨᠡᠶᠢᠭᠡᠮ᠂ ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ ᠬᠠᠷᠢᠯᠴᠠᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶ᠎ᠡ ᠡᠯ᠎ᠡ ᠠᠵᠢᠯ ᠲᠥᠷᠥᠯ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠡᠷᠬᠢᠮ ᠳᠡᠭᠡᠳᠦ ᠨᠡᠷ᠎ᠡ ᠬᠦᠨᠳᠦ ᠲᠠᠢ᠂ ᠡᠷᠬᠢᠮ ᠳᠡᠭᠡᠳᠦ ᠶᠣᠰᠣ ᠮᠣᠷᠠᠯ ᠵᠠᠩ ᠴᠢᠨᠠᠷ ᠲᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ᠃    ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠪᠠᠶᠢᠷᠢᠯᠠᠭᠤᠯᠤᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠵᠥᠪ ᠴᠢᠭᠯᠡᠯ ᠢ ᠡᠵᠡᠮᠳᠡᠵᠦ᠂ ᠨᠡᠷ᠎ᠡ ᠳᠤᠷᠠᠳᠤᠭᠳᠠᠭᠰᠠᠨ ᠬᠥᠮᠥᠰ ᠤᠨ ᠲᠡᠷᠢᠭᠦᠨ ᠤ ᠴᠢᠨᠠᠷ᠂ ᠲᠥᠯᠥᠭᠡᠯᠡᠬᠦ ᠴᠢᠨᠠᠷ ᠪᠠ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠪᠠᠶᠢᠩᠭᠤ ᠶᠢᠨ ᠢᠯᠡᠷᠡᠯ ᠢ ᠪᠦᠭᠦ ᠲᠠᠯ᠎ᠠ ᠪᠠᠷ ᠬᠢᠨᠠᠨ ᠰᠢᠯᠭᠠᠵᠤ᠂ ᠤᠯᠤᠰ ᠲᠥᠷᠥ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠰᠠᠶᠢᠲᠤᠷ ᠰᠠᠬᠢᠬᠤ ᠶᠢ ᠳᠣᠪᠤᠶᠢᠯᠭᠠᠵᠤ᠂ ᠪᠣᠳᠠᠲᠠᠢ ᠬᠤᠪᠢ ᠨᠡᠮᠡᠷᠢ ᠪᠠᠷ ᠴᠢᠬᠤᠯᠠ ᠦᠨᠡᠯᠡᠬᠦ ᠪᠠᠷᠢᠮᠵᠢᠶ᠎ᠠ ᠪᠤᠯᠭᠠᠵᠤ᠂ ᠢᠯᠡ ᠲᠣᠳᠣ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠴᠤ᠂ ᠰᠠᠶᠢᠨ ᠤ ᠳᠤᠮᠳᠠ ᠠᠴᠠ ᠰᠢᠯᠢᠳᠡᠭ ᠢ ᠨᠢ ᠰᠣᠩᠭᠤᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号