ᠮᠠᠨ ᠤ ᠬᠤᠰᠢᠭᠤ ᠴᠡᠴᠡᠷᠯᠢᠭ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/3/15
     ᠤᠶᠢᠷ᠎ᠠ ᠶᠢᠨ ᠡᠳᠦᠷ᠂ ᠬᠤᠰᠢᠭᠤ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠬᠢᠨ ᠮᠠᠨ ᠤ ᠬᠤᠰᠢᠭᠤᠨ ᠎ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠡᠨᠡᠳᠲᠡ ᠶᠢᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ᠂ ᠠᠮᠤᠷ ᠲᠦᠪᠰᠢᠨ ᠤ ᠬᠡᠮ ᠰᠣᠭᠤᠭ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠯ᠎ᠡ ᠬᠤᠯᠪᠣᠭᠳᠠᠯ ᠪᠦᠬᠦᠢ ᠴᠠᠭᠳᠠᠭᠠᠨ ᠤ ᠲᠥᠷᠥᠯ ᠤᠨ ᠬᠢᠨ ᠤᠷᠢᠳ ᠬᠤᠵᠢᠳ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠪᠣᠯᠣᠨ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂  ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠬᠦᠴᠦᠨ ᠤ ᠲᠣᠬᠢᠷᠠᠭᠤᠯᠤᠯᠲᠠ᠂ ᠰᠤᠷᠭᠠᠭᠤᠯᠢ ᠶᠢᠨ ᠡᠭᠦᠳᠡᠨ ᠭᠡᠷ ᠤᠨ ᠠᠮᠤᠷ ᠲᠦᠪᠰᠢᠨ ᠤ ᠬᠠᠮᠢᠶᠠᠷᠤᠯᠲᠠ᠂ ᠲᠦᠭᠰᠢᠭᠦᠷᠢ  ᠮᠡᠳᠡᠭᠦᠯᠬᠦ‍ ᠨᠢᠭᠡ ᠳᠠᠷᠤᠭᠤᠯ ᠤᠨ ᠰᠢᠰᠲ᠋ᠧᠮ᠂  ᠬᠢᠨᠠᠨ ᠡᠵᠡᠮᠳᠡᠬᠦ ᠳᠤᠷᠠᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠᠯᠳᠤᠭ᠎ᠠ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠠᠵᠠᠷ ᠲᠤ ᠨᠠᠷᠢᠨ ᠨᠢᠮᠪᠠᠢ ᠪᠠᠶᠢᠴᠠᠭᠠᠯᠲᠠ  ᠬᠢᠭᠰᠡᠨ ᠤ ᠬᠠᠮᠲᠤ ᠪᠠᠶᠢᠴᠠᠭᠠᠯᠲᠠ ᠳᠤ ᠢᠯᠡᠷᠡᠭᠦᠯᠦᠭᠰᠡᠨ ᠳᠠᠯᠳᠠ ᠬᠡᠮ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ  ᠠᠷᠢᠯᠭᠠᠭᠰᠠᠨ ᠪᠠᠶᠢᠨ᠎ᠠ  ᠃      ᠳᠠᠷᠠᠭᠠᠴᠢ ᠶᠢᠨ ᠠᠯᠬᠤᠮ ᠳᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ︾ ᠵᠠᠷᠴᠢᠮ ᠢᠶᠠᠷ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ  ᠨᠠᠷᠢᠯᠢᠭ ᠪᠣᠳᠠᠲᠠᠢ ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠲᠤᠶᠢᠯᠪᠤᠷᠢᠲᠠᠢ ᠠᠷᠢᠯᠭᠠᠨ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠬᠡᠦᠬᠡᠳ ᠤᠳ ᠲᠤ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠯ ᠲᠠᠢ᠂ ᠡᠮᠬᠢ ᠵᠢᠷᠤᠮ ᠲᠠᠢ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠤᠯᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号