2024 ᠣᠨ ᠤ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/19
     ᠣᠶᠢᠷ᠎ᠠ ᠶᠢᠨ ᠡᠳᠦᠷ᠂ 2024 ᠣᠨ ᠤ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠮᠠᠨ ᠤ ᠬᠤᠰᠢᠭᠤᠨ ᠳᠤ ᠵᠢᠩᠬᠢᠨᠢ ᠪᠠᠷ ᠬᠢᠴᠢᠶᠡᠯ ᠡᠬᠢᠯᠡᠪᠡ᠃      ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠰᠢᠭᠤ ᠰᠤᠷᠭᠠᠨ ᠬᠥᠮᠦᠵᠢᠯ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠴᠢᠬᠤᠯᠠᠴᠢᠯᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠦᠷᠳᠡᠭᠡᠨ ᠴᠢᠨᠠᠷᠯᠢᠭ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠰᠠᠭᠤᠷᠢ ᠲᠤᠯᠭᠠᠭᠤᠷᠢᠯᠠᠯ ᠮᠥᠨ᠃  ᠪᠤᠯᠪᠠᠰᠤᠷᠠᠯ ᠳᠤ ᠤᠷᠤᠯᠴᠠᠭᠰᠠᠳ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠯᠴᠠᠬᠤ ᠤᠬᠠᠮᠰᠠᠷ ᠢᠶᠠᠨ ᠴᠢᠩᠭᠠᠳᠬᠠᠵᠤ᠂ ᠲᠤᠰ ᠤᠳᠠᠭᠠᠨ ᠤ ᠰᠤᠷᠤᠯᠴᠠᠬᠤ ᠲᠣᠬᠢᠶᠠᠯ ᠢ ᠰᠠᠶᠢᠲᠤᠷ ᠠᠰᠢᠭᠯᠠᠨ᠂ ᠨᠢᠭᠡᠨ ᠪᠠᠭᠰᠢ ᠪᠣᠯᠬᠤ ᠦᠨᠳᠦᠰᠦᠨ ᠴᠢᠳᠠᠪᠤᠷᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠰᠢᠨ᠎ᠡ ᠮᠡᠳᠡᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠠᠭ᠎ᠠ ᠪᠠᠨ ᠥᠷᠭᠡᠳᠬᠡᠵᠦ᠂ ᠰᠢᠨ᠎ᠡ ᠦᠵᠡᠯ ᠰᠠᠨᠠᠭ᠎ᠠ ᠪᠠᠨ ᠪᠣᠯᠪᠠᠰᠤᠷᠠᠭᠤᠯᠵᠤ᠂ ᠮᠡᠳᠡᠯᠭᠡ ᠶᠢᠨ ᠬᠡᠪ ᠪᠣᠯᠪᠠᠰᠤᠷᠠᠯ ᠢᠶᠠᠨ ᠨᠡᠩ ᠪᠦᠬᠦ ᠲᠠᠯ᠎ᠠ ᠶᠢᠨ᠂ ᠣᠨᠣᠯ ᠤᠨ ᠬᠠᠷᠠᠭ᠎ᠠ ᠪᠠᠨ ᠨᠡᠩ ᠥᠷᠭᠡᠨ ᠪᠣᠯᠭᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃      ᠪᠣᠯᠪᠠᠰᠤᠷᠠᠯ ᠳᠤ ᠤᠯᠤᠰ ᠤᠨ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠦᠭᠡ ᠬᠡᠯᠡ ᠦᠰᠦᠭ ᠪᠢᠴᠢᠭ ᠢ ᠬᠢᠨᠠᠨ ᠵᠢᠯᠣᠭᠤᠳᠬᠤ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠭᠡᠰᠢᠬᠦᠨ᠂ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠢᠯᠣᠭᠤᠳᠣᠭᠴᠢ᠂ ᠤᠯᠤᠰ ᠤᠨ ᠳᠡᠰ ᠤᠨ ᠨᠡᠶᠢᠲᠡᠯᠢᠭ ᠬᠡᠯᠡᠨ ᠤ ᠰᠢᠯᠭᠠᠭᠴᠢ ᠸᠠᠩ ᠵᠢᠶᠦ᠋ᠨ ᠰᠢᠶᠠ ᠪᠠᠭᠰᠢ ᠪᠣᠯᠤᠨ ᠶᠢᠩ ᠵᠢᠶᠦ᠋ᠨ ᠪᠠᠭᠰᠢ ᠶᠢ ᠵᠠᠯᠠᠵᠦ᠂ ᠲᠤᠰ ᠲᠤᠰ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠪᠣᠯᠤᠨ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠦᠶ᠎ᠡ︾ ᠭᠡᠬᠦ ᠰᠡᠳᠦᠪ ᠤᠨ ᠲᠤᠭᠤᠷᠢᠨ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠨᠡᠶᠢᠲᠡᠯᠢᠭ ᠬᠡᠯᠡᠨ ᠤ ᠠᠪᠢᠶᠠᠨ ᠤ ᠦᠨᠳᠦᠰᠦᠨ ᠮᠡᠳᠡᠯᠭᠡ ᠵᠡᠷᠭᠡ ᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠳᠠ ᠬᠢᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠢᠴᠢᠶᠡᠯ ᠤᠨ ᠠᠭᠤᠯᠭ᠎ᠠ ᠨᠢ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠬᠤ᠂ ᠨᠡᠶᠢᠲᠡᠯᠢᠭ ᠬᠡᠯᠡᠨ ᠤ ᠮᠡᠳᠡᠯᠭᠡ᠂ ᠨᠡᠶᠢᠲᠡᠯᠢᠭ ᠬᠡᠯᠡᠨ ᠤ ᠰᠢᠯᠭᠠᠯᠲᠠ ᠶᠢᠨ ᠠᠭᠤᠯᠭ᠎ᠠ ᠵᠢᠴᠢ ᠬᠡᠷᠡᠭᠯᠡᠭᠡᠨ ᠤ ᠤᠷ᠎ᠠ ᠮᠡᠷᠭᠡᠵᠢᠯ ᠵᠡᠷᠭᠡ ᠲᠠᠯ᠎ᠠ ᠳᠤ ᠬᠤᠯᠪᠣᠭᠳᠠᠵᠠᠢ᠃      ᠣᠯᠠᠨ ᠢᠶᠠᠷ ᠢᠶᠠᠨ ᠬᠢᠯᠪᠠᠷ ᠪᠤᠰᠤ ᠪᠠᠷ ᠣᠯᠤᠭᠰᠠᠨ ᠰᠤᠷᠤᠯᠴᠠᠬᠤ ᠲᠣᠬᠢᠶᠠᠯ ᠢ ᠮᠠᠰᠢ ᠨᠠᠨᠳᠢᠩᠨᠠᠵᠤ᠂ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠢᠳᠡᠪᠬᠢᠲᠡᠢ ᠪᠠᠷ ᠰᠣᠯᠢᠯᠴᠠᠵᠤ᠂ ᠪᠣᠳᠠᠲᠠᠢ ᠪᠣᠯᠪᠠᠰᠤᠷᠠᠯ ᠢ ᠢᠯᠡᠭᠦᠬᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠨᠠᠷᠯᠢᠭ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠪᠦᠬᠦ ᠬᠤᠰᠢᠭᠤᠨ ᠤ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠲᠤᠰᠬᠠᠢ ᠪᠠᠭᠰᠢ ᠪᠠ ᠬᠡᠦᠬᠡᠳ ᠤᠨ ᠠᠰᠠᠷᠠᠭᠴᠢ᠂ ᠡᠷᠢᠶᠡᠨ ᠬᠤᠲᠠ ᠪᠣᠯᠤᠨ ᠰᠥᠨᠢᠳ ᠵᠡᠭᠦᠨ ᠬᠤᠰᠢᠭᠤᠨ ᠤ ᠪᠠᠭᠰᠢ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号