ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠫᠦᠲ᠋ᠢᠨ ᠤ ᠤᠷᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/3/19
   ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡ 3 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠦᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃    ᠰᠢ ᠶᠢᠨ ᠫᠢᠩ᠂ ᠣᠶᠢᠷ᠎ᠠ ᠶᠢᠨ ᠵᠢᠯ ᠳᠤ᠂ ᠤᠷᠤᠰ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠥᠷᠢᠰᠦᠯᠳᠦᠭᠡᠨ ᠢ ᠢᠯᠠᠨ ᠳᠠᠪᠠᠵᠤ᠂ ᠤᠯᠤᠰ ᠤᠨ ᠬᠥᠭᠵᠢᠯ ᠮᠠᠨᠳᠤᠯ ᠤᠨ ᠵᠠᠮ ᠳᠡᠭᠡᠷ᠎ᠡ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠲᠠ ᠳᠠᠬᠢᠨᠲᠠ ᠰᠣᠩᠭᠤᠭᠳᠠᠭᠰᠠᠨ ᠨᠢ ᠣᠷᠣᠰ ᠤᠨ ᠠᠷᠠᠳ ᠲᠦᠮᠡᠨ ᠲᠠᠨ ᠢ ᠳᠠᠮᠵᠢᠵᠤ ᠪᠠᠶᠢᠬᠤ ᠶᠢ ᠭᠦᠢᠴᠡᠳ ᠬᠠᠷᠠᠭᠤᠯᠪᠠ᠃ ᠲᠠᠨ ᠤ ᠤᠳᠤᠷᠢᠳᠤᠯᠭ᠎ᠠ ᠳᠣᠣᠷ᠎ᠠ᠂ ᠣᠷᠣᠰ ᠯᠠᠪᠲᠠᠢ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠠᠮᠵᠢᠯᠲᠠ ᠶᠢ ᠣᠯᠵᠤ ᠴᠢᠳᠠᠬᠤ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠤᠷᠤᠰ ᠤᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号