ᠯᠢ ᠵᠢᠶ ᠹᠧᠩ
ᠨᠡᠶᠢᠲᠡᠯᠡᠭᠰᠡᠨ ᠴᠠᠭ᠄
2024/3/20
    ᠯᠢ ᠵᠢᠶ ᠹᠧᠩ᠂ ᠡᠷᠡᠭᠲᠡᠶ᠂ ᠬᠢᠲᠠᠳ ᠦᠨᠳᠦᠰᠦᠲᠡᠨ᠂ 1985 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠵᠦᠩ ᠢ ᠺᠣᠮᠫᠠᠨᠢ ︵ᠪᠡᠭᠡᠵᠢᠩ ᠤᠨ ᠠᠭᠠᠷ ᠤᠨ ᠠᠶᠠᠯᠠᠯ ᠤᠨ ᠢᠳᠡᠭᠡᠨ ᠤ ᠺᠣᠮᠫᠠᠨᠢ︶ ᠶᠢᠨ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠡᠪᠯᠡᠯ ᠤᠨ ᠬᠤᠷᠢᠶᠠᠨ ᠤ ᠱᠦᠵᠢ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠵᠥᠩ ᠢ ᠺᠣᠮᠫᠠᠨᠢ ᠶᠢᠨ ᠴᠦᠩᠴᠢᠩ ᠤᠨ ᠠᠭᠠᠷ ᠠᠶᠠᠯᠠᠯ ᠤᠨ ᠢᠳᠡᠭᠡᠨ ᠤ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠶᠢᠵᠤ ᠥᠩᠭᠡᠷᠡᠵᠡᠶ᠃     ᠬᠤᠰᠢᠭᠤ ᠳᠠᠷᠤᠭ᠎ᠠ ᠶᠢ ᠬᠠᠪᠰᠤᠷᠤᠨ ᠬᠤᠳᠠᠯᠳᠤᠭᠠᠨ ᠤ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ᠂  ᠬᠤᠰᠢᠭᠤ ᠳᠡᠳ᠋ ᠳᠠᠷᠤᠭ᠎ᠠ ᠬᠠᠰᠪᠠᠭᠠᠲᠤᠷ ᠢ  ᠬᠠᠮᠵᠢᠨ ᠰᠥᠨᠢᠳ ᠪᠠᠷᠠᠭᠤᠨ ᠬᠤᠰᠢᠭᠤᠨ ᠤ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠥᠲᠥᠭᠡᠨ ᠪᠠᠶᠢᠭᠤᠯᠬᠤ ᠲᠤᠰᠬᠠᠶ ᠠᠵᠢᠯ ᠤᠨ ᠳᠤᠭᠤᠶᠢᠯᠠᠩ ᠤᠨ ᠠᠵᠢᠯ ᠢ ᠬᠠᠷᠢᠭᠤᠴᠠᠨ᠎ᠠ᠃ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠵᠤ᠂ ᠬᠤᠰᠢᠭᠤᠨ ᠳᠡᠳ᠋ ᠳᠠᠷᠤᠭ᠎ᠠ ᠲᠠᠢ ᠭᠤᠣᠯᠳᠠᠯᠭ᠎ᠠ ᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶ᠎ᠡ ᠴᠠᠷᠠᠭ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃    ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号