ᠠᠩᠬᠠᠳᠤᠭᠠᠷ ᠬᠤᠭᠤᠴᠠᠭᠠᠨ ᠤ ︽ᠭᠤᠸ᠎ᠠ ᠮᠡᠷᠭᠡᠨ︾ ᠬᠤᠨᠳᠠᠭᠠᠳᠤ  ᠡᠮᠡᠭᠳᠡᠢ ᠶᠢᠨ ᠰᠤᠷ ᠬᠠᠷᠪᠤᠯᠳᠠ ᠶᠢᠨ ᠤᠷᠤᠯᠳᠤᠭᠠᠨ ᠶᠠᠪᠤᠭᠳᠠᠭᠰᠠᠨ
ᠨᠡᠶᠢᠲᠡᠯᠡᠭᠰᠡᠨ ᠴᠠᠭ᠄
2024/3/4
     ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ᠂ ᠰᠤᠷ ᠬᠠᠷᠪᠤᠯᠲᠠ ᠶᠢᠨ ᠨᠡᠶᠢᠭᠡᠮᠯᠢᠭ ᠬᠠᠮᠳᠤᠷᠠᠨ ᠠᠩᠬᠠᠳᠤᠭᠠᠷ ᠬᠤᠭᠤᠴᠠᠭᠠᠨ ᠤ  ︽ ᠭᠤᠸ᠎ᠠ ᠮᠡᠷᠭᠡᠨ︾ ᠬᠤᠨᠳᠠᠭᠠᠳᠤ ᠡᠮᠡᠭᠲᠡᠢ ᠶᠢᠨ ᠰᠤᠷ ᠬᠠᠷᠪᠤᠯᠲᠠ ᠶᠢᠨ ᠤᠷᠤᠯᠳᠤᠭᠠᠨ ᠢ ᠵᠤᠬᠢᠶᠠᠨ ᠪᠠᠶᠢᠭᠤᠯᠤᠨ ᠦᠷᠨᠢᠬᠦᠯᠵᠦ ᠂  ᠰᠢᠨ᠎ᠡ ᠴᠠᠭ ᠦᠶ᠎ᠡ ᠶᠢᠨ ᠡᠮᠡᠭᠳᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ︽3 · 8︾᠎ ᠤ ᠡᠮᠡᠭᠲᠡᠶᠢᠴᠦᠳ ᠤᠨ ᠪᠠᠶᠠᠷ ᠎ ᠢ ᠤᠭᠳᠤᠨ ᠪᠡᠯᠭᠡᠯᠡᠯ᠎ᠡ᠃      ᠠᠵᠢᠯᠯᠠᠭ᠎ᠠ ᠳᠤ᠂ 30 ᠮᠧᠲᠷ ᠤᠨ ᠰᠠᠷᠠᠨ ᠫᠠᠢ ᠬᠠᠷᠪᠤᠬᠤ ᠬᠤᠪᠢ ᠬᠦᠮᠦᠨ ᠤ ᠤᠷᠤᠯᠳᠤᠭᠠᠨ ᠪᠠ ᠬᠠᠮᠳᠤ ᠨᠢᠭᠡᠴᠡ ᠶᠢᠨ ᠤᠷᠤᠯᠳᠤᠭᠠᠨ ᠬᠤᠪᠢᠶᠠᠨ ᠶᠠᠪᠤᠭᠳᠠᠭᠤᠯᠵᠤ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠠᠪᠠᠭ᠎ᠠ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠳᠥᠷᠪᠡᠳ ᠬᠤᠰᠢᠭᠤ ᠵᠡᠷᠭᠡ ᠡᠯ᠎ᠡ ᠬᠤᠰᠢᠭᠤ ᠰᠢᠶᠠᠨ ᠤ ᠵᠢᠷᠠᠭᠠᠳ ᠰᠤᠷᠴᠢᠳ ᠢᠳᠡᠪᠬᠢᠯᠡᠨ ᠣᠷᠣᠯᠴᠠᠵᠠᠢ᠃      ᠤᠯᠠᠨ ᠢᠶᠠᠷ ᠢᠶᠠᠨ ᠮᠤᠩᠭᠤᠯ ᠬᠤᠪᠴᠠᠰᠤ ᠵᠠᠰᠠᠯ ᠢᠶᠠᠷ ᠢᠶᠠᠨ ᠭᠤᠶᠤᠯᠠᠨ᠂   ᠨᠤᠮᠤ ᠰᠠᠭᠠᠳᠠᠭ ᠢᠶᠠᠨ ᠠᠭᠰᠠᠵᠤ᠂  ᠡᠷᠬᠢᠮᠰᠦᠭ ᠭᠤᠸ᠎ᠠ ᠲᠦᠷᠬᠦ ᠪᠠᠷ ᠡᠮᠡᠭᠳᠡᠶᠢᠴᠦᠳ ᠤᠨ ᠴᠤᠭ ᠵᠢᠪᠬᠤᠭ᠎ᠠ ᠶᠢ ᠢᠯᠡᠷᠡᠬᠦᠯᠦᠨ᠂ ᠠᠪᠬᠠᠯᠵᠢ ᠰᠠᠮᠪᠠᠭ᠎ᠠ᠂ ᠤᠷ᠎ᠠ ᠮᠡᠷᠭᠡᠰᠢᠯ ᠢᠶᠠᠷ ᠢᠶᠠᠨ ᠦᠷᠢᠰᠦᠯᠳᠦᠭᠰᠡᠨ ᠤ ᠡᠴᠦᠰ ᠲᠤ᠂ ᠬᠤᠪᠢ ᠬᠥᠮᠥᠨ ᠤ ᠤᠷᠤᠯᠳᠤᠭᠠᠨ ᠳᠤ ᠰᠥᠨᠢᠳ ᠵᠡᠭᠦᠨ ᠬᠤᠰᠢᠭᠤᠨ ᠤ ᠬᠠᠰᠴᠢᠮᠡᠭ  ᠲᠡᠷᠢᠬᠦᠯᠡᠨ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠵᠤᠯᠠᠴᠢᠮᠡᠭ ᠳᠡᠳ᠋ᠯᠡᠨ᠂ ᠡᠷᠢᠶᠡᠨ ᠬᠤᠳᠠ ᠶᠢᠨ ᠳᠤᠭᠤᠷ ᠭᠤᠷᠪᠠᠳᠤᠭᠠᠷ ᠲᠤ ᠳᠤᠳᠤᠷᠠᠵᠠᠢ᠃  ᠬᠠᠮᠳᠤ ᠨᠢᠭᠡᠴᠡ ᠶᠢᠨ ᠤᠷᠤᠯᠳᠤᠭᠠᠨ ᠳᠤ᠂ ᠮᠠᠨ ᠤ ᠬᠤᠰᠢᠭᠤᠨ ᠤ  ᠨᠢᠭᠡᠳᠦᠭᠡᠷ ᠲᠦᠯᠦᠭᠡᠯᠡᠭᠴᠢᠳ ᠤᠨ ᠪᠠᠭ ᠲᠡᠷᠢᠬᠦᠯᠡᠵᠦ᠂ ᠰᠥᠨᠢᠳ ᠵᠡᠭᠦᠨ ᠬᠤᠰᠢᠭᠤᠨ ᠤ ᠲᠥᠯᠥᠭᠡᠯᠡᠭᠴᠢᠳ ᠤᠨ ᠪᠠᠭ ᠳᠡᠳ᠋ᠯᠡᠨ᠂ ᠡᠷᠢᠶᠡᠨ ᠬᠤᠲᠠ ᠶᠢᠨ ᠲᠥᠯᠥᠭᠡᠯᠡᠭᠴᠢᠳ ᠤᠨ ᠪᠠᠭ ᠭᠤᠷᠪᠠᠳᠤᠭᠠᠷ ᠲᠤ ᠳᠤᠳᠤᠷᠠᠨ᠂ ᠮᠠᠨ ᠤ ᠬᠤᠰᠢᠭᠤᠨ ᠤ ᠬᠤᠶᠠᠳᠤᠭᠠᠷ ᠲᠥᠯᠥᠭᠡᠯᠡᠭᠴᠢᠳ ᠤᠨ ᠪᠠᠭ ᠳᠥᠷᠪᠡᠳᠦᠭᠡᠷ ᠲᠤ  ᠳᠤᠳᠤᠷᠠᠵᠠᠢ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ ᠥᠷᠭᠡᠨ ᠣᠯᠠᠨ ᠡᠮᠡᠭᠲᠡᠶᠢᠴᠦᠳ ᠤᠨ ᠤᠶᠤᠨ ᠰᠠᠨᠠᠭ᠎ᠠ ᠰᠤᠶᠤᠯ ᠎ ᠤᠨ ᠠᠮᠢᠳᠤᠷᠠᠯ ᠢ ᠪᠠᠶᠠᠯᠢᠭᠵᠢᠭᠤᠯᠤᠨ᠂ ᠦᠨᠳᠦᠰᠦᠳᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠡᠷᠴᠢ ᠵᠣᠷᠢᠭ ᠢ ᠨᠢ ᠬᠥᠪᠴᠢᠯᠡᠵᠦ᠂ ᠴᠤᠭ ᠰᠦᠯᠳᠡ ᠶᠢ ᠨᠢ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠬᠦᠯᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号