ᠮᠠᠨ ᠤ ᠬᠤᠰᠢᠭᠤ ︽ᠴᠢᠬᠢ ᠪᠠᠨ ᠬᠠᠮᠠᠭᠠᠯᠠᠬᠤ ᠡᠳᠦᠷ︾᠎ ᠤᠨ ᠭᠤᠤᠯ ᠰᠡᠳᠦᠪᠳᠦ ᠰᠢᠷᠢᠰ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/3/4
     3 ᠰᠠᠷ᠎ᠠ ᠶᠢᠨ 3᠎ ᠤ ᠡᠳᠦᠷ ᠪᠣᠯ ᠪᠦᠬᠦ ᠤᠯᠤᠰ ᠤᠨ 25  ᠎ ᠳᠠᠬᠢ ︽ᠴᠢᠬᠢ ᠪᠠᠨ ᠬᠠᠮᠠᠭᠠᠯᠠᠬᠤ ᠡᠳᠦᠷ︾ ᠪᠣᠯᠣᠨ᠎ᠠ᠃ ᠮᠠᠨ ᠤ ᠬᠤᠰᠢᠭᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠷ ᠢ ᠳᠡᠮᠵᠢᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪ ᠢᠶᠠᠷ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠤᠨᠤᠰᠬᠠᠯ ᠤᠨ ᠪᠡᠷᠭᠡᠰᠢᠶᠡᠯ ᠲᠠᠢ ᠬᠥᠮᠥᠰ ᠲᠤ ᠬᠦᠰᠡᠯ ᠡᠷᠡᠮᠡᠯᠵᠡᠯ ᠤᠯᠭᠤᠭᠰᠠᠨ ᠪᠠᠶᠢᠨ᠎ᠠ᠃      ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯᠯᠠᠭᠠᠨ ᠤ ᠲᠠᠰᠤᠭ ᠲᠤ᠂ ᠰᠤᠨᠤᠰᠬᠠᠯ ᠤᠨ ᠪᠡᠷᠭᠡᠰᠢᠶᠡᠯ ᠲᠠᠢ ᠬᠥᠮᠥᠰ ᠲᠤ ᠦᠨ᠎ᠡ ᠲᠦᠯᠦᠪᠦᠷᠢ ᠦᠭᠡᠢ ᠪᠠᠷ ᠰᠤᠨᠤᠷ ᠳᠤᠳᠤᠳᠬᠠᠭᠤᠷ ᠲᠦᠭᠡᠭᠡᠭᠦ ᠠᠵᠢᠯᠯᠠᠭ᠎ᠠ ᠶᠠᠪᠤᠭᠳᠠᠨ᠂ ᠮᠡᠷᠭᠡᠵᠢᠯ ᠤᠨ ᠠᠵᠢᠯᠲᠠᠳ ᠬᠡᠷᠡᠭᠯᠡᠬᠦ ᠠᠷᠭ᠎ᠠ᠂ ᠵᠡᠭᠦᠬᠦ ᠠᠷᠭ᠎ᠠ ᠪᠠ ᠠᠷᠠᠴᠢᠯᠠᠬᠤ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠵᠤ ᠪᠠᠶᠢᠯ᠎ᠠ᠃  ᠰᠠᠶᠢᠬᠠᠨᠲᠠᠯ᠎ᠠ ᠪᠠᠯᠭᠠᠰᠤᠨ ᠤ ᠰᠠᠭᠤᠭᠠᠯᠢ ᠠᠷᠠᠳ ᠰᠦᠨ ᠰᠢᠸ ᠶᠦᠨ ᠨᠠᠰᠤᠲᠠᠨ ᠴᠢᠬᠢᠨ ᠤ ᠡᠪᠡᠳᠴᠢᠨ ᠳᠤ ᠨᠡᠷᠪᠡᠭᠳᠡᠭᠡᠳ ᠣᠯᠠᠨ ᠵᠢᠯ ᠪᠣᠯᠵᠤ ᠪᠠᠶᠢᠨ᠎ᠠ᠂ ᠨᠢᠳᠤᠨᠤᠨ ᠬᠤᠰᠢᠭᠤ ᠵᠡᠮᠳᠡᠭᠴᠦᠳ ᠤᠨ ᠬᠤᠯᠪᠤᠭᠠᠨ ᠤ ᠬᠠᠪᠰᠤᠷᠤᠯᠭ᠎ᠠ ᠪᠠᠷ ᠰᠦᠢᠳᠬᠡᠯ ᠬᠤᠷᠢᠶᠠᠬᠤ ᠦᠭᠡᠢ ᠪᠠᠷ ᠰᠣᠨᠣᠷ ᠲᠤᠳᠤᠤᠡᠬᠠᠭᠤᠷ ᠲᠠᠭᠠᠷᠠᠭᠤᠯᠵᠤ᠂ ᠠᠮᠢᠳᠤᠷᠠᠯ ᠳᠤ ᠨᠢ ᠮᠠᠰᠢ ᠶᠡᠭᠡ ᠲᠦᠭᠦᠮ ᠪᠤᠯᠤᠭᠰᠠᠨ ᠲᠡᠷᠡ᠂ ᠡᠨᠡ ᠵᠢᠯ ᠳᠠᠬᠢᠨ ᠰᠠᠶᠢᠨ ᠴᠢᠮᠡᠭᠡ ᠳᠤᠭᠤᠯᠤᠭᠠᠳ ᠬᠦᠷᠴᠦ ᠢᠷᠡᠭᠰᠡᠨ ᠪᠠᠶᠢᠯ᠎ᠠ᠃       ᠰᠦᠨ ᠰᠢᠸ ᠶᠦᠨ ᠨᠠᠰᠤᠲᠠᠨ ᠲᠠᠢ ᠠᠳᠠᠯᠢ ᠪᠠᠷ  ᠰᠤᠨᠤᠰᠬᠠᠯ ᠤᠨ ᠪᠡᠷᠭᠡᠰᠢᠶᠡᠯ ᠲᠠᠢ ᠬᠤᠷᠢᠭᠠᠳ ᠬᠦᠮᠦᠨ ᠳᠠᠩᠰᠠᠯᠠᠭᠤᠯᠬᠤ ᠪᠠᠷ ᠮᠦᠷᠯᠡᠨ ᠬᠦᠯᠢᠶᠡᠵᠦ ᠪᠠᠶᠢᠯ᠎ᠠ᠃  ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ᠂ ᠰᠠᠶᠢᠨ ᠲᠦᠷᠦ ᠶᠢᠨ ᠪᠤᠳᠤᠯᠭ᠎ᠠ ᠨᠢ ᠳᠡᠳᠡᠨ ᠳᠤ ᠲᠦᠯᠡᠢ ᠪᠠᠯᠠᠷ ᠦᠪᠡᠷ ᠤᠨ ᠶᠢᠷᠳᠢᠨᠴᠦ ᠠᠴᠠ ᠪᠠᠨ ᠰᠠᠯᠵᠤ᠂ ᠨᠡᠶᠢᠭᠡᠮ ᠤᠨ ᠰᠤᠨᠢᠨ ᠰᠠᠶᠢᠬᠠᠨ ᠢ ᠰᠤᠨᠤᠰᠬᠤ ᠪᠤᠯᠤᠮᠵᠢ ᠤᠯᠭᠤᠨ᠂ ᠠᠮᠢᠳᠤᠷᠠᠯ ᠳᠤ ᠨᠢ ᠰᠠᠶᠢᠨ ᠰᠠᠶᠢᠬᠠᠨ ᠡᠷᠡᠮᠡᠯᠵᠡᠯ ᠪᠤᠢ ᠪᠤᠯᠭᠠᠯ᠎ᠠ᠃       ᠣᠯᠠᠨ ᠲᠦᠮᠡᠨ ᠳᠤ ᠴᠢᠬᠢᠨ ᠤ ᠡᠷᠡᠭᠦᠯ ᠮᠡᠨᠳᠦ ᠶᠢ ᠠᠩᠬᠠᠷᠤᠭᠤᠯᠵᠤ᠂  ᠡᠳᠦᠷ ᠲᠤᠲᠤᠮ ᠤᠨ ᠬᠠᠮᠠᠭᠠᠯᠠᠯᠳᠠ ᠎ ᠶᠢ ᠰᠠᠶᠢᠳᠤᠷ ᠬᠢᠬᠦ ᠤᠬᠠᠮᠰᠠᠷ ᠢ ᠪᠤᠢ ᠪᠤᠯᠭᠠᠬᠤ ᠶᠢᠨ ᠲᠦᠯᠦᠬᠡ᠂ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ᠎ ᠨᠢ ᠪᠠᠰᠠ  ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠳᠤᠷᠠᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠬᠠᠭᠤᠳᠠᠰᠤ ᠳᠠᠷᠬᠠᠭᠠᠨ᠂ ᠤᠯᠠᠨ ᠲᠦᠮᠡᠨ ᠳᠤ ᠴᠢᠬᠢ ᠱᠤᠤᠭᠢᠬᠤ᠂ ᠰᠣᠨᠣᠷ ᠮᠠᠭᠤᠳᠠᠬᠤ᠂ ᠲᠣᠯᠣᠭᠠᠢ ᠡᠷᠭᠢᠬᠦ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠳᠠᠶᠢᠯᠪᠤᠷᠢᠯᠠᠵᠠᠢ᠃ ᠡᠮᠴᠢ ᠰᠤᠪᠢᠯᠠᠭᠴᠢᠳ ᠠᠯᠪᠠᠨ ᠵᠢᠷᠤᠮ ᠤᠨ ᠡᠮᠴᠢᠯᠡᠬᠡᠨ ᠤ ᠠᠵᠢᠯᠯᠠᠭ᠎ᠠ ᠦᠷᠨᠢᠬᠦᠯᠦᠨ᠂ ᠣᠯᠠᠨ ᠲᠦᠮᠡᠨ ᠳᠤ ᠴᠢᠬᠢᠨ ᠤ ᠡᠷᠡᠭᠦᠯ ᠮᠡᠨᠳᠦ ᠶᠢᠨ ᠪᠠᠶᠢᠴᠠᠭᠠᠯᠲᠠ ᠪᠠ ᠰᠣᠨᠣᠷ ᠤᠨ ᠪᠠᠶᠢᠴᠠᠭᠠᠯᠲᠠ ᠬᠢᠵᠦ᠂ ᠰᠣᠨᠣᠷ ᠢᠶᠠᠨ ᠬᠠᠮᠠᠭᠠᠯᠠᠬᠤ ᠠᠷᠭ᠎ᠠ ᠵᠢᠴᠢ ᠴᠢᠬᠢᠨ ᠤ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠬᠠᠯᠠᠰᠢᠷᠠᠯ ᠦᠭᠡᠢ ᠲᠠᠶᠢᠯᠪᠤᠷᠢᠯᠠᠨ᠂ ᠣᠯᠠᠨ ᠲᠦᠮᠡᠨ ᠳᠤ ᠦᠨᠳᠦᠰᠦᠨ ᠰᠣᠨᠣᠷ ᠤᠨ ᠡᠷᠡᠭᠦᠯ ᠮᠡᠨᠳᠦ᠂ ᠠᠮᠢᠳᠤᠷᠠᠯ ᠤᠨ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠲᠡᠳᠡᠨ ᠤ ᠵᠥᠪ ᠣᠨᠣᠪᠴᠢᠲᠠᠶ ᠡᠪᠡᠳᠴᠢᠨ ᠦᠵᠡᠭᠦᠯᠬᠦ ᠣᠶᠢᠯᠠᠭᠠᠭᠳᠠᠬᠤᠨ ᠢ ᠬᠥᠮᠥᠵᠢᠭᠦᠯᠦᠨ  ᠂ ᠰᠣᠨᠣᠷ ᠤᠨ ᠡᠷᠡᠭᠦᠯ ᠮᠡᠨᠳᠦ ᠶᠢᠨ ᠲᠤᠬᠠᠢ ᠰᠢᠨ᠎ᠡ ᠲᠠᠨᠢᠯᠲᠠ ᠲᠠᠢ ᠪᠣᠯᠭᠠᠵᠠᠢ᠃       ︽ᠪᠢᠳᠡ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠣᠯᠠᠨ ᠤ ᠴᠢᠬᠢᠨ ᠤ ᠡᠷᠡᠭᠦᠯ ᠮᠡᠨᠳᠦ ᠶᠢ ᠠᠩᠬᠠᠷᠤᠯ ᠳᠤ ᠪᠠᠨ ᠠᠪᠴᠤ᠂ ᠪᠦᠬᠦ ᠨᠡᠶᠢᠭᠡᠮ ᠤᠨ ᠰᠣᠨᠣᠷ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠨ᠂ ᠰᠣᠨᠣᠷ ᠤᠨ ᠬᠤᠬᠢᠷᠠᠯ ᠪᠠ ᠵᠡᠮᠳᠡᠭ  ᠪᠤᠯᠬᠤ ᠶᠢ ᠪᠠᠭᠠᠰᠬᠠᠨ ᠬᠢᠵᠠᠭᠠᠷᠯᠠᠵᠤ᠂ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠤᠬᠠᠮᠰᠠᠷ ᠢ ᠪᠤᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ︾ ᠭᠡᠵᠦ ᠬᠤᠰᠭᠤ ᠵᠡᠮᠳᠡᠭᠴᠦᠳ ᠤᠨ ᠬᠤᠯᠪᠣᠭᠠᠲᠤ ᠬᠤᠷᠠᠯ ᠤᠨ  ᠠᠵᠢᠯᠳᠠᠨ ᠶᠠᠷᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号