ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ᠂ ᠰᠤᠷ ᠬᠠᠷᠪᠤᠯᠲᠠ ᠶᠢᠨ ᠨᠡᠶᠢᠭᠡᠮᠯᠢᠭ | ᠬᠠᠮᠳᠤᠷᠠᠨ ᠠᠩᠬᠠᠳᠤᠭᠠᠷ ᠬᠤᠭᠤᠴᠠᠭᠠᠨ ᠤ ︽ ᠭᠤᠸ᠎ᠠ ᠮᠡᠷᠭᠡᠨ︾ ᠬᠤᠨᠳᠠᠭᠠᠳᠤ ᠡᠮᠡᠭᠲᠡᠢ ᠶᠢᠨ ᠰᠤᠷ | ᠬᠠᠷᠪᠤᠯᠲᠠ ᠶᠢᠨ ᠤᠷᠤᠯᠳᠤᠭᠠᠨ ᠢ ᠵᠤᠬᠢᠶᠠᠨ ᠪᠠᠶᠢᠭᠤᠯᠤᠨ ᠦᠷᠨᠢᠬᠦᠯᠵᠦ ᠂ ᠰᠢᠨ᠎ᠡ ᠴᠠᠭ ᠦᠶ᠎ᠡ ᠶᠢᠨ | ᠡᠮᠡᠭᠳᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ︽3 · 8︾ ᠤ ᠡᠮᠡᠭᠲᠡᠶᠢᠴᠦᠳ ᠤᠨ ᠪᠠᠶᠠᠷ ᠢ | ᠤᠭᠳᠤᠨ ᠪᠡᠯᠭᠡᠯᠡᠯ᠎ᠡ᠃ | ᠠᠵᠢᠯᠯᠠᠭ᠎ᠠ ᠳᠤ᠂ 30 ᠮᠧᠲᠷ ᠤᠨ ᠰᠠᠷᠠᠨ ᠫᠠᠢ ᠬᠠᠷᠪᠤᠬᠤ ᠬᠤᠪᠢ ᠬᠦᠮᠦᠨ ᠤ ᠤᠷᠤᠯᠳᠤᠭᠠᠨ ᠪᠠ ᠬᠠᠮᠳᠤ | ᠨᠢᠭᠡᠴᠡ ᠶᠢᠨ ᠤᠷᠤᠯᠳᠤᠭᠠᠨ ᠬᠤᠪᠢᠶᠠᠨ ᠶᠠᠪᠤᠭᠳᠠᠭᠤᠯᠵᠤ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ | ᠠᠪᠠᠭ᠎ᠠ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ | ᠬᠤᠰᠢᠭᠤ᠂ ᠳᠥᠷᠪᠡᠳ ᠬᠤᠰᠢᠭᠤ ᠵᠡᠷᠭᠡ ᠡᠯ᠎ᠡ ᠬᠤᠰᠢᠭᠤ ᠰᠢᠶᠠᠨ ᠤ ᠵᠢᠷᠠᠭᠠᠳ ᠰᠤᠷᠴᠢᠳ ᠢᠳᠡᠪᠬᠢᠯᠡᠨ | ᠣᠷᠣᠯᠴᠠᠵᠠᠢ᠃ | ᠤᠯᠠᠨ ᠢᠶᠠᠷ ᠢᠶᠠᠨ ᠮᠤᠩᠭᠤᠯ ᠬᠤᠪᠴᠠᠰᠤ ᠵᠠᠰᠠᠯ ᠢᠶᠠᠷ ᠢᠶᠠᠨ ᠭᠤᠶᠤᠯᠠᠨ᠂ ᠨᠤᠮᠤ ᠰᠠᠭᠠᠳᠠᠭ ᠢᠶᠠᠨ | ᠠᠭᠰᠠᠵᠤ᠂ ᠡᠷᠬᠢᠮᠰᠦᠭ ᠭᠤᠸ᠎ᠠ ᠲᠦᠷᠬᠦ ᠪᠠᠷ ᠡᠮᠡᠭᠳᠡᠶᠢᠴᠦᠳ ᠤᠨ ᠴᠤᠭ ᠵᠢᠪᠬᠤᠭ᠎ᠠ ᠶᠢ ᠢᠯᠡᠷᠡᠬᠦᠯᠦᠨ᠂ ᠠᠪᠬᠠᠯᠵᠢ | ᠰᠠᠮᠪᠠᠭ᠎ᠠ᠂ ᠤᠷ᠎ᠠ ᠮᠡᠷᠭᠡᠰᠢᠯ ᠢᠶᠠᠷ ᠢᠶᠠᠨ ᠦᠷᠢᠰᠦᠯᠳᠦᠭᠰᠡᠨ ᠤ ᠡᠴᠦᠰ ᠲᠤ᠂ ᠬᠤᠪᠢ ᠬᠥᠮᠥᠨ ᠤ ᠤᠷᠤᠯᠳᠤᠭᠠᠨ ᠳᠤ | ᠰᠥᠨᠢᠳ ᠵᠡᠭᠦᠨ ᠬᠤᠰᠢᠭᠤᠨ ᠤ ᠬᠠᠰᠴᠢᠮᠡᠭ ᠲᠡᠷᠢᠬᠦᠯᠡᠨ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ | ᠵᠤᠯᠠᠴᠢᠮᠡᠭ ᠳᠡᠳ᠋ᠯᠡᠨ᠂ ᠡᠷᠢᠶᠡᠨ ᠬᠤᠳᠠ ᠶᠢᠨ ᠳᠤᠭᠤᠷ ᠭᠤᠷᠪᠠᠳᠤᠭᠠᠷ ᠲᠤ ᠳᠤᠳᠤᠷᠠᠵᠠᠢ᠃ ᠬᠠᠮᠳᠤ ᠨᠢᠭᠡᠴᠡ ᠶᠢᠨ | ᠤᠷᠤᠯᠳᠤᠭᠠᠨ ᠳᠤ᠂ ᠮᠠᠨ ᠤ ᠬᠤᠰᠢᠭᠤᠨ ᠤ ᠨᠢᠭᠡᠳᠦᠭᠡᠷ ᠲᠦᠯᠦᠭᠡᠯᠡᠭᠴᠢᠳ ᠤᠨ ᠪᠠᠭ ᠲᠡᠷᠢᠬᠦᠯᠡᠵᠦ᠂ ᠰᠥᠨᠢᠳ | ᠵᠡᠭᠦᠨ ᠬᠤᠰᠢᠭᠤᠨ ᠤ ᠲᠥᠯᠥᠭᠡᠯᠡᠭᠴᠢᠳ ᠤᠨ ᠪᠠᠭ ᠳᠡᠳ᠋ᠯᠡᠨ᠂ ᠡᠷᠢᠶᠡᠨ ᠬᠤᠲᠠ ᠶᠢᠨ ᠲᠥᠯᠥᠭᠡᠯᠡᠭᠴᠢᠳ ᠤᠨ ᠪᠠᠭ | ᠭᠤᠷᠪᠠᠳᠤᠭᠠᠷ ᠲᠤ ᠳᠤᠳᠤᠷᠠᠨ᠂ ᠮᠠᠨ ᠤ ᠬᠤᠰᠢᠭᠤᠨ ᠤ ᠬᠤᠶᠠᠳᠤᠭᠠᠷ ᠲᠥᠯᠥᠭᠡᠯᠡᠭᠴᠢᠳ ᠤᠨ ᠪᠠᠭ | ᠳᠥᠷᠪᠡᠳᠦᠭᠡᠷ ᠲᠤ ᠳᠤᠳᠤᠷᠠᠵᠠᠢ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ ᠥᠷᠭᠡᠨ ᠣᠯᠠᠨ ᠡᠮᠡᠭᠲᠡᠶᠢᠴᠦᠳ ᠤᠨ ᠤᠶᠤᠨ ᠰᠠᠨᠠᠭ᠎ᠠ ᠰᠤᠶᠤᠯ | ᠤᠨ ᠠᠮᠢᠳᠤᠷᠠᠯ ᠢ ᠪᠠᠶᠠᠯᠢᠭᠵᠢᠭᠤᠯᠤᠨ᠂ ᠦᠨᠳᠦᠰᠦᠳᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ | ᠳᠡᠯᠭᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ | ᠠᠭᠤᠰᠤᠯᠴᠠᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠡᠷᠴᠢ | ᠵᠣᠷᠢᠭ ᠢ ᠨᠢ ᠬᠥᠪᠴᠢᠯᠡᠵᠦ᠂ ᠴᠤᠭ ᠰᠦᠯᠳᠡ ᠶᠢ ᠨᠢ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ | ᠡᠮᠡᠭᠲᠡᠶᠢᠴᠦᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠬᠦᠯᠵᠡᠢ᠃ |