| ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ᠶᠢᠨ ᠳᠠᠯᠠᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠰᠥᠨᠢᠳ ᠪᠠᠷᠠᠭᠤᠨ | ᠬᠤᠰᠢᠭᠤᠨ ᠤ ᠰᠠᠶᠢᠬᠠᠨᠲᠠᠯ᠎ᠠ ᠪᠠᠯᠭᠠᠰᠤᠨ ᠤ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠭᠰᠡᠨ | ᠦᠷ᠎ᠡ ᠳ᠋ᠦᠩ ᠢ ᠢᠯᠡ ᠨᠡᠶᠢᠲᠡᠯᠡᠶ᠎ᠡ᠃ | ᠬᠦᠷᠭᠡᠨ ᠪᠠᠶᠢᠴᠠᠭᠠᠭᠰᠠᠨ ᠨᠢᠭᠡᠴᠡ᠄ ᠰᠥᠨᠢᠳ ᠪᠠᠷᠠᠭᠤᠨ ᠬᠤᠰᠢᠭᠤᠨ ᠤ ᠤᠰᠤ ᠬᠠᠩᠭᠠᠬᠤ ᠤᠰᠤ ᠵᠠᠯᠠᠬᠤ | ᠺᠣᠮᠫᠠᠨᠢ᠃ | ᠠᠮᠢᠳᠤᠷᠠᠯ ᠤᠨ ᠤᠤᠭᠤᠬᠤ ᠤᠰᠤ ᠶᠢ ᠪᠠᠶᠢᠴᠠᠭᠠᠨ ᠰᠢᠯᠭᠠᠭᠰᠠᠨ ᠴᠠᠭ᠄ 2023 ᠣᠨ ᠤ 7 ᠰᠠᠷ᠎ᠠ ᠠᠴᠠ 9 | ᠰᠠᠷ᠎ᠠ ᠪᠣᠯᠲᠠᠯ᠎ᠠ᠃ | ᠤᠰᠤᠨ ᠤ ᠴᠢᠨᠠᠷ ᠤᠨ ᠥᠯᠢᠭᠡᠷ ᠡᠳ᠋ ᠤᠨ ᠢᠷᠡᠯᠲᠡ᠄ ᠦᠢᠯᠡᠳᠪᠦᠷᠢ ᠠᠴᠠ ᠭᠠᠷᠬᠤ ᠤᠰᠤ | ᠤᠰᠤᠨ ᠤ ᠴᠢᠨᠠᠷ ᠢ ᠬᠢᠨᠠᠨ ᠬᠡᠮᠵᠢᠭᠰᠡᠨ ᠮᠡᠳᠡᠭᠦᠯᠦᠯᠲᠡ ᠬᠢᠵᠦ ᠥᠭᠬᠦ ᠨᠢᠭᠡᠴᠡ᠄ ᠰᠢᠯᠢ ᠶᠢᠨ ᠬᠤᠲᠠ ᠶᠢᠨ ᠵᠢᠩ | ᠶᠤᠸᠠᠨ ᠤᠰᠤ ᠬᠠᠩᠭᠠᠵᠤ ᠭᠠᠳᠠᠭᠰᠢᠯᠠᠭᠤᠯᠬᠤ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠬᠢᠵᠠᠭᠠᠷᠲᠤ ᠺᠣᠮᠫᠠᠨᠢ | ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠤ ᠢᠯᠡᠳᠬᠡᠭᠰᠡᠨ ᠢᠶᠠᠷ᠄ ᠠᠮᠢᠳᠤᠷᠠᠯ ᠤᠨ | ᠤᠤᠭᠤᠬᠤ ᠤᠰᠤ᠂ ᠮᠢᠺᠷᠣᠪ ᠤᠨ ᠭᠦᠢᠴᠡᠳᠬᠡᠬᠦ ᠲᠤᠭ᠎ᠠ᠂ ᠬᠤᠣᠷ ᠵᠦᠢ ᠶᠢᠨ ᠭᠦᠢᠴᠡᠳᠬᠡᠯ ᠲᠤᠭ᠎ᠠ᠂ ᠰᠠᠴᠤᠷᠠᠭ | ᠢᠳᠡᠪᠬᠢ ᠴᠢᠨᠠᠷ ᠤᠨ ᠭᠦᠢᠴᠡᠳᠬᠡᠯ ᠲᠤᠭ᠎ᠠ᠂ ᠰᠡᠷᠡᠯ ᠤᠨ ᠡᠷᠬᠡᠲᠡᠨ ᠤ ᠳᠦᠷᠰᠦ ᠪᠠᠶᠢᠳᠠᠯ ᠪᠣᠯᠣᠨ ᠠᠷᠢᠭᠤᠳᠬᠠᠬᠤ | ᠡᠮ ᠤᠨ ᠭᠦᠢᠴᠡᠳᠬᠡᠯ ᠲᠤᠭ᠎ᠠ ᠵᠡᠷᠭᠡ 42 ᠵᠦᠢᠯ ᠤᠨ ᠭᠦᠢᠴᠡᠳᠬᠡᠯ ᠲᠤᠭ᠎ᠠ ᠳᠤ ᠪᠠᠶᠢᠴᠠᠭᠠᠨ ᠬᠡᠮᠵᠢᠯᠲᠡ ᠬᠢᠵᠡᠢ᠃ | ᠪᠠᠶᠢᠴᠠᠭᠠᠨ ᠰᠢᠯᠭᠠᠭᠰᠠᠨ ᠲᠡᠮᠳᠡᠭᠯᠡᠯ ᠳᠤ ᠪᠦᠷ ᠬᠢᠷᠢ ᠲᠡᠩᠴᠡᠭᠰᠡᠨ᠃ | ᠰᠢᠯᠭᠠᠨ ᠪᠠᠶᠢᠴᠡᠭᠠᠬᠤ ᠪᠠᠷᠢᠮᠵᠢᠶ᠎ᠠ ᠶᠢ ᠦᠨᠳᠦᠰᠦᠯᠡᠪᠡᠯ᠄ GB/T5749-2006᠃ | | |