ᠮᠠᠨ ᠤ ᠤᠯᠤᠰ ᠡᠨᠡ ᠵᠢᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ ᠢ 3000 ᠨᠡᠮᠡᠭᠳᠡᠭᠦᠯᠬᠦ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2024/3/6
   ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠡᠨᠡ ᠵᠢᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ 3000᠂ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠢ 5000 ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠦᠢᠯᠡᠴᠢᠯᠡᠭᠡᠨ ᠤ ᠲᠣᠭᠤᠷᠢᠭ ᠲᠤ ᠬᠡᠲᠦ ᠲᠦᠷᠭᠡᠨ ᠴᠡᠨᠡᠭᠯᠡᠬᠦ᠂ ᠴᠢᠳᠠᠯ ᠶᠡᠬᠡᠲᠡᠢ ᠴᠠᠬᠢᠯᠭᠠᠨ ᠴᠡᠨᠡᠭᠯᠡᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠡᠳ᠋ ᠰᠠᠶᠢᠳ ᠸᠠᠩ ᠭᠠᠩ 29᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯᠲᠤ ᠬᠤᠷᠠᠯ ᠳᠡᠭᠡᠷ᠎ᠡ ᠲᠠᠨᠢᠯᠴᠠᠭᠤᠯᠪᠠ᠃    ᠸᠠᠩ ᠭᠠᠩ ᠬᠡᠯᠡᠬᠦ ᠳᠤ ᠪᠠᠨ᠂ ᠣᠶᠢᠷ᠎ᠠ ᠶᠢᠨ ᠵᠢᠯ ᠤᠳ ᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ 2023 ᠣᠨ ᠤ ᠡᠴᠦᠰ ᠪᠣᠯᠲᠠᠯ᠎ᠠ᠂ ᠨᠡᠶᠢᠲᠡ 2.1 ᠲᠦᠮᠡᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠭᠡᠵᠡᠢ᠃    ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠭᠠᠳᠠᠭᠰᠢ ᠭᠠᠷᠬᠤ ᠬᠦᠮᠦᠨ ᠤᠯᠠᠮ ᠠᠷᠪᠢᠳᠬᠤ ᠶᠢ ᠳᠠᠭᠠᠯᠳᠤᠨ᠂ ︽ᠲᠦᠷᠭᠡᠨ ᠤ ᠵᠠᠰᠠᠮᠠᠯ ᠵᠠᠮ ᠢᠶᠠᠷ ᠶᠠᠪᠤᠬᠤ ᠳᠤ ᠴᠠᠬᠢᠯᠭᠠᠨ ᠴᠡᠨᠡᠭᠯᠡᠬᠦ ᠳᠤ ᠬᠦᠴᠢᠷᠳᠡᠬᠦ︾᠎ ᠨᠢ ᠮᠠᠰᠢ ᠣᠯᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠵᠠᠢ᠃ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠪᠦᠬᠦ ᠤᠯᠤᠰ ᠤᠨ ᠲᠦᠷᠭᠡᠨ ᠤ ᠵᠠᠰᠠᠮᠠᠯ ᠵᠠᠮ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠳᠦᠷ ᠳᠤᠮᠳᠠᠴᠢ ᠶᠢᠨ ᠤᠷᠤᠰᠬᠠᠯ 593.92 ᠲᠦᠮᠡ ᠳᠤ ᠬᠦᠷᠴᠦ᠂ ᠡᠳᠦᠷ ᠳᠤᠮᠳᠠᠴᠢ ᠶᠢᠨ ᠶᠡᠷᠦᠩᠬᠡᠢ ᠤᠷᠤᠰᠬᠠᠯ ᠤᠨ ᠬᠡᠮᠵᠢᠶᠡᠨ ᠤ 10.04%᠎ ᠶᠢ ᠡᠵᠡᠯᠡᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ ᠮᠡᠳᠡᠭᠳᠡᠮ᠎ᠡ ᠨᠡᠮᠡᠭᠳᠡᠵᠡᠢ᠃    ᠸᠠᠩ ᠭᠠᠩ ᠢᠯᠡᠷᠬᠡᠶᠢᠯᠡᠬᠦ ᠳᠤ ᠪᠠᠨ᠂ ᠡᠨᠡ ᠵᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠡᠯ᠎ᠡ ᠭᠠᠵᠠᠷ ᠪᠠ ᠬᠠᠮᠢᠶ᠎ᠠ ᠪᠦᠬᠦᠢ ᠠᠵᠤ ᠠᠬᠤᠶᠢᠯᠠᠯ ᠤᠳ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠨᠢ ᠦᠷᠭᠦᠯᠵᠢᠯᠡᠨ ᠵᠢᠯᠤᠭᠤᠳᠴᠤ᠂ ᠪᠦᠲᠦᠭᠡᠨ ᠪᠠᠶᠢᠭᠤᠯᠤᠯᠲᠠ ᠪᠠᠨ ᠡᠷᠴᠢᠮᠵᠢᠭᠦᠯᠦᠨ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠪᠠᠶᠢᠷᠢᠯᠠᠭᠤᠯᠤᠯᠲᠠ ᠪᠠᠨ ᠨᠢᠭᠤᠴᠠᠯᠠᠵᠤ᠂ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠡᠭᠦᠨ ᠤ ᠬᠠᠮᠲᠤ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠠᠬᠢ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠴᠠᠭ ᠬᠤᠭᠤᠴᠠᠭᠠᠨ ᠳᠠᠬᠢ ᠲᠡᠷᠭᠡᠨ ᠤ ᠤᠷᠤᠰᠬᠠᠯ ᠤᠨ ᠣᠨᠴᠠᠯᠢᠭ ᠢ ᠦᠨᠳᠦᠰᠦᠯᠡᠨ᠂ ᠡᠯ᠎ᠡ ᠭᠠᠵᠠᠷ ᠤᠨ ᠴᠢᠭᠯᠡᠯᠲᠡ ᠴᠢᠨᠠᠷᠲᠠᠢ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠠᠩᠭᠠᠬᠤ ᠶᠢ ᠵᠢᠯᠣᠭᠤᠳᠤᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号