ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ – ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/3/6
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠴᠠᠭ ᠲᠣᠭᠢᠶᠠᠯ ᠢ ᠠᠮᠵᠢᠨ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ᠂ ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠷᠪᠡᠵᠦ ᠰᠣᠬᠤᠷ ᠪᠠᠯᠠᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃ ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠲᠣᠰ  ᠭᠠᠵᠠᠷ  ᠤᠨ  ᠡᠬᠢ  ᠪᠠᠶᠠᠯᠢᠭ  ᠤᠨ  ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢᠨ ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠪᠤᠯᠭᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    3 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ     ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠼᠦᠢ ᠲᠢᠶᠧ ᠵᠢᠶᠦ᠋ᠨ᠂ ᠭᠤᠤ ᠵᠢᠢ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠭᠡᠷᠡᠯᠴᠢ ᠴᠡᠨᠡᠭ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠦᠢᠯᠡᠴᠢᠯᠡᠬᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠢ ᠦᠭᠡ ᠬᠡᠯᠡᠪᠡ᠃ ᠰᠢ ᠶᠢᠨ ᠫᠢᠩ  ᠪᠠᠶᠢᠨ  ᠳᠠᠭᠢᠨ  ᠳᠤᠮᠳᠠ  ᠨᠢ  ᠦᠭᠡ ᠬᠡᠯᠡᠵᠦ᠂ ᠤᠯᠠᠨ ᠲᠠᠢ ᠶᠠᠷᠢᠯᠴᠠᠵᠤ ᠰᠣᠯᠢᠯᠴᠠᠪᠠ᠃     ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠵᠢᠶᠠᠩᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠤ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠬᠤᠯᠠ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃     ᠰᠢ ᠶᠢᠨ ᠫᠢᠩ᠂ ᠵᠢᠶᠠᠩᠰᠤ ᠶᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ ᠴᠢᠳᠠᠪᠤᠷᠢ ᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠨᠡ ᠬᠦ ᠭᠤᠣᠯᠳᠠᠯᠭ᠎ᠠ ᠶᠢ ᠲᠣᠪᠤᠶᠢᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠲᠣᠭᠤᠷᠢᠨ ᠳᠤ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠷᠬᠡ ᠲᠡᠭᠰᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠮᠵᠢᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ᠂ ᠰᠤᠷᠭᠠᠨ ᠬᠥᠮᠦᠵᠢᠯ ᠤᠨ ᠪᠠᠶᠢᠭᠤᠯᠤᠮᠵᠢ᠂ ᠴᠢᠳᠠᠪᠤᠷᠢᠲᠠᠨ ᠤ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠵᠢᠶᠠᠩᠰᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠨ ᠦᠢᠯᠡᠴᠢᠯᠡᠵᠦ᠂ ᠪᠤᠰᠤᠳ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ᠂ ᠣᠷᠣᠨ ᠪᠦᠰᠡ ᠴᠢᠨᠠᠭᠰᠢᠯᠠᠪᠠᠯ ᠪᠦᠭᠦ ᠤᠯᠤᠰ ᠤᠨ ᠬᠥᠭᠵᠢᠯᠲᠡ ᠳᠤ ᠦᠵᠡᠭᠦᠯᠭᠦ ᠠᠵᠤ ᠠᠬᠤᠢ ᠶᠢᠨ ᠲᠣᠮᠣ ᠮᠤᠵᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠰᠢ ᠶᠢᠨ ᠫᠢᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠪᠦᠭᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠦᠭᠦ ᠨᠠᠮ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ ᠬᠠᠮᠤᠭ ᠤᠨ ᠰᠡᠭᠦᠯ ᠳᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃     ᠮᠦ ᠬᠤᠩ᠂ ᠵᠢᠶᠠᠩ ᠰᠢᠨ ᡁᠢ ᠨᠠᠷ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号