ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠡᠢ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/3/6
   3 ᠰᠠᠷ᠎ᠠ ᠶᠢᠨ 5 ᠤ ᠦᠳᠡ ᠶᠢᠨ ᠬᠤᠶᠢᠨ᠎ᠠ᠂ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ ᠣᠷᠣᠯᠴᠠᠬᠰᠠᠨ ᠪᠥᠭᠡᠳ ᠦᠭᠡ ᠬᠡᠯᠡᠵᠡᠢ᠃    ᠵᠠᠩ ᠶᠠᠨ ᠺᠦᠨ ᠦᠭᠡ ᠬᠡᠯᠡᠬᠦ ᠳᠡᠭᠡᠨ᠂ ᠲᠡᠷᠢᠭᠦᠯᠡᠭᠴᠢ ᠸᠠᠩ ᠬᠤ᠋ ᠨᠢᠩ ᠤᠨ ᠬᠢᠭᠰᠡᠨ ᠮᠡᠳᠡᠭᠦᠯᠦᠯᠲᠡ ᠨᠢ ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠬᠦ ᠳᠡᠭᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠠᠭᠠᠨ ᠬᠠᠷᠠᠯᠲᠠ ᠲᠣᠳᠣᠷᠬᠠᠢ᠂ ᠭᠤᠣᠯᠳᠠᠯᠭ᠎ᠠ ᠲᠣᠪᠤᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ᠃    ᠵᠠᠩ ᠶᠠᠨ ᠺᠦᠨ᠂ ᠥᠩᠭᠡᠷᠡᠭᠰᠡᠨ ᠨᠢᠭᠡ ᠵᠢᠯ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠠᠵᠢᠯ ᠪᠠ ᠶᠡᠭᠡ ᠲᠠᠯ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠨᠢᠭᠡᠳᠦᠮᠡᠯ ᠹᠷᠣᠨᠲ ᠤᠨ ᠦᠢᠯᠡᠳᠦᠯ ᠴᠢᠳᠠᠮᠵᠢ ᠶᠢᠨ ᠠᠮᠢᠳᠤᠯᠢᠭ ᠦᠢᠯᠡᠳᠦᠯᠭᠡ ᠶᠢ ᠨᠠᠩ ᠳᠣᠪᠤᠶᠢᠯᠭᠠᠵᠤ᠂ ᠪᠠᠶᠢᠭᠤᠯᠤᠯ ᠲᠣᠭᠲᠠᠴᠠ ᠶᠢᠨ ᠬᠦᠴᠦᠷᠬᠡᠭ ᠶᠡᠭᠡ ᠦᠷ᠎ᠡ ᠠᠰᠢᠭ ᠢ ᠬᠦᠴᠦᠲᠡᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ︽ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠵᠤ᠂ ᠣᠷᠣᠨ ᠨᠤᠲᠤᠭ ᠤᠨ ᠤᠯᠤᠰ ᠲᠥᠷᠥ ᠶᠢᠨ ᠵᠥᠪᠯᠡᠯᠭᠡᠨ ᠳᠤ ᠬᠡᠪ ᠳᠦᠷᠢᠮ ᠪᠣᠯᠵᠤ᠂ ᠥᠯᠢᠭᠡᠷ ᠳᠠᠭᠤᠷᠢᠶᠠᠯ ᠦᠵᠡᠭᠦᠯᠪᠡ︔ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠳᠤ᠂ ︽ᠭᠤᠷᠪᠠᠨ ᠶᠡᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠥᠯᠥᠪᠯᠡᠭᠡ︾ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠴᠢᠬᠤᠯᠠ ᠵᠢᠯᠣᠭᠤᠳᠤᠮᠵᠢ ᠬᠠᠩᠭᠠᠵᠠᠢ ᠭᠡᠪᠡ᠃    ᠭᠡᠰᠢᠭᠦᠳ ᠦᠭᠡ ᠬᠡᠯᠡᠬᠦ ᠳᠡᠭᠡᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠨᠢ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠡᠭᠢᠯᠡᠯᠲᠡ ᠶᠢᠨ ᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠡᠨᠡ ᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠪᠠ᠂ ᠥᠪᠥᠷ ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠯᠠᠪᠲᠠᠢ ᠬᠤᠶᠠᠷ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃    ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ ᠤᠨ ᠪᠠᠶᠢᠭ᠎ᠠ ᠳᠤᠭᠤᠶᠢᠯᠠᠩ ᠤᠨ ᠬᠢᠨᠠᠨ ᠵᠥᠪᠯᠡᠬᠦ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号