︽ᠠᠨᠠᠷ ᠤᠨ ᠴᠡᠴᠡᠭ ᠳᠡᠯᠭᠡᠷᠡᠵᠦ ᠪᠦᠰᠡᠬᠦᠢ ᠶᠢᠨ ᠵᠢᠪᠬᠤᠭ᠎ᠠ ᠪᠠᠳᠠᠷᠠᠭᠰᠠᠨ ᠰᠠᠶᠢᠨ ᠳᠤᠷ᠎ᠠ ᠶᠢᠨ ᠦᠢᠯᠡᠴᠢᠯᠡᠭᠡ ᠰᠡᠳᠬᠢᠯ ᠳᠤᠯᠠᠭᠠᠯᠠᠨᠠᠮ︾ ᠳᠡᠯᠡᠭᠡᠢ ᠶᠢᠨ ᠡᠮᠡᠭᠳᠡᠶᠢᠴᠦᠳ ᠤᠨ ᠪᠠᠶᠠᠷ ᠢ ᠪᠡᠯᠭᠡᠯᠡᠬᠦ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/3/8
     3 ᠰᠠᠷ᠎ᠠ ᠶᠢᠨ 7᠎ ᠤ ᠡᠳᠦᠷ᠂ 114᠎ ᠳᠠᠬᠢ ︽3 · 8︾᠎ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ︽ᠠᠨᠠᠷ ᠤᠨ ᠴᠡᠴᠡᠭ ᠳᠡᠯᠭᠡᠷᠡᠵᠦ ᠪᠦᠰᠡᠬᠦᠢ ᠶᠢᠨ ᠵᠢᠪᠬᠤᠭ᠎ᠠ ᠪᠠᠳᠠᠷᠠᠭᠰᠠᠨ ᠰᠠᠶᠢᠨ ᠳᠤᠷ᠎ᠠ ᠶᠢᠨ ᠦᠢᠯᠡᠴᠢᠯᠡᠭᠡ ᠰᠡᠳᠬᠢᠯ ᠳᠤᠯᠠᠭᠠᠯᠠᠨᠠᠮ︾ ᠳᠡᠯᠡᠭᠡᠢ ᠶᠢᠨ ᠡᠮᠡᠭᠳᠡᠶᠢᠴᠦᠳ ᠤᠨ ᠪᠠᠶᠠᠷ ᠢ ᠪᠡᠯᠭᠡᠯᠡᠬᠦ ᠰᠢᠨ᠎ᠡ ᠴᠠᠭ ᠦᠶ᠎ᠡ ᠎ ᠶᠢᠨ ᠪᠤᠯᠪᠠᠰᠤᠨ ᠦᠢᠯᠡᠳᠦᠯᠬᠡ ᠶᠢᠨ ᠠᠵᠢᠯᠯᠠᠭ᠎ᠠ ᠦᠷᠨᠢᠬᠦᠯᠵᠡᠢ᠃      ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠠᠵᠢᠯ ᠲᠦᠷᠦᠯ ᠠᠴᠠ ᠢᠷᠡᠭᠰᠡᠨ ᠡᠮᠡᠭᠲᠡᠶᠢᠴᠦᠳ  ︽ᠤᠯᠠᠭᠠᠨ ᠪᠣᠭᠴᠣ︾ ᠦᠭᠡ ᠦᠯᠡᠳᠡᠭᠡᠬᠦ ᠠᠵᠢᠯᠯᠠᠭ᠎ᠠ ᠳᠤ ᠢᠳᠡᠪᠬᠢᠯᠡᠨ ᠤᠷᠤᠯᠴᠠᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠠᠵᠢᠯ ᠦᠢᠯᠡᠰ ᠤᠨ ᠬᠠᠷᠠᠯᠳᠠ  ᠎ ᠪᠠᠨ ᠪᠢᠴᠢᠵᠦ ᠦᠯᠡᠳᠡᠭᠡᠨ᠂ ᠢᠷᠡᠭᠡᠳᠦᠢ ᠶᠢᠨ ᠰᠠᠶᠢᠬᠠᠨ ᠢᠶᠠᠨ ᠵᠦᠩᠨᠡᠯ᠎ᠡ᠃      ︽ ᠵᠢᠵᠢᠭᠭᠡᠨ ᠬᠦᠰᠡᠯ︾᠎ ᠢ ᠨᠢ ᠪᠡᠶᠡᠯᠡᠬᠦᠯᠵᠦ ᠦᠭᠭᠦ ᠠᠵᠢᠯᠯᠠᠭ᠎ᠠ ᠳᠤ᠂ ᠬᠠᠯᠠᠭᠤᠨ ᠰᠡᠳᠬᠢᠯᠳᠦ ᠤᠯᠠᠨ ᠲᠦᠮᠡᠨ ᠢᠳᠡᠪᠬᠢᠯᠡᠨ ᠨᠡᠷ᠎ᠡ ᠮᠡᠳᠡᠬᠦᠯᠵᠦ᠂ ᠨᠡᠶᠢᠬᠡᠮ ᠨᠡᠶᠢᠳᠡ ᠶᠢᠨ ᠬᠠᠯᠠᠭᠤᠨ ᠳᠤᠯᠠᠭᠠᠨ ᠠᠭᠤᠷ ᠠᠮᠢᠰᠬᠤᠯ ᠪᠢᠯᠬᠠᠭᠰᠠᠨ ᠦᠪᠡᠷᠮᠢᠴᠡ ᠠᠵᠢᠯᠯᠠᠭ᠎ᠠ ᠪᠤᠯᠤᠯ᠎ᠠ᠃ ᠳᠠᠷᠠᠭᠠᠴᠢ ᠶᠢᠨ ᠠᠯᠬᠤᠮ ᠳᠤ ᠠᠮᠢᠳᠤᠷᠠᠯ ᠬᠦᠴᠢᠷᠳᠡᠯᠳᠡᠢ ᠬᠡᠦᠬᠡᠳ ᠪᠠᠭᠠᠴᠤᠳ ᠤᠨ ᠬᠦᠰᠡᠯ ᠢ ᠬᠤᠷᠢᠶᠠᠨ ᠴᠤᠭᠯᠠᠭᠤᠯᠵᠤ᠂ ᠨᠡᠷ᠎ᠡ ᠮᠡᠳᠡᠭᠦᠯᠦᠭᠰᠡᠨ ᠡᠳᠡᠭᠡᠷ ᠬᠠᠯᠠᠭᠤᠨ ᠰᠡᠳᠬᠢᠯᠳᠦ ᠠᠨᠢᠶ᠎ᠠ ᠨᠠᠷ ᠨᠢ  ︽ᠵᠢᠵᠢᠭᠭᠡᠨ ᠬᠦᠰᠡᠯ︾᠎ ᠢ ᠨᠢ ᠪᠡᠶᠡᠯᠡᠬᠦᠯᠵᠦ ᠦᠭᠭᠦ ᠪᠤᠯᠤᠨ᠎ᠠ᠃      ᠳᠤᠬᠠᠢ ᠶᠢᠨ ᠳᠠᠯᠠᠪᠠᠢ ᠳᠤ ᠬᠦᠷᠦᠭᠰᠡᠨ ᠪᠦᠰᠡᠬᠦᠶᠢᠴᠦᠳ ᠬᠦᠮᠦᠨ ᠪᠦᠷᠢ  ᠪᠠᠶᠠᠷ ᠤᠨ ᠡᠳᠦᠷ ᠤᠨ ᠰᠤᠷᠭᠤᠭ ᠴᠡᠴᠡᠭ ᠭᠠᠷᠳᠠᠨ᠂  ᠭᠤᠶᠢᠳᠠ ᠰᠠᠶᠢᠬᠠᠨ ᠴᠢᠮᠡᠭᠯᠡᠭᠰᠡᠨ ᠠᠵᠢᠯᠯᠠᠭᠠᠨ ᠤ ᠳᠠᠯᠠᠪᠠᠢ ᠳᠤ ᠵᠢᠷᠤᠭ ᠰᠡᠭᠦᠳᠡᠷ ᠳᠠᠳᠠᠭᠤᠯᠤᠨ ᠂ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠳᠡᠮᠳᠡᠭᠯᠡᠵᠡᠭᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号